ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/29
     3 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ︽ᠥᠷᠢ ᠥᠭᠴᠡᠭᠡ ᠶᠢᠨ ᠠᠵᠢᠯ ᠤᠨ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠱᠠᠭᠠᠷᠳᠠᠯᠭ᠎ᠠ︾ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠤᠯᠠᠮᠵᠢᠯᠠᠨ ᠰᠤᠷᠤᠯᠴᠠᠭᠰᠠᠨ ᠪᠥᠭᠡᠳ ᠮᠠᠨ ᠤ ᠰᠢᠶᠠᠨ ᠤ ᠥᠷᠢ ᠥᠭᠴᠡᠭᠡ ᠶᠢ ᠠᠷᠢᠯᠭᠠᠭᠰᠠᠨ ᠪᠠᠶᠢᠳᠠᠯ ᠢ ᠮᠡᠳᠡᠭᠳᠡᠪᠡ᠃ ︽ᠦᠴᠦᠸᠠᠨ ᠰᠢᠶᠠᠨ ᠤ ︿1+9+N﹀ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠤᠨ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠥᠷᠢ ᠥᠭᠴᠡᠭᠡᠨ ᠤ ᠬᠠᠮᠢᠶᠠᠷᠤᠯᠲᠠ ᠪᠠᠨ ᠴᠢᠩᠭᠠᠳᠬᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠦᠬᠦᠢ ᠳᠠᠯᠳᠠ ᠥᠭᠴᠡᠭᠡ ᠶᠢᠨ ᠬᠠᠮᠢᠶᠠᠷᠤᠯᠲᠠ ᠶᠢᠨ ᠲᠠᠯ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠲᠠᠯᠳᠠ ᠥᠭᠴᠡᠭᠡ ᠶᠢᠨ ᠲᠦᠭᠰᠢᠭᠦᠷᠢ ᠶᠢ ᠠᠷᠢᠯᠭᠠᠬᠤ ᠠᠵᠢᠯ ᠢ ᠪᠣᠳᠠᠲᠠᠢ ᠪᠠᠷ ᠠᠳᠬᠤᠵᠤ᠂ ᠲᠠᠯᠳᠠ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠡᠷᠡᠰ ᠬᠤᠷᠢᠭᠯᠠᠵᠤ᠂ ᠰᠠᠯᠠᠭ᠎ᠠ ᠮᠥᠴᠢᠷ ᠤᠨ ᠥᠷᠢ ᠥᠭᠴᠡᠭᠡ ᠶᠢ ᠲᠥᠯᠥᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠥᠷᠢ ᠥᠭᠴᠡᠭᠡ ᠶᠢ ᠲᠥᠯᠥᠬᠦ ᠪᠡᠯᠡ ᠮᠥᠩᠭᠦ ᠶᠢ ᠤᠯᠠᠨ ᠠᠷᠭ᠎ᠠ ᠵᠠᠮ ᠢᠶᠠᠷ ᠴᠤᠭᠯᠠᠭᠤᠯᠵᠤ᠂ ᠲᠠᠯᠳᠠ ᠥᠭᠴᠡᠭᠡ ᠶᠢᠨ ᠬᠠᠳᠠᠭᠠᠯᠠᠯᠲᠠ ᠶᠢ ᠯᠠᠪᠳᠠᠭᠤᠨ ᠢᠶᠠᠷ ᠠᠷᠢᠯᠭᠠᠵᠤ᠂ ᠥᠷᠢ ᠥᠭᠴᠡᠭᠡ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠷᠢ ᠥᠭᠴᠡᠭᠡ ᠶᠢ ᠠᠷᠢᠯᠭᠠᠬᠤ ᠶᠢ ᠤᠯᠤᠰ ᠲᠦᠷᠤ ᠶᠢᠨ ᠡᠭᠦᠷᠭᠡ ᠪᠣᠯᠭᠠᠵᠤ᠂ ᠥᠷᠢ ᠥᠭᠴᠡᠭᠡ ᠶᠢᠨ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠵᠤ᠂ ᠥᠷᠢ ᠥᠭᠴᠡᠭᠡ ᠶᠢ ᠠᠷᠢᠯᠭᠠᠬᠤ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠲᠦᠷᠤᠯ ᠵᠦᠢᠯ ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ︽ᠭᠠᠮᠨᠠᠨ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠡᠩ ᠤᠨ ᠴᠢᠨᠠᠷᠲᠠᠢ ᠵᠠᠷᠤᠯᠭ᠎ᠠ ᠵᠢᠴᠢ ᠭᠤᠣᠯᠳᠠᠯᠭ᠎ᠠ ᠲᠠᠢ ᠪᠤᠰᠤ ᠲᠦᠷᠤᠯ ᠵᠦᠢᠯ ᠤᠨ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠲᠦᠷᠤᠯ ᠵᠦᠢᠯ ᠢ ᠡᠷᠬᠡᠪᠰᠢ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠰᠤᠳᠤᠯᠤᠨ ᠬᠢᠨᠠᠨ ᠶᠠᠷᠢᠯᠴᠠᠭᠤᠯᠤᠭᠰᠠᠨ ᠤ ᠲᠠᠷᠠᠭ᠎ᠠ ᠰᠠᠶ᠋ᠢ ᠬᠡᠷᠡᠭᠵᠢᠭᠦᠯᠵᠦ ᠪᠣᠯᠣᠨ᠎ᠠ᠃      ᠬᠤᠷᠠᠯ ᠠᠴᠠ ᠱᠠᠭᠠᠷᠳᠠᠭᠰᠠᠨ ᠨᠢ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠷ ᠲᠦᠷᠦᠭᠦᠯᠡᠭᠦᠯᠦᠨ᠂ ᠰᠢᠶᠠᠨ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠵᠤ᠂ ᠨᠢᠭᠡᠳᠦᠯᠲᠡᠢ ᠵᠢᠯᠣᠭᠤᠳᠤᠭᠰᠠᠨ᠂ ᠲᠤᠰᠬᠠᠢ ᠪᠠᠶᠢᠩᠭᠤ ᠶᠢ ᠬᠤᠣᠰᠯᠠᠭᠤᠯᠤᠭᠰᠠᠨ᠂ ᠲᠤᠰᠬᠠᠯ ᠰᠣᠷᠭᠤᠭ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠭᠰᠡᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠯᠳᠦᠭᠦᠯᠬᠦ ᠬᠡᠷᠡᠭᠲᠡᠢ᠃ ᠲᠥᠪᠯᠡᠷᠡᠭᠦᠯᠦᠨ ᠪᠣᠯᠪᠠᠰᠤᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠶᠡᠷᠦᠩᠬᠡᠶᠢᠯᠡᠨ ᠠᠪᠤᠷᠠᠨ ᠲᠤᠰᠠᠯᠠᠬᠤ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠨᠡᠮᠡᠭᠳᠡᠭᠦᠯᠦᠨ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠬᠤ ᠪᠣᠳᠠᠲᠤ ᠪᠠᠶᠢᠯᠳᠤᠭᠠᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠪᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号