ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 4 ᠳ᠋ᠦ᠋ᠭᠡᠷ ᠤᠳᠠᠭ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/29
     3 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 4 ᠳ᠋ᠦ᠋ᠭᠡᠷ ᠤᠳᠠᠭ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︽ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ ᠰᠠᠨᠠᠯ︾ ᠢ ᠤᠯᠠᠮᠵᠢᠯᠠᠨ ᠰᠤᠷᠤᠯᠴᠠᠪᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ︾ ᠶᠢᠨ ᠭᠤᠣᠯ ᠠᠭᠤᠯᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠠᠮᠢ ᠠᠬᠤᠢ ᠣᠷᠴᠢᠨ ᠲᠣᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠪᠠᠶᠢᠭᠠᠯᠢ ᠶᠢᠨ ᠵᠢᠮ᠎ᠡ ᠶᠣᠰᠣ ᠪᠠ ᠣᠷᠣᠨ ᠪᠦᠰᠡ ᠶᠢᠨ ᠵᠥᠷᠢᠶ᠎ᠡ ᠶᠢ ᠭᠦᠢᠴᠡᠳ ᠬᠦᠨᠳᠦᠳᠬᠡᠵᠦ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠ ᠬᠡᠷᠡᠭᠴᠡᠭᠡ ᠶᠢᠨ ᠵᠠᠬᠢᠷᠤᠨ ᠬᠠᠮᠢᠶᠠᠷᠤᠯᠲᠠ ᠶᠢ ᠭᠦᠢᠴᠡᠳ ᠵᠣᠯᠭᠠᠭᠤᠯᠵᠤ᠂ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠴᠢᠨᠠᠷ ᠰᠠᠶᠢᠲᠠᠢ ᠠᠮᠢᠳᠤᠷᠠᠯ ᠢ ᠡᠭᠦᠳᠦᠨ ᠪᠦᠲᠦᠭᠡᠵᠦ᠂ ᠬᠥᠮᠥᠨ ᠬᠢᠭᠡᠳ ᠪᠠᠶᠢᠭᠠᠯᠢ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ︾ ᠳᠤ ᠢᠯᠡ ᠲᠣᠳᠣᠷᠬᠠᠢ ᠤᠯᠤᠰ ᠲᠥᠷᠥ ᠶᠢᠨ ᠵᠣᠭᠰᠣᠯᠲᠠ ᠶᠢ ᠳᠣᠪᠤᠶᠢᠯᠭᠠᠵᠤ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠢᠯᠡᠳᠦᠯᠭᠡᠵᠢᠭᠦᠯᠵᠦ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠦᠨᠳᠦᠰᠦᠨ ᠬᠠᠤᠯᠢ ᠪᠣᠯᠣᠨ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠥᠷᠥ ᠶᠢᠨ ᠶᠠᠪᠤᠳᠠᠯ ᠤᠨ ᠬᠤᠷᠢᠶᠠᠨ ᠤ ᠵᠣᠬᠢᠶᠠᠨ ᠪᠠᠶᠢᠭᠤᠯᠬᠤ ᠬᠠᠤᠯᠢ ᠶᠢᠨ ᠲᠣᠭᠲᠠᠭᠠᠯ ᠢ ᠴᠢᠩᠭ᠎ᠠ ᠵᠢᠷᠤᠮᠯᠠᠨ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠦᠢᠯᠡᠳᠦᠯᠭᠡᠵᠢᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠬᠠᠤᠯᠢᠵᠢᠯ ᠤᠨ ᠵᠠᠰᠠᠭ ᠤᠨ ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠵᠤ᠂ ᠦᠴᠦᠸᠠᠨ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号