ᠮᠠᠨ ᠤ ᠬᠤᠲᠠ ᠶᠢᠨ A ᠲᠠᠰ ᠤᠨ 11 ᠵᠢᠭᠤᠯᠴᠢᠯᠠᠯ ᠤᠨ ᠦᠵᠡᠮᠵᠢ ᠶᠢᠨ ᠣᠷᠣᠨ ᠨᠢᠭᠡᠳᠦᠭᠡᠷ ᠡᠭᠦᠳᠡᠨ ᠤ ᠪᠢᠯᠧᠲ ᠢ ᠬᠡᠯᠲᠦᠷᠢᠭᠦᠯᠦᠨ᠎ᠡ
ᠨᠡᠶᠢᠲᠡᠯᠡᠭᠰᠡᠨ ᠴᠠᠭ᠄
2024/3/29
     ︵ᠰᠤᠷᠪᠤᠯᠵᠢᠯᠠᠭᠴᠢ ᠯᠢᠦ ᠯᠢ ᠰᠢᠶᠠ︶ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠨᠢ᠂ ᠥᠷᠭᠡᠨ ᠣᠯᠠᠨ ᠵᠢᠭᠤᠯᠴᠢᠯᠠᠭᠴᠢᠳ ᠲᠤ ᠠᠰᠢᠭ ᠬᠦᠷᠲᠡᠭᠡᠵᠦ᠂ ᠳᠥᠷᠪᠡᠨ ᠵᠦᠭ ᠨᠠᠢᠮᠠᠨ ᠵᠣᠪᠬᠢᠰ ᠤᠨ ᠨᠠᠶᠢᠵᠠ ᠨᠠᠷ ᠤᠨ ᠥᠪᠥᠷ ᠮᠣᠩᠭᠤᠯ ᠳᠤ ᠪᠣᠯᠵᠣᠵᠤ᠂ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠪᠠᠷ ᠵᠤᠭᠠᠴᠠᠬᠤ ᠶᠢ ᠤᠭᠲᠤᠬᠤ ᠶᠢᠨ ᠲᠥᠯᠥᠭᠡ᠂ ᠥᠪᠥᠷ ᠮᠣᠩᠭᠤᠯ ᠤᠨ A ᠲᠠᠰ ᠤᠨ 80 ᠵᠢᠭᠤᠯᠴᠢᠯᠠᠯ ᠤᠨ ᠦᠵᠡᠮᠵᠢ ᠶᠢᠨ ᠣᠷᠣᠨ 2024 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠨᠢᠭᠡᠳᠦᠭᠡᠷ ᠡᠭᠦᠳᠡᠨ ᠤ ᠪᠢᠯᠧᠲ ᠢ ᠬᠡᠯᠲᠦᠷᠢᠭᠦᠯᠬᠦ ᠪᠠᠷ ᠪᠣᠶ᠃ ᠡᠭᠦᠨ ᠳᠤ ᠬᠥᠬᠡᠬᠤᠲᠠ 11᠂ ᠪᠤᠭᠤᠲᠤ ᠬᠤᠲᠠ 5᠂ ᠬᠥᠯᠥᠨ ᠪᠤᠶᠢᠷ ᠬᠤᠲᠠ 7᠂ ᠬᠢᠩᠭᠠᠨ ᠠᠶᠢᠮᠠᠭ 9᠂ ᠲᠦᠩᠯᠢᠶᠣᠣ ᠬᠤᠲᠠ 5᠂ ᠤᠯᠠᠭᠠᠨᠬᠠᠳᠠ ᠬᠤᠲᠠ 5᠂ ᠰᠢᠯᠢ ᠶᠢᠨ ᠭᠤᠣᠯ ᠠᠶᠢᠮᠠᠭ 4᠂ ᠤᠯᠠᠭᠠᠨᠴᠠᠪ ᠬᠤᠲᠠ 5᠂ ᠣᠷᠳᠣᠰ ᠬᠤᠲᠠ 10᠂ ᠪᠠᠶᠠᠨᠨᠠᠭᠤᠷ ᠬᠤᠲᠠ 7᠂ ᠦᠬᠠᠢ ᠬᠤᠲᠠ 7᠂ ᠠᠯᠠᠱᠠ ᠠᠶᠢᠮᠠᠭ 5 ᠪᠣᠶ᠃      ᠬᠥᠬᠡᠬᠤᠲᠠ ᠶᠢᠨ ᠡᠭᠦᠳᠡᠨ ᠤ ᠪᠢᠯᠧᠲ ᠢ ᠬᠡᠯᠲᠦᠷᠢᠭᠦᠯᠬᠦ 11 ᠦᠵᠡᠮᠵᠢ ᠶᠢᠨ ᠣᠷᠣᠨ᠄ ᠮᠧᠩ ᠼᠤᠤ ᠼᠤᠤ ᠪᠥᠸᠧ ᠶᠤᠸᠠᠨ ᠦᠵᠡᠮᠵᠢ ᠶᠢᠨ ᠣᠷᠣᠨ᠂ ᠤᠪᠤᠭ᠎ᠠ ᠲᠣᠰᠬᠤᠨ ᠤ ᠵᠢᠭᠤᠯᠴᠢᠯᠠᠯ ᠤᠨ ᠣᠷᠣᠨ᠂ ᠮᠧᠩ ᠨᠢᠦ ᠠᠵᠤ ᠦᠢᠯᠡᠳᠪᠦᠷᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠪᠣᠭᠤᠮᠲᠠ ᠶᠢᠨ ᠬᠠᠭᠤᠴᠢᠨ ᠵᠡᠭᠡᠯᠢ ᠶᠢᠨ ᠵᠤᠭᠠᠴᠠᠯ ᠤᠨ ᠣᠷᠣᠨ᠂ ᠰᠢᠶᠥᠥ ᠼᠣᠣ ᠡᠪᠡᠰᠦᠨ ᠦᠷ᠎ᠡ ᠶᠢᠨ ᠴᠡᠩᠭᠡᠯ ᠤᠨ ᠬᠦᠷᠢᠶᠡᠯᠡᠩ ᠤᠨ ᠦᠵᠡᠮᠵᠢ ᠶᠢᠨ ᠣᠷᠣᠨ᠂ ᠬᠥᠬᠡᠬᠤᠲᠠ ᠶᠢᠨ ᠱᠤᠭᠤᠮᠠᠯ ᠤᠨ ᠤᠷᠠᠯᠢᠭ ᠤᠨ ᠣᠷᠳᠣᠨ ᠤ ᠦᠵᠡᠮᠵᠢ ᠶᠢᠨ ᠣᠷᠣᠨ᠂ ᠣᠣ ᠸᠧᠢ ᠠᠳᠤᠭᠤᠨ ᠰᠣᠶᠣᠯ ᠠᠮᠢ ᠠᠬᠤᠢ ᠶᠢᠨ ᠵᠢᠭᠤᠯᠴᠢᠯᠠᠯ ᠤᠨ ᠣᠷᠣᠨ᠂ ᠯᠣᠣ ᠨᠢᠦ ᠫᠦᠸᠧ ᠶᠢᠨ ᠬᠤᠪᠢᠰᠬᠠᠯ ᠤᠨ ᠰᠣᠶᠣᠯ ᠤᠨ ᠵᠢᠭᠤᠯᠴᠢᠯᠠᠯ ᠤᠨ ᠣᠷᠣᠨ᠂ ᠥᠪᠥᠷ ᠮᠣᠩᠭᠤᠯ ᠤᠨ ᠴᠡᠯᠡᠭᠡᠷ ᠲᠠᠯ᠎ᠠ ᠰᠣᠶᠣᠯ ᠵᠢᠭᠤᠯᠴᠢᠯᠠᠯ ᠤᠨ ᠣᠷᠣᠨ ᠂ ᠬᠠᠳᠤᠨ ᠭᠤᠣᠯ ᠤᠨ ᠰᠠᠭᠤᠭᠳᠠᠯ ᠱᠧᠨ ᠴᠢᠤᠸᠠᠨ ᠠᠭᠤᠯᠠᠨ ᠲᠣᠰᠬᠤᠨ ᠤ ᠵᠢᠭᠤᠯᠴᠢᠯᠠᠯ ᠤᠨ ᠣᠷᠣᠨ ᠪᠣᠯᠣᠨ ᠬᠥᠬᠡᠬᠤᠲᠠ ᠶᠢᠨ ᠶᠠᠩ ᠭᠤᠸᠠᠩ ᠬᠤᠶᠢᠭ ᠤᠨ ᠠᠮᠢ ᠠᠬᠤᠢ ᠶᠢᠨ ᠬᠦᠷᠢᠶᠡᠯᠡᠩ ᠤᠨ ᠦᠵᠡᠮᠵᠢ ᠶᠢᠨ ᠣᠷᠣᠨ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号