︽2024 ᠣᠨ ᠤ ᠵᠡᠮᠳᠡᠭᠴᠦᠳ ᠤᠨ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠬᠢᠨᠠᠨ ᠬᠠᠷᠭᠤᠭᠤᠯᠵᠤ ᠲᠠᠲᠠᠪᠤᠷᠢᠯᠠᠨ ᠲᠤᠰᠢᠶᠠᠬᠤ ᠠᠵᠢᠯ︾ ᠢ ᠰᠠᠶᠢᠲᠤᠷ ᠬᠢᠬᠦ ᠲᠤᠬᠠᠢ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/3/29
ᠰᠢᠶᠠᠨ ᠤ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ᠂ ᠣᠯᠠᠨ ᠲᠦᠮᠡᠨ ᠤ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠳᠤ᠄    ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠲᠠᠲᠠᠪᠤᠷᠢᠯᠠᠨ ᠬᠡᠷᠡᠭᠯᠡᠬᠦ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠵᠢᠴᠢ ︽︿ᠵᠡᠮᠳᠡᠭᠴᠦᠳ ᠤᠨ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢᠨ ᠳᠦᠷᠢᠮ ᠢ ᠲᠡᠭᠦᠯᠳᠡᠷᠵᠢᠭᠦᠯᠦᠨ ᠵᠡᠮᠳᠡᠭᠴᠦᠳ ᠤᠨ ᠠᠵᠢᠯ ᠣᠯᠭᠤᠯᠲᠠ ᠶᠢ ᠨᠠᠩ ᠰᠠᠶᠢᠲᠤᠷ ᠠᠬᠢᠭᠤᠯᠬᠤ ᠶᠡᠷᠦᠩᠬᠡᠢ ᠲᠥᠰᠥᠯ﹀ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠰᠠᠨᠠᠯ︾ ︵ᠥᠪᠥᠷ ᠵᠡᠮᠳᠡᠭᠴᠦᠳ ᠬᠤᠯᠪᠣᠭ᠎ᠠ ᠲᠠᠷᠬᠠᠭᠠᠭᠰᠠᠨ ﹇2021﹈ 10 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠮᠠᠨ ᠤ ᠰᠢᠶᠠᠨ ᠤ 2024 ᠣᠨ ᠤ ᠵᠡᠮᠳᠡᠭᠴᠦᠳ ᠤᠨ ᠠᠵᠢᠯ ᠣᠯᠭᠤᠬᠤ ᠪᠠᠲᠤᠯᠠᠭ᠎ᠠ ᠶᠢᠨ ᠮᠥᠩᠭᠦ ︵ᠳᠣᠷᠣᠭᠰᠢ ︽ᠪᠠᠲᠤᠯᠠᠭ᠎ᠠ ᠶᠢᠨ ᠮᠥᠩᠭᠦ︾ ᠭᠡᠵᠦ ᠲᠣᠪᠴᠢᠯᠠᠨ᠎ᠠ︶ ᠶᠢ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠵᠢᠴᠢ ᠲᠠᠲᠠᠪᠤᠷᠢᠯᠠᠨ ᠲᠤᠰᠢᠶᠠᠬᠤ ᠠᠵᠢᠯ ᠤᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄    ᠨᠢᠭᠡ᠂ ᠲᠠᠲᠠᠪᠤᠷᠢᠯᠠᠨ ᠲᠤᠰᠢᠶᠠᠬᠤ ᠨᠣᠲᠠᠯᠠᠨ ᠲᠣᠭᠲᠠᠭᠠᠬᠤ ᠡᠲᠡᠭᠡᠳ    ᠦᠴᠦᠸᠠᠨ ᠰᠢᠶᠠᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠵᠠᠰᠠᠭ ᠵᠠᠬᠢᠷᠭᠠᠨ ᠤ ᠪᠠᠶᠢᠭᠤᠯᠭ᠎ᠠ᠂ ᠣᠯᠠᠨ ᠲᠦᠮᠡᠨ ᠤ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠣᠯᠣᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ︵ᠬᠥᠮᠥᠨ ᠬᠡᠷᠡᠭᠯᠡᠬᠦ ᠨᠢᠭᠡᠴᠢ ᠭᠡᠵᠦ ᠲᠣᠪᠴᠢᠯᠠᠨ᠎ᠠ︶᠂ ᠬᠥᠮᠥᠨ ᠬᠡᠷᠡᠭᠯᠡᠬᠦ ᠨᠢᠭᠡᠴᠢ ᠲᠣᠰ ᠨᠢᠭᠡᠴᠢ ᠶᠢᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠶᠡᠷᠦᠩᠬᠡᠢ ᠲᠤᠭ᠎ᠠ ᠶᠢᠨ          1.5% ᠶᠢᠨ ᠬᠠᠷᠢᠴᠠᠯ ᠢᠶᠠᠷ ᠵᠡᠮᠳᠡᠭᠴᠦᠳ ᠢ ᠲᠣᠬᠢᠷᠠᠭᠤᠯᠤᠨ ᠠᠵᠢᠯ ᠣᠯᠭᠤᠭᠰᠠᠨ ᠦᠭᠡᠢ ᠪᠠᠶᠢᠪᠠᠯ᠂ ᠵᠡᠮᠳᠡᠭᠴᠦᠳ ᠤᠨ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠲᠤᠰᠢᠶᠠᠵᠤ᠂ ᠪᠠᠲᠤᠯᠠᠭ᠎ᠠ ᠶᠢᠨ ᠮᠥᠩᠭᠦ ᠶᠢ ᠬᠠᠷᠢᠶ᠎ᠠ ᠭᠠᠵᠠᠷ ᠤᠨ ᠵᠠᠷᠴᠢᠮ ᠶᠣᠰᠣᠭᠠᠷ ᠲᠤᠰᠢᠶᠠᠬᠤ ᠬᠡᠷᠡᠭᠲᠡᠢ ︵ᠰᠢᠭᠤᠳ ᠬᠠᠮᠢᠶᠠᠷᠤᠯᠲᠠ ᠶᠢᠨ ᠨᠢᠭᠡᠴᠢ ᠶᠢ ᠪᠠᠭᠲᠠᠭᠠᠨ᠎ᠠ︶᠂ ᠬᠥᠮᠥᠨ ᠬᠡᠷᠡᠭᠯᠡᠬᠦ ᠨᠢᠭᠡᠴᠢ ᠠᠴᠠ ᠪᠠᠶᠢᠭ᠎ᠠ ᠭᠠᠵᠠᠷ ᠤᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠣᠴᠢᠵᠤ ᠲᠤᠰᠢᠶᠠᠨ᠎ᠠ᠃    ᠬᠤᠶᠠᠷ᠂ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠵᠢᠴᠢ ᠲᠠᠲᠠᠪᠤᠷᠢᠯᠠᠨ ᠲᠤᠰᠢᠶᠠᠬᠤ ᠴᠠᠭ ᠬᠤᠭᠤᠴᠠᠭ᠎ᠠ    ᠵᠡᠮᠳᠡᠭᠴᠦᠳ ᠤᠨ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠬᠢᠨᠠᠨ ᠬᠠᠷᠭᠤᠭᠤᠯᠬᠤ ᠠᠵᠢᠯ ᠢ 2024 ᠣᠨ ᠤ 3 ᠰᠠᠷ᠎ᠠ ᠠᠴᠠ ᠡᠬᠢᠯᠡᠭᠦᠯᠦᠨ᠎ᠡ᠃ ᠵᠡᠮᠳᠡᠭᠴᠦᠳ ᠲᠤ ᠠᠵᠢᠯ ᠣᠯᠭᠤᠭᠠᠳᠤᠢ ᠬᠥᠮᠥᠨ ᠬᠡᠷᠡᠭᠯᠡᠬᠦ ᠨᠢᠭᠡᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠤᠶᠤ ᠲᠤᠬᠠᠢ ᠶᠢᠨ ᠭᠠᠵᠠᠷ ᠤᠨ ᠭᠠᠶᠢᠯᠢ ᠶᠢᠨ ᠶᠠᠪᠤᠳᠠᠯ ᠤᠨ ᠭᠤᠣᠯᠴᠢᠯᠠᠨ ᠬᠠᠮᠢᠶᠠᠷᠬᠤ ᠪᠠᠶᠢᠭᠤᠯᠤᠯᠭ᠎ᠠ ᠳᠤ ᠬᠦᠷᠴᠦ ᠰᠦᠢᠳᠬᠡᠯ ᠲᠤᠰᠢᠶᠠᠬᠤ ᠪᠠᠨ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠦᠨ᠎ᠡ᠃    ᠵᠡᠮᠳᠡᠭ ᠠᠵᠢᠯᠲᠠᠨ ᠠᠵᠢᠯᠴᠢᠨ ᠢ ᠨᠢᠭᠡᠨᠲᠡ ᠲᠥᠪᠬᠢᠨᠡᠭᠦᠯᠦᠭᠰᠡᠨ ᠬᠥᠮᠥᠨ ᠬᠡᠷᠡᠭᠯᠡᠬᠦ ᠨᠢᠭᠡᠴᠢ ᠳᠣᠣᠷᠠᠬᠢ ᠬᠤᠶᠠᠷ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠮᠡᠳᠡᠭᠦᠯᠦᠨ᠎ᠡ᠄    1. ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ︵ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︶᠄ ᠬᠥᠮᠥᠨ ᠬᠡᠷᠡᠭᠯᠡᠬᠦ ᠨᠢᠭᠡᠴᠢ PC ᠦᠵᠦᠭᠦᠷ ᠢᠶᠠᠷ ᠬᠠᠤᠯᠢ ᠶᠢᠨ ᠡᠷᠬᠡᠲᠡᠨ ᠤ ᠲᠠᠩᠰᠠ ᠶᠢᠨ ᠨᠣᠮᠧᠷ ᠢ ᠬᠡᠷᠡᠭᠯᠡᠨ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ ︵https://zw.nmg.gov.cn/︶ ᠳᠤ ᠣᠷᠣᠵᠤ᠂ ᠭᠠᠶᠢᠯᠢ ᠶᠢᠨ ᠶᠠᠪᠤᠳᠠᠯ ᠢ ᠳᠡᠩᠰᠡᠯᠡᠨ ᠲᠡᠮᠳᠡᠭᠯᠡᠭᠰᠡᠨ ᠭᠠᠵᠠᠷ ᠤᠨ ᠵᠠᠰᠠᠭ ᠵᠠᠬᠢᠷᠭᠠᠨ ᠤ ᠣᠷᠣᠨ ᠢ ᠰᠣᠩᠭᠤᠵᠤ᠂ ︽ᠪᠥᠬᠦ ᠤᠯᠤᠰ ᠤᠨ ᠵᠡᠮᠳᠡᠭᠴᠦᠳ ᠤᠨ ᠬᠠᠷᠢᠴᠠᠯ ᠢᠶᠠᠷ ᠠᠵᠢᠯ ᠣᠯᠭᠤᠯᠲᠠ ᠶᠢᠨ ᠪᠠᠶᠢᠳᠠᠯ ᠤᠨ ᠰᠦᠯᠵᠢᠶᠡᠨ ᠤ ᠭᠡᠷᠡᠴᠢᠯᠡᠭᠡ ᠬᠢᠬᠦ︾ ᠵᠦᠢᠯᠡᠰ ᠢ ᠡᠷᠢᠵᠦ᠂ ᠦᠢᠯᠡᠴᠢᠯᠡᠭᠡᠨ ᠤ ᠵᠦᠢᠯᠡᠰ ᠲᠤ ᠣᠷᠣᠵᠤ᠂ ︽ᠰᠦᠯᠵᠢᠶᠡᠨ ᠳᠡᠭᠡᠷ᠎ᠡ ᠭᠦᠢᠴᠡᠳᠬᠡᠬᠦ︾ - ︽ᠪᠢ ᠭᠤᠶᠤᠴᠢᠯᠠᠨ ᠮᠡᠳᠡᠭᠦᠯᠬᠦ︾ ᠶᠢ ᠲᠣᠳᠣᠯᠠᠵᠤ᠂ ᠰᠦᠯᠵᠢᠶᠡᠨ ᠳᠡᠭᠡᠷ᠎ᠡ ᠥᠪᠡᠰᠦᠪᠡᠨ ᠭᠦᠢᠴᠡᠳᠬᠡᠨ᠎ᠡ᠃    2. ᠴᠣᠩᠬᠤᠪᠴᠢ ᠪᠠᠷ ᠭᠦᠢᠴᠡᠳᠬᠡᠬᠦ ︵ᠲᠤᠬᠠᠢ ᠶᠢᠨ ᠲᠠᠯᠠᠪᠤᠷ ᠲᠤ ᠭᠦᠢᠴᠡᠳᠬᠡᠬᠦ︶᠄ ᠬᠥᠮᠥᠨ ᠬᠡᠷᠡᠭᠯᠡᠬᠦ ᠨᠢᠭᠡᠴᠢ ᠬᠢᠨᠠᠨ ᠬᠠᠷᠭᠤᠭᠤᠯᠵᠤ ᠭᠡᠷᠡᠴᠢᠯᠡᠬᠦ ᠮᠠᠲ᠋ᠧᠷᠢᠶᠠᠯ ᠢᠶᠠᠨ ᠠᠪᠴᠤ ᠭᠠᠶᠢᠯᠢ ᠶᠢᠨ ᠶᠠᠪᠤᠳᠠᠯ ᠤᠨ ᠳᠠᠩᠰᠠᠯᠠᠯᠲᠠ ᠶᠢᠨ ᠪᠠᠶᠢᠭ᠎ᠠ ᠭᠠᠵᠠᠷ ᠤᠨ ᠵᠡᠮᠳᠡᠭᠴᠦᠳ ᠤᠨ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠬᠦᠷᠴᠦ ᠬᠢᠨᠠᠨ ᠬᠠᠷᠭᠤᠭᠤᠯᠵᠤ ᠭᠡᠷᠡᠴᠢᠯᠡᠨ᠎ᠡ᠃    ᠴᠣᠩᠬᠤᠪᠴᠢ ᠪᠠᠷ ᠭᠦᠢᠴᠡᠳᠬᠡᠬᠦ ᠳᠤ ᠡᠷᠬᠡᠪᠰᠢ ᠴᠠᠭᠠᠰᠤᠨ ᠮᠠᠲ᠋ᠧᠷᠢᠶᠠᠯ ᠬᠠᠩᠭᠠᠬᠤ ᠬᠡᠷᠡᠭᠲᠡᠢ᠄    ︵1︶ ᠬᠥᠮᠥᠨ ᠬᠡᠷᠡᠭᠯᠡᠬᠦ ᠨᠢᠭᠡᠴᠢ ᠶᠢᠨ ᠡᠵᠡᠩᠨᠡᠯᠲᠡ ᠶᠢᠨ ᠦᠨᠡᠮᠯᠡᠯ ᠪᠤᠶᠤ ᠬᠠᠤᠯᠢ ᠶᠢᠨ ᠬᠥᠮᠥᠨ ᠤ ᠦᠨᠡᠮᠯᠡᠯ ︵ᠬᠠᠭᠤᠯᠪᠤᠷᠢ ᠳᠡᠪᠲᠡᠷ ᠤᠨ ᠪᠠᠭᠤᠯᠭᠠᠪᠤᠷᠢ 1 ᠬᠤᠪᠢ︶    ︵2︶ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠥᠨ ᠤ ᠦᠨᠡᠮᠯᠡᠯ︾ ᠪᠤᠶᠤ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠴᠡᠷᠢᠭ ᠤᠨ ᠦᠨᠡᠮᠯᠡᠯ︾ ︵1 ᠠᠴᠠ 8 ᠲᠠᠰ︶ ᠤᠨ ᠦᠨᠡᠮᠯᠡᠯ ︵ᠤᠭ ᠮᠠᠲ᠋ᠧᠷᠢᠶᠠᠯ ᠵᠢᠴᠢ ᠪᠠᠭᠤᠯᠭᠠᠪᠤᠷᠢ 1 ᠬᠤᠪᠢ︶    ︵3︶ ᠵᠡᠮᠳᠡᠭ ᠠᠵᠢᠯᠲᠠᠨ ᠠᠵᠢᠯᠴᠢᠨ ᠤ ᠬᠥᠳᠡᠯᠮᠦᠷᠢ ᠶᠢᠨ ᠭᠡᠷ᠎ᠡ ᠪᠤᠶᠤ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠣᠷᠣᠨ ᠲᠣᠭᠠᠨ ᠳᠠᠬᠢ ᠭᠡᠷᠡᠴᠢ ︵ᠪᠠᠭᠤᠯᠭᠠᠪᠤᠷᠢ 1 ᠬᠤᠪᠢ︶    ︵4︶ ᠵᠡᠮᠳᠡᠭ ᠠᠵᠢᠯᠲᠠᠨ ᠠᠵᠢᠯᠴᠢᠨ ᠤ ᠳᠡᠭᠡᠷ᠎ᠡ ᠵᠢᠯ ᠤᠨ ᠨᠠᠰᠤᠵᠢᠯ ᠤᠨ ᠠᠰᠠᠷᠠᠮᠵᠢ᠂ ᠡᠮᠴᠢᠯᠡᠭᠡᠨ ᠤ ᠳᠠᠭᠠᠳᠬᠠᠯ ᠤᠨ ᠰᠦᠢᠳᠬᠡᠯ ᠲᠤᠰᠢᠶᠠᠭᠰᠠᠨ ᠲᠡᠮᠳᠡᠭᠯᠡᠯ ︵ᠤᠤᠯ ᠮᠠᠲ᠋ᠧᠷᠢᠶᠠᠯ 1 ᠬᠤᠪᠢ᠂ ᠰᠢᠰᠲ᠋ᠧᠮ ᠨᠢ ᠨᠠᠰᠤᠵᠢᠯ ᠤᠨ ᠠᠰᠠᠷᠠᠮᠵᠢ᠂ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠪᠠᠶᠢᠳᠠᠯ ᠢ ᠠᠦ᠋ᠲ᠋ᠣ᠋ ᠰᠢᠯᠭᠠᠨ ᠪᠠᠶᠢᠴᠠᠭᠠᠵᠤ ᠳᠡᠶᠢᠯᠬᠦ ᠦᠭᠡᠢ ᠦᠶ᠎ᠡ ᠳᠤ ᠡᠷᠬᠡᠪᠰᠢ ᠬᠤᠪᠢ ᠬᠥᠮᠥᠨ ᠤ ᠳᠠᠭᠠᠳᠬᠠᠯ ᠳᠤ ᠣᠷᠣᠯᠴᠠᠭᠰᠠᠨ ᠭᠡᠷᠡᠴᠢ ᠬᠠᠩᠭᠠᠬᠤ ᠬᠡᠷᠡᠭᠲᠡᠢ︶    ︵5︶ ᠬᠥᠮᠥᠨ ᠬᠡᠷᠡᠭᠯᠡᠬᠦ ᠨᠢᠭᠡᠴᠢ ᠳᠡᠭᠡᠷ᠎ᠡ ᠵᠢᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠷ ᠳᠠᠮᠵᠢᠨ ᠵᠡᠮᠳᠡᠭ ᠠᠵᠢᠯᠲᠠᠨ ᠠᠵᠢᠯᠴᠢᠨ ᠳᠤ ᠴᠠᠯᠢᠩ ᠣᠯᠭᠤᠭᠰᠠᠨ ᠭᠡᠷᠡᠴᠢ ︵ᠪᠠᠭᠤᠯᠭᠠᠪᠤᠷᠢ ᠶᠢ 1 ᠬᠤᠪᠢ᠂ ᠰᠢᠰᠲ᠋ᠧᠮ ᠨᠢ ᠵᠡᠮᠳᠡᠭᠴᠦᠳ ᠤᠨ ᠴᠠᠯᠢᠩ ᠤᠨ ᠪᠠᠶᠢᠳᠠᠯ ᠢ ᠠᠦ᠋ᠲ᠋ᠣ᠋ ᠰᠢᠯᠭᠠᠨ ᠪᠠᠶᠢᠴᠠᠭᠠᠵᠤ ᠳᠡᠶᠢᠯᠬᠦ ᠦᠭᠡᠢ ᠦᠶ᠎ᠡ ᠳᠤ ᠬᠠᠩᠭᠠᠬᠤ ᠴᠢᠬᠤᠯᠠᠲᠠᠢ︶    3. ᠬᠢᠨᠠᠨ ᠬᠠᠷᠭᠤᠭᠤᠯᠤᠭᠰᠠᠨ ᠭᠡᠷᠡᠴᠢᠯᠡᠯ ᠤᠨ ᠦᠷ᠎ᠡ ᠳ᠋ᠦᠩ᠄ ᠬᠥᠮᠥᠨ ᠬᠡᠷᠡᠭᠯᠡᠬᠦ ᠨᠢᠭᠡᠴᠢ ᠬᠢᠨᠠᠨ ᠬᠠᠷᠭᠤᠭᠤᠯᠵᠤ ᠭᠡᠷᠡᠴᠢᠯᠡᠭᠰᠡᠨ ᠤ ᠳᠠᠷᠠᠭ᠎ᠠ᠂ ᠠᠮᠠᠯᠠᠯᠲᠠ ᠪᠠᠨ ᠭᠦᠢᠴᠡᠳᠬᠡᠬᠦ ᠠᠴᠠ ᠡᠮᠦᠨ᠎ᠡ ᠴᠠᠭ ᠲᠤᠬᠠᠢ ᠳᠤᠨᠢ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾ ᠭᠤᠶᠤᠴᠢᠯᠠᠨ ᠮᠡᠳᠡᠭᠦᠯᠬᠦ ᠰᠢᠰᠲ᠋ᠧᠮ ᠳᠤ ᠣᠷᠣᠵᠤ᠂ ᠮᠡᠳᠡᠭᠳᠡᠬᠦ ᠮᠡᠳᠡᠭᠡ ᠵᠠᠩᠭᠢ ᠶᠢ ᠣᠯᠵᠤ᠂ ᠭᠦᠢᠴᠡᠳᠬᠡᠬᠦ ᠪᠠᠶᠢᠳᠠᠯ ᠢ ᠣᠶᠢᠯᠠᠭᠠᠵᠤ ᠪᠣᠯᠣᠨ᠎ᠠ᠃ ᠨᠢᠭᠡᠨᠲᠡ ᠰᠢᠢᠳᠪᠦᠷᠢᠯᠡᠵᠦ ᠳᠠᠭᠤᠰᠬᠠᠭᠰᠠᠨ ᠪᠠᠶᠢᠪᠠᠯ᠂ ᠡᠯᠧᠺᠲᠷᠣᠨ ᠦᠨᠡᠮᠯᠡᠯ ᠤᠨ ᠪᠢᠴᠢᠭ ᠢ ᠪᠠᠭᠤᠯᠭᠠᠵᠤ ᠪᠣᠯᠣᠨ᠎ᠠ᠃    ᠳᠡᠭᠡᠷᠡᠬᠢ ᠮᠠᠲ᠋ᠧᠷᠢᠶᠠᠯ ᠨᠢ ᠴᠥᠮ ᠤᠭ ᠮᠠᠲ᠋ᠧᠷᠢᠶᠠᠯ ᠪᠠ ᠪᠠᠭᠤᠯᠭᠠᠪᠤᠷᠢ ᠪᠠᠶᠢᠬᠤ ᠬᠡᠷᠡᠭᠲᠡᠢ᠂ ᠪᠣᠢ ᠪᠦᠬᠦᠢ ᠬᠠᠭᠤᠯᠪᠤᠷᠢ ᠶᠢ ᠬᠠᠭᠤᠳᠠᠰᠤ ᠪᠣᠯᠭᠠᠨ ᠳᠤ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠬᠤ ᠬᠡᠷᠡᠭᠲᠡᠢ᠃    ᠭᠤᠷᠪᠠ᠂ ᠵᠡᠮᠳᠡᠭᠴᠦᠳ ᠤᠨ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠪᠤᠳᠤᠬᠤ ᠲᠣᠮᠢᠶ᠎ᠠ    ᠬᠥᠮᠥᠨ ᠬᠡᠷᠡᠭᠯᠡᠬᠦ ᠨᠢᠭᠡᠴᠢ ᠶᠢᠨ ᠲᠤᠰᠢᠶᠠᠪᠠᠰᠤ ᠵᠣᠬᠢᠬᠤ ᠪᠠᠲᠤᠯᠠᠭ᠎ᠠ ᠶᠢᠨ ᠮᠥᠩᠭᠦ= ︵ᠳᠡᠭᠡᠷ᠎ᠡ ᠵᠢᠯ ᠤᠨ ᠬᠥᠮᠥᠨ ᠬᠡᠷᠡᠭᠯᠡᠬᠦ ᠨᠢᠭᠡᠴᠢ ᠶᠢᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠬᠥᠮᠥᠨ ᠤ ᠲᠤᠭ᠎ᠠ × 1.5 %︱ ᠳᠡᠭᠡᠷ᠎ᠡ ᠵᠢᠯ ᠤᠨ ᠬᠥᠮᠥᠨ ᠬᠡᠷᠡᠭᠯᠡᠬᠦ ᠨᠢᠭᠡᠴᠢ ᠶᠢᠨ ᠪᠣᠳᠠᠲᠠᠢ ᠲᠣᠬᠢᠷᠠᠭᠤᠯᠤᠭᠰᠠᠨ ᠵᠡᠮᠳᠡᠭᠴᠦᠳ ᠤᠨ ᠠᠵᠢᠯ ᠣᠯᠭᠤᠭᠰᠠᠨ ᠬᠥᠮᠥᠨ ᠤ ᠲᠤᠭ᠎ᠠ︶ × ᠳᠡᠭᠡᠷ᠎ᠡ ᠵᠢᠯ ᠤᠨ ᠬᠥᠮᠥᠨ ᠬᠡᠷᠡᠭᠯᠡᠬᠦ ᠨᠢᠭᠡᠴᠢ ᠶᠢᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ    ᠳᠥᠷᠪᠡ᠂ ᠰᠦᠯᠵᠢᠶᠡᠨ ᠭᠠᠳᠠᠨᠠᠬᠢ ᠬᠢᠨᠠᠨ ᠬᠠᠷᠭᠤᠭᠤᠯᠵᠤ ᠮᠠᠭᠠᠳᠯᠠᠨ ᠲᠣᠭᠲᠠᠭᠠᠬᠤ ᠬᠠᠶᠢᠭ    ᠦᠴᠦᠸᠠᠨ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠬᠤᠶᠠᠳᠤᠭᠠᠷ ᠳᠠᠪᠬᠤᠷᠯᠢᠭ 202    ᠬᠠᠷᠢᠯᠴᠠᠬᠤ ᠬᠥᠮᠥᠨ᠄ ᠵᠠᠩ ᠵᠢᠶᠦ᠋ᠨ ᠪᠢᠨ  ᠰᠢᠶᠠᠩ ᠪᠥᠸᠧ    ᠤᠲᠠᠰᠤ᠄ 8819606 8819601                         ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                  2024 ᠣᠨ ᠤ 3 ᠰᠠᠷ᠎ᠠ ᠶᠢᠨ 29 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号