ᠮᠠᠨ ᠤ ᠣᠷᠣᠨ ︽ᠲᠠᠪᠤ ᠶᠢ ᠨᠢᠭᠡᠳᠬᠡᠬᠦ︾ ᠠᠷᠭ᠎ᠠ ᠪᠠᠷ ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠳᠡᠭᠲᠦ ᠰᠢᠯᠢᠳᠡᠭ ᠪᠦᠲᠦᠭᠡᠭᠳᠡᠬᠦᠨ ᠢ ᠴᠣᠭᠴᠠᠯᠠᠬᠤ ᠪᠠᠷ ᠪᠤᠢ
ᠨᠡᠶᠢᠲᠡᠯᠡᠭᠰᠡᠨ ᠴᠠᠭ᠄
2024/3/29
     ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠬᠡᠨ ᠮᠠᠨ ᠤ ᠣᠷᠣᠨ ᠤ ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠳᠡᠭ ᠤᠨ ᠦᠨᠡᠮᠯᠡᠯ ᠭᠥᠷᠳᠡᠭᠰᠡᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠬᠤᠷᠠᠯ ᠬᠤᠷᠠᠯᠳᠤᠭᠤᠯᠵᠤ᠂ ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠳᠡᠭ ᠤᠨ ᠪᠠᠶᠢᠭᠤᠯᠤᠯᠲᠠ ᠶᠢᠨ ᠪᠠᠶᠢᠳᠠᠯ᠂ ᠠᠵᠤ ᠠᠬᠤᠶᠢᠯᠠᠯ ᠳᠤ ᠦᠢᠯᠡᠴᠢᠯᠡᠬᠦ ᠪᠣᠳᠠᠲᠠᠢ ᠠᠷᠭ᠎ᠠ ᠬᠡᠮᠵᠢᠶ᠎ᠡ᠂ ᠰᠢᠭᠤᠳ ᠨᠡᠪᠲᠡᠷᠡᠭᠦᠯᠭᠡ ᠶᠢᠨ ᠲᠠᠰᠤᠭ ᠤᠨ ᠠᠵᠢᠯᠯᠠᠭᠠᠨ ᠤ ᠠᠷᠭ᠎ᠠ ᠭᠡᠯᠪᠡᠷᠢ ᠵᠢᠴᠢ 2024 ᠣᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠪᠠ ᠱᠠᠭᠠᠷᠳᠠᠯᠭ᠎ᠠ ᠶᠢ ᠲᠠᠨᠢᠯᠴᠠᠭᠤᠯᠵᠤ᠂ ︽ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠢ ᠲᠠᠷᠢᠶᠠᠯᠠᠩ ᠤᠨ ᠲᠥᠷᠥᠯ ᠲᠡᠮᠳᠡᠭᠲᠦ ᠶᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠠᠵᠢᠯ ᠤᠨ ᠲᠥᠰᠥᠯ︾ ᠵᠢᠴᠢ ᠲᠥᠷᠥᠯ ᠲᠡᠮᠳᠡᠭ ᠤᠨ ᠪᠠᠶᠢᠭᠤᠯᠤᠯᠲᠠ ᠶᠢᠨ ︽ᠲᠠᠪᠤ ᠶᠢ ᠨᠢᠭᠡᠳᠬᠡᠬᠦ︾ ᠠᠷᠭ᠎ᠠ ᠬᠡᠮᠵᠢᠶ᠎ᠡ ᠳᠤ ᠲᠠᠶᠢᠯᠤᠮᠵᠢ ᠬᠢᠪᠡ᠃      ᠣᠶᠢᠯᠠᠭᠠᠭᠰᠠᠨ ᠢᠶᠠᠷ᠂ ︽ᠲᠠᠪᠤ ᠶᠢ ᠨᠢᠭᠡᠳᠬᠡᠬᠦ︾ ᠠᠷᠭ᠎ᠠ ᠬᠡᠮᠵᠢᠶ᠎ᠡ ᠪᠣᠯ ᠳᠠᠷᠤᠢ ᠲᠦᠷᠦᠯ ᠲᠡᠮᠳᠡᠭ ᠢ ᠨᠢᠭᠡᠳᠬᠡᠵᠦ᠂ ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠳᠡᠭ - ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ  ᠢᠶᠠᠷ ᠪᠦᠭᠦ ᠣᠷᠣᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠢ ᠶᠡᠷᠦᠩᠬᠡᠶᠢᠯᠡᠨ ᠤᠳᠤᠷᠢᠳᠤᠨ᠎ᠠ᠃ ᠪᠠᠷᠢᠮᠵᠢᠶ᠎ᠠ ᠶᠢ ᠨᠢᠭᠡᠳᠬᠡᠵᠦ᠂ ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠳᠡᠭ ᠤᠨ ᠭᠡᠷᠡᠴᠢᠯᠡᠯ ᠬᠢᠬᠦ ᠪᠠᠷ ᠬᠥᠲᠥᠯᠥᠮᠵᠢ ᠪᠤᠯᠭᠠᠵᠤ᠂ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠤ ᠭᠡᠷᠡᠴᠢᠯᠡᠯ ᠤᠨ ᠪᠠᠷᠢᠮᠵᠢᠶ᠎ᠠ ᠶᠢ ᠲᠣᠬᠲᠠᠭᠠᠨ᠎ᠠ᠃ ᠢᠯᠡᠷᠬᠡᠶᠢᠯᠡᠯᠲᠦ ᠲᠡᠮᠳᠡᠭ ᠢ ᠨᠢᠭᠡᠳᠬᠡᠵᠦ᠂ ᠦᠢᠯᠡᠳᠬᠦᠨ ᠤ ᠪᠣᠭᠤᠳᠠᠯ ᠪᠠᠭᠯᠠᠭ᠎ᠠ ᠳᠡᠭᠡᠷ᠎ᠡ ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠳᠡᠭ ᠤᠨ ᠭᠡᠷᠡᠴᠢᠯᠡᠯ ᠤᠨ ᠢᠯᠡᠷᠬᠡᠶᠢᠯᠡᠯᠲᠦ ᠲᠡᠮᠳᠡᠭ ᠢ ᠨᠢᠭᠡᠳᠦᠯᠲᠡᠢ ᠭᠡᠷᠡᠭᠯᠡᠨ᠎ᠡ᠃ ᠤᠬᠠᠭᠤᠯᠭ᠎ᠠ ᠶᠢ ᠨᠢᠭᠡᠳᠬᠡᠵᠦ᠂ ︽ᠠᠮᠢ ᠠᠬᠤᠢ ᠶᠢᠨ ᠥᠪᠥᠷ ᠮᠣᠩᠭᠤᠯ ᠪᠣᠬᠢᠷᠳᠤᠯ ᠦᠭᠡᠢ ᠦᠨᠦᠷ ᠠᠮᠲᠠ︾ + ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠳᠡᠭ - ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠢᠶᠠᠷ ᠴᠣᠷ ᠤᠨ ᠭᠠᠭᠴᠠ ᠭᠤᠣᠯ ᠰᠡᠳᠦᠪ ᠪᠤᠯᠭᠠᠵᠤ᠂ ᠲᠦᠷᠦᠯ ᠲᠡᠮᠳᠡᠭ ᠢ ᠨᠡᠶᠢᠲᠡᠯᠡᠨ᠂ ᠵᠠᠭᠤᠴᠢᠯᠠᠭᠤᠷ ᠤᠨ ᠤᠬᠠᠭᠤᠯᠭ᠎ᠠ ᠬᠢᠵᠦ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠶᠢᠨ ᠳᠡᠯᠭᠡᠨ ᠲᠠᠨᠢᠯᠴᠠᠭᠤᠯᠭ᠎ᠠ ᠶᠢᠨ ᠠᠵᠢᠯᠯᠠᠭ᠎ᠠ ᠥᠷᠨᠢᠭᠦᠯᠦᠨ᠎ᠡ᠃ ᠡᠵᠡᠩᠨᠡᠨ ᠪᠣᠷᠤᠯᠠᠭᠤᠯᠭ᠎ᠠ ᠶᠢ ᠨᠢᠭᠡᠳᠬᠡᠵᠦ᠂ ᠣᠷᠣᠨ ᠤ ᠳᠣᠲᠣᠷ᠎ᠠ ᠭᠠᠳᠠᠨᠠᠬᠢ ᠡᠵᠡᠩᠨᠡᠨ ᠪᠣᠷᠣᠯᠠᠭᠤᠯᠬᠤ ᠲᠥᠪ ᠪᠠᠶᠢᠭᠤᠯᠬᠤ ᠶᠢ ᠠᠬᠢᠭᠤᠯᠤᠨ᠂ ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠳᠡᠭ ᠤᠨ ᠦᠨᠡᠮᠯᠡᠯ ᠣᠯᠣᠭᠰᠠᠨ ᠠᠵᠤ ᠠᠬᠤᠶᠢᠯᠠᠯ ᠤᠨ ᠦᠢᠯᠡᠳᠬᠦᠨ ᠢ ᠭᠠᠳᠠᠭᠰᠢ ᠭᠠᠷᠭᠠᠬᠤ ᠲᠠᠪᠴᠠᠩ ᠢ ᠪᠠᠶᠢᠭᠤᠯᠵᠤ᠂ ᠪᠣᠷᠣᠯᠠᠭᠤᠯᠬᠤ ᠵᠠᠮ ᠮᠥᠷ ᠢ ᠵᠣᠯᠭᠠᠭᠤᠯᠤᠨ᠂ ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠳᠡᠭ - ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠤ ᠲᠥᠷᠥᠯ ᠲᠡᠮᠳᠡᠭ ᠢ ᠨᠢᠭᠡᠳᠦᠯᠲᠡᠢ ᠴᠣᠭᠴᠠᠯᠠᠨ᠎ᠠ᠃      ᠡᠨᠡ ᠵᠢᠯ ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠳᠡᠭᠲᠦ ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠤ ᠰᠢᠭᠤᠳ ᠨᠡᠪᠲᠡᠷᠡᠭᠦᠯᠭᠡ ᠶᠢᠨ ᠲᠠᠰᠤᠭ ᠢ ᠨᠠᠷᠢᠯᠢᠭ ᠪᠠᠶᠢᠭᠤᠯᠵᠤ᠂  ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠳᠡᠭ ᠤᠨ ᠶᠡᠷᠦᠩᠬᠡᠶᠢᠯᠡᠭᠰᠡᠨ ᠳᠠᠮᠵᠢᠭᠤᠯᠭ᠎ᠠ ᠶᠢᠨ ᠲᠥᠪ ᠢ ᠪᠠᠶᠢᠭᠤᠯᠤᠨ᠎ᠠ᠃ ︽ᠢᠲᠡᠭᠡᠯ ᠢ ᠳᠠᠮᠵᠢᠭᠤᠯᠵᠤ᠂ ᠶᠠᠰᠤ ᠴᠢᠨᠠᠷ ᠢ ᠪᠠᠲᠤᠯᠠᠨ᠂ ᠠᠵᠤ ᠠᠬᠤᠢ ᠳᠤ ᠦᠢᠯᠡᠴᠢᠯᠡᠬᠦ︾ ᠭᠤᠣᠯᠯᠠᠬᠤ ᠥᠷᠲᠡᠭ ᠢ ᠪᠠᠳᠠᠷᠠᠭᠤᠯᠵᠤ᠂ ᠠᠵᠤ ᠠᠬᠤᠶᠢᠯᠠᠯ ᠤᠨ ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠳᠡᠭ ᠤᠨ ᠤᠬᠠᠭᠤᠯᠭ᠎ᠠ᠂ ᠲᠠᠨᠢᠯᠴᠠᠭᠤᠯᠭ᠎ᠠ᠂ ᠳᠡᠯᠭᠡᠷᠡᠭᠦᠯᠦᠯᠲᠡ᠂ ᠡᠵᠡᠩᠨᠡᠨ ᠪᠣᠷᠣᠯᠠᠭᠤᠯᠤᠯᠲᠠ ᠵᠡᠷᠭᠡ ᠲᠠᠯ᠎ᠠ ᠪᠠᠷ ᠬᠢ ᠬᠠᠮᠲᠤᠷᠠᠯ ᠬᠦᠴᠦᠨ ᠤ ᠦᠢᠯᠡᠳᠦᠯ ᠢ ᠪᠠᠳᠠᠷᠠᠭᠤᠯᠵᠤ᠂ ᠲᠥᠷᠥᠯ ᠲᠡᠮᠳᠡᠭ ᠤᠨ ᠤᠬᠠᠭᠤᠯᠭ᠎ᠠ ᠶᠢᠨ ᠬᠦᠴᠦᠨ᠂ ᠨᠥᠯᠥᠭᠡᠯᠡᠬᠦ ᠬᠦᠴᠦᠨ ᠢ ᠥᠷᠭᠡᠳᠬᠡᠨ᠂ ᠠᠵᠤ ᠠᠬᠤᠶᠢᠯᠠᠯ ᠪᠠ ᠦᠢᠯᠡᠳᠬᠦᠨ ᠳᠤ ᠦᠨᠡᠨ ᠬᠦ ᠴᠢᠳᠠᠮᠵᠢ ᠣᠯᠭᠤᠵᠤ᠂ ᠠᠵᠤ ᠠᠬᠤᠶᠢᠯᠠᠯ ᠤᠨ ᠦᠷ᠎ᠡ ᠠᠰᠢᠭ ᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠲᠦᠷᠦᠯ ᠲᠡᠮᠳᠡᠭ ᠢ ᠴᠣᠭᠴᠠᠯᠠᠵᠤ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号