ᠭᠤᠴᠢᠨ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠭᠦᠯᠡᠩ ᠤᠨ ᠴᠤᠭᠯᠠᠭᠠᠨ ᠲᠡᠭᠦᠰᠪᠡ
ᠨᠡᠶᠢᠲᠡᠯᠡᠭᠰᠡᠨ ᠴᠠᠭ᠄
2024/3/29
     19.6 ᠳ᠋ᠦᠩᠰᠢᠭᠤᠷ ᠭᠠᠷᠤᠢ ᠲᠥᠭᠦᠷᠢᠭ ᠤᠨ ᠰᠠᠨᠠᠮᠵᠢ ᠶᠢᠨ ᠠᠷᠠᠯᠵᠢᠶ᠎ᠠ ᠪᠦᠲᠦᠵᠡᠢ      2024 ᠣᠨ ᠤ ᠭᠤᠴᠢᠨ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠣᠯᠠᠨ ᠤᠯᠤᠰ ᠤᠨ ᠲᠠᠷᠢᠶᠠᠯᠠᠩ ᠤᠨ ᠦᠵᠡᠰᠭᠦᠯᠡᠩ ᠤᠨ ᠴᠤᠭᠯᠠᠭᠠᠨ 3 ᠡᠳᠦᠷ ᠶᠠᠪᠤᠭᠳᠠᠭᠠᠳ 3 ᠰᠠᠷ᠎ᠠ ᠶᠢᠨ 28 ᠤ ᠡᠳᠦᠷ ᠭᠦᠭᠡᠬᠤᠲᠠ ᠳᠤ ᠲᠡᠭᠦᠰᠪᠡ᠃ 3 ᠰᠠᠷ᠎ᠠ ᠶᠢᠨ 28 ᠤ ᠦᠳᠡ ᠶᠢᠨ ᠬᠤᠶᠢᠨᠠᠬᠢ 2 ᠴᠠᠭ ᠪᠤᠯᠲᠠᠯ᠎ᠠ᠂ ᠰᠠᠨᠠᠮᠵᠢ ᠶᠢᠨ ᠠᠷᠠᠯᠵᠢᠶ᠎ᠠ ᠪᠦᠲᠦᠭᠰᠡᠨ ᠬᠡᠮᠵᠢᠶ᠎ᠡ 19.6 ᠳ᠋ᠦᠩᠰᠢᠭᠤᠷ ᠲᠥᠭᠦᠷᠢᠭ ᠢ ᠳᠠᠪᠠᠵᠤ᠂ ᠲᠤᠬᠠᠢ ᠶᠢᠨ ᠲᠠᠯᠠᠪᠠᠢ ᠳᠤ 869 ᠲᠥᠷᠥᠯ ᠵᠦᠢᠯ ᠤᠨ ᠵᠥᠪᠳᠡᠯᠴᠡᠭᠡᠷ ᠲᠣᠭᠲᠠᠨ 5.88 ᠳ᠋ᠦᠩᠰᠢᠭᠤᠷ ᠲᠥᠭᠦᠷᠢᠭ ᠤᠨ ᠠᠷᠠᠯᠵᠢᠶ᠎ᠠ ᠪᠦᠲᠦᠪᠡ᠃      ᠣᠶᠢᠯᠠᠭᠠᠭᠰᠠᠨ ᠢᠶᠠᠷ᠂ 3 ᠡᠳᠦᠷ ᠲᠤ ᠨᠡᠶᠢᠳᠡ 6 ᠲᠦᠮᠡᠨ ᠬᠥᠮᠥᠨ ︵ᠤᠳᠠᠭ᠎ᠠ︶ ᠦᠵᠡᠰᠭᠦᠯᠡᠩ ᠤᠨ ᠴᠤᠭᠯᠠᠭᠠᠨ ᠳᠤ ᠰᠠᠭᠠᠲᠠᠵᠤ᠂ ᠲᠠᠷᠢᠶᠠᠯᠠᠩ ᠤᠨ ᠮᠠᠰᠢᠨ ᠲᠥᠬᠦᠭᠡᠷᠦᠮᠵᠢ ᠵᠡᠷᠭᠡ ᠶᠢᠨ ᠵᠠᠬᠢᠶᠠᠯᠠᠭ᠎ᠠ ᠶᠢᠨ ᠬᠠᠭᠤᠳᠠᠰᠤ ᠬᠠᠮᠤᠭ ᠤᠨ ᠠᠷᠪᠢᠨ ᠪᠠᠶᠢᠯ᠎ᠠ᠃ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠤᠨ ᠦᠵᠡᠭᠦᠯᠭᠡ ᠶᠢᠨ ᠲᠣᠭᠤᠷᠢᠭ ᠨᠢ ᠲᠤᠰ ᠬᠤᠭᠤᠴᠠᠭᠠᠨ ᠤ ᠦᠵᠡᠰᠭᠦᠯᠡᠩ ᠤᠨ ᠴᠤᠭᠯᠠᠭᠠᠨ ᠤ ᠭᠢᠯᠡᠰ ᠴᠡᠭ ᠪᠣᠯᠵᠤ᠂ ᠮᠠᠨ ᠤ ᠣᠷᠣᠨ ᠤ 12 ᠠᠶᠢᠮᠠᠭ ᠬᠤᠲᠠ ᠪᠣᠯᠣᠨ ᠠᠬ᠎ᠠ ᠳᠡᠭᠦᠦ ᠮᠤᠵᠢ ᠬᠤᠲᠠ ᠣᠷᠣᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢᠶᠠᠨ ᠤᠬᠠᠭᠤᠯᠬᠤ ᠴᠢᠬᠤᠯᠠ ᠲᠠᠪᠴᠠᠩ ᠪᠣᠯᠵᠤ᠂ ᠣᠷᠣᠨ ᠪᠦᠰᠡ  ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠭᠦ᠂ ᠲᠠᠷᠢᠶᠠᠯᠠᠩ ᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠬᠦ᠂ ᠪᠠᠭ᠎ᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠳᠠᠶᠢᠴᠢᠯᠠᠬᠤ᠂ ᠪᠡᠯᠡ ᠮᠥᠩᠭᠦ ᠶᠢᠨ ᠳᠡᠮᠵᠢᠯᠭᠡ ᠣᠯᠬᠤ ᠳᠤᠨᠢ ᠴᠥᠮ ᠢᠳᠡᠪᠬᠢ ᠠᠬᠢᠭᠤᠯᠬᠤ ᠦᠢᠯᠡᠳᠦᠯ ᠦᠵᠡᠭᠦᠯᠪᠡ᠃ 15 ᠮᠤᠵᠢ ᠬᠤᠲᠠ ᠣᠷᠣᠨ ᠤ ᠦᠵᠡᠭᠦᠯᠭᠡ ᠶᠢᠨ ᠪᠦᠯᠭᠦᠮ ᠴᠤᠭᠯᠠᠭᠠᠨ ᠳᠤ ᠣᠷᠣᠯᠴᠠᠵᠤ᠂ ᠣᠷᠣᠨ ᠨᠤᠲᠤᠭ ᠤᠨ ᠣᠨᠴᠠᠯᠢᠭᠲᠤ ᠮᠠᠯ ᠠᠵᠤ ᠠᠬᠤᠢ ᠲᠠᠷᠢᠶᠠᠯᠠᠩ ᠣᠢ ᠰᠢᠭᠤᠢ ᠶᠢᠨ ᠪᠦᠲᠦᠭᠡᠭᠳᠡᠬᠦᠨ ᠨᠢ ᠤᠯᠠᠨ ᠤ ᠮᠠᠭᠲᠠᠭᠠᠯ ᠰᠠᠶᠢᠰᠢᠶᠠᠯ ᠢ ᠣᠯᠵᠠᠢ᠃ ᠪᠦᠷᠢᠳᠬᠡᠯ ᠢᠶᠠᠷ᠂ 3 ᠡᠳᠦᠷ ᠶᠠᠪᠤᠭᠳᠠᠭᠰᠠᠨ ᠦᠵᠡᠰᠭᠦᠯᠡᠩ ᠤᠨ ᠴᠤᠭᠯᠠᠭᠠᠨ ᠨᠢ ᠭᠦᠭᠡᠬᠤᠳᠠ ᠶᠢᠨ ᠵᠠᠮ ᠬᠠᠷᠢᠯᠴᠠᠭ᠎ᠠ᠂ ᠵᠣᠴᠢᠳ ᠤᠨ ᠪᠠᠭᠤᠳᠠᠯ᠂ ᠡᠳ᠋ ᠪᠠᠷᠠᠭᠠᠨ ᠤ ᠭᠦᠢᠯᠭᠡᠭᠡ᠂ ᠢᠳᠡᠭᠡᠨ ᠤᠮᠳᠠᠭᠠᠨ᠂ ᠵᠠᠷ ᠮᠡᠳᠡᠭᠡ᠂ ᠪᠠᠷᠠᠭ᠎ᠠ ᠬᠤᠳᠠᠯᠳᠤᠨ ᠠᠪᠬᠤ᠂ ᠵᠢᠭᠤᠯᠴᠢᠯᠠᠯ ᠵᠡᠷᠭᠡ ᠠᠵᠢᠯ ᠲᠦᠷᠦᠯ ᠳᠤ ᠨᠡᠶᠢᠳᠡ ᠳ᠋ᠦᠩᠰᠢᠭᠤᠷ ᠭᠠᠷᠤᠢ ᠲᠥᠭᠦᠷᠢᠭ ᠤᠨ ᠠᠵᠤ ᠠᠬᠤᠢ ᠶᠢᠨ ᠦᠷ᠎ᠡ ᠠᠰᠢᠭ ᠣᠯᠬᠤ ᠶᠢ ᠳᠠᠶᠢᠴᠢᠯᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号