ᠦᠴᠦᠸᠠᠨ ᠰᠢᠶᠠᠨ 2024 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠣᠨ ᠤ ᠬᠤᠷᠠᠯ ᠵᠢᠴᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠪᠡᠯᠡᠳᠬᠡᠬᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/4
     3 ᠰᠠᠷ᠎ᠠ ᠶᠢᠨ 3 ᠤ ᠡᠳᠦᠷ᠂ ᠦᠴᠦᠸᠠᠨ ᠰᠢᠶᠠᠨ ᠤ 2024 ᠣᠨ ᠤ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠣᠨ ᠤ ᠬᠤᠷᠠᠯ ᠵᠢᠴᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠪᠡᠯᠡᠳᠬᠡᠬᠦ ᠰᠤᠳᠤᠯᠤᠨ ᠶᠠᠷᠢᠯᠴᠠᠬᠤ ᠬᠤᠷᠠᠯ ᠦᠴᠦᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ ᠬᠤᠷᠠᠯᠳᠤᠪᠠ᠃ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠥᠬᠡᠬᠤᠲᠠ ᠶᠢᠨ ᠲᠤᠰᠬᠠᠢ ᠮᠡᠷᠭᠡᠵᠢᠯᠲᠡᠨ ᠤ ᠳᠤᠭᠤᠶᠢᠯᠠᠩ᠂ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠭᠤᠣᠯᠯᠠᠭᠴᠢ ᠪᠠᠭᠰᠢ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
    ᠵᠢᠭᠠᠨ ᠰᠤᠷᠭᠠᠯᠲᠠ ᠪᠣᠯ ᠰᠤᠷᠭᠠᠭᠤᠯᠢ ᠶᠢᠨ ᠭᠤᠣᠯ ᠠᠵᠢᠯ᠂ ᠰᠤᠷᠭᠠᠭᠤᠯᠢ ᠶᠢᠨ ᠬᠥᠭᠵᠢᠯᠲᠡ ᠶᠢᠨ ᠠᠮᠢᠨ ᠰᠤᠳᠠᠰᠤ ᠮᠥᠨ᠂ ᠲᠣᠰ ᠤᠳᠠᠭᠠᠨ ᠤ ᠣᠨ ᠤ ᠬᠤᠷᠠᠯ ᠨᠢ ︽ᠴᠢᠨᠠᠷ ᠰᠠᠶᠢᠲᠠᠢ᠂ ᠥᠪᠡᠷᠮᠢᠴᠡ ᠣᠨᠴᠠᠯᠢᠭ᠂ ᠨᠠᠷᠠᠲᠤ ᠲᠡᠮᠳᠡᠭ︾ ᠢᠶᠠᠷ ᠭᠤᠣᠯ ᠰᠡᠳᠦᠪ ᠪᠣᠯᠭᠠᠵᠤ᠂ ᠰᠢᠨ᠎ᠡ ᠴᠠᠭ ᠦᠶ᠎ᠡ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠬᠢᠭᠡᠳ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠵᠢᠮ᠎ᠡ ᠶᠣᠰᠣ ᠶᠢ ᠭᠦᠨᠵᠡᠭᠡᠢ ᠰᠤᠳᠤᠯᠤᠨ᠂ ᠵᠢᠭᠠᠨ ᠰᠤᠷᠭᠠᠯᠲᠠ ᠶᠢᠨ ᠲᠤᠷᠰᠢᠯᠭ᠎ᠠ ᠶᠢ ᠬᠤᠪᠢᠶᠠᠯᠴᠠᠨ᠂ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ 2024 ᠣᠨ ᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠰᠡᠳᠦᠪ ᠤᠨ ᠦᠵᠡᠯ ᠰᠠᠨᠠᠭ᠎ᠠ ᠶᠢ ᠣᠨᠣᠪᠴᠢᠲᠠᠶ ᠡᠵᠡᠮᠳᠡᠨ᠂ ᠳᠠᠪᠲᠠᠬᠤ ᠪᠠ ᠰᠢᠯᠭᠠᠯᠲᠠ ᠳᠤ ᠪᠡᠯᠡᠳᠬᠡᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠨ᠎ᠡ ᠪᠠᠶᠢᠳᠠᠯ ᠤᠨ ᠳᠣᠣᠷᠠᠬᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠴᠢᠭᠯᠡᠯ ᠢ ᠰᠦᠪᠡᠭᠴᠢᠯᠡᠬᠦ ᠪᠠᠷ ᠵᠣᠷᠢᠯᠭ᠎ᠠ ᠪᠠᠨ ᠪᠣᠯᠭᠠᠵᠠᠢ᠃ ᠦᠵᠡᠯ ᠰᠠᠨᠠᠭ᠎ᠠ ᠪᠠᠨ ᠨᠢᠭᠡᠳᠬᠡᠬᠦ ᠶᠢ ᠪᠠᠷᠢᠮᠲᠠᠯᠠᠵᠤ᠂ ᠪᠠᠶᠢᠳᠠᠯ ᠢ ᠲᠣᠳᠣᠷᠬᠠᠢ ᠲᠠᠨᠢᠵᠤ᠂ ᠪᠦᠬᠦ ᠰᠢᠶᠠᠨ ᠤ ᠰᠤᠷᠭᠠᠨ ᠬᠥᠮᠦᠵᠢᠯ ᠤᠨ ᠦᠢᠯᠡᠰ ᠢ ᠬᠥᠭᠵᠢᠭᠦᠯᠦᠨ ᠮᠠᠨᠳᠤᠭᠤᠯᠬᠤ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠢ᠃ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠵᠢᠭᠠᠨ ᠰᠤᠷᠭᠠᠯᠲᠠ ᠶᠢᠨ ᠬᠡᠪ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃      ᠡᠯ᠎ᠡ ᠬᠢᠴᠢᠶᠡᠯ ᠲᠥᠷᠥᠯ ᠤᠨ ᠪᠠᠭᠰᠢ ᠨᠠᠷ ᠰᠤᠳᠤᠯᠤᠨ ᠶᠠᠷᠢᠯᠴᠠᠬᠤ ᠳᠤ ᠢᠳᠡᠪᠬᠢᠲᠡᠢ ᠣᠷᠣᠯᠴᠠᠵᠤ᠂ ᠰᠤᠳᠤᠯᠤᠨ ᠶᠠᠷᠢᠯᠴᠠᠬᠤ ᠬᠤᠷᠠᠯ ᠲᠡᠭᠦᠰᠦᠭᠰᠡᠨ ᠤ ᠳᠠᠷᠠᠭ᠎ᠠ᠂ ᠡᠯ᠎ᠡ ᠬᠢᠴᠢᠶᠡᠯ ᠪᠡᠯᠡᠳᠬᠡᠬᠦ ᠳᠤᠭᠤᠶᠢᠯᠠᠩ ᠤᠨ ᠬᠢᠨ ᠰᠤᠳᠤᠯᠤᠨ ᠶᠠᠷᠢᠯᠴᠠᠬᠤ ᠶᠢ ᠦᠨᠳᠦᠰᠦᠯᠡᠨ ᠵᠢᠭᠠᠨ ᠰᠤᠳᠤᠯᠵᠤ᠂ ᠰᠣᠷᠣᠭᠰᠠᠨ ᠳᠠᠪᠲᠠᠬᠤ ᠠᠷᠭ᠎ᠠ ᠪᠣᠳᠣᠯᠭ᠎ᠠ ᠪᠠ ᠥᠨᠳᠥᠷ ᠳᠤᠮᠳᠠᠳᠤ ᠶᠢᠨ ᠰᠢᠯᠭᠠᠯᠲᠠ ᠶᠢᠨ ᠰᠡᠳᠦᠪ ᠤᠨ ᠴᠢᠭᠯᠡᠯ ᠲᠠᠢ ᠪᠠᠨ ᠤᠶᠠᠯᠳᠤᠭᠤᠯᠤᠨ᠂ ᠳᠠᠪᠲᠠᠬᠤ ᠠᠯᠬᠤᠮ ᠳᠠᠷᠠᠭ᠎ᠠ ᠪᠠ ᠠᠷᠭ᠎ᠠ ᠪᠠᠨ ᠲᠣᠬᠢᠷᠠᠭᠤᠯᠪᠠ᠃ ᠪᠠᠭᠰᠢ ᠨᠠᠷ ᠡᠨᠡ ᠪᠣᠯ ᠨᠢᠭᠡᠨ ᠤᠳᠠᠭᠠᠨ ᠤ ᠴᠠᠭ ᠬᠤᠭᠤᠴᠠᠭᠠᠲᠤ ᠴᠢᠨᠠᠷᠲᠠᠢ᠂ ᠬᠡᠷᠡᠭᠯᠡᠭᠡᠨ ᠤ ᠴᠢᠨᠠᠷᠲᠠᠢ᠂ ᠵᠢᠯᠣᠭᠤᠳᠤᠯᠭ᠎ᠠ ᠶᠢᠨ ᠴᠢᠨᠠᠷᠲᠠᠢ ᠪᠣᠯᠪᠠᠰᠤᠷᠠᠯ ᠮᠥᠨ ᠭᠡᠵᠦ ᠮᠠᠭᠲᠠᠨ ᠰᠠᠶᠢᠰᠢᠶᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠳᠤ ᠪᠡᠯᠡᠳᠬᠡᠬᠦ ᠶᠠᠪᠤᠴᠠ ᠳᠠᠬᠢ ᠳᠠᠪᠲᠠᠯᠭ᠎ᠠ ᠵᠢᠭᠠᠨ ᠰᠤᠷᠭᠠᠯᠲᠠ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ ᠭᠡᠵᠠᠢ᠃      ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠡᠩᠭᠡᠷᠭᠡ ᠶᠢᠨ ᠳᠠᠭᠤᠨ ᠴᠢᠬᠢᠨ ᠤ ᠬᠠᠵᠠᠭᠤ ᠳᠤ ᠴᠤᠤᠷᠢᠶᠠᠲᠤᠵᠤ᠂ ᠡᠭᠦᠯᠡᠨ ᠳᠠᠪᠬᠤᠷᠭ᠎ᠠ ᠶᠢᠨ ᠳᠣᠣᠷᠠᠬᠢ ᠬᠡᠳᠦᠨ ᠵᠤᠷᠪᠤᠰ ᠨᠡᠷᠡᠨ ᠤ ᠭᠡᠷᠡᠯ ᠪᠣᠯ ᠮᠠᠨ ᠤ ᠡᠷᠡᠯᠬᠡᠭᠯᠡᠨ ᠲᠡᠮᠡᠴᠡᠬᠦ ᠵᠠᠮ ᠤᠨ ᠡᠮᠦᠨ᠎ᠡ ᠲᠠᠯ᠎ᠠ ᠪᠣᠯᠣᠨ᠎ᠠ᠃ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠠᠵᠢᠯᠲᠠᠳ ᠪᠣᠳᠠᠲᠤ ᠪᠠᠶᠢᠳᠠᠯ ᠳᠤ ᠰᠢᠭᠤᠳ ᠬᠠᠨᠳᠤᠵᠤ᠂ ᠪᠣᠳᠠᠲᠤ ᠪᠠᠶᠢᠳᠠᠯ ᠲᠠᠢ ᠥᠷᠢᠰᠦᠯᠳᠦᠵᠦ᠂ ᠡᠨᠡ ᠬᠦ ᠬᠤᠷᠴᠠ ᠰᠢᠷᠦᠭᠦᠨ ᠲᠡᠮᠡᠴᠡᠯ ᠳᠤ ᠲᠠᠰᠤᠷᠠᠯᠲᠠ ᠦᠭᠡᠢ ᠡᠷᠡᠯᠬᠡᠭᠯᠡᠨ ᠲᠡᠮᠡᠴᠡᠵᠦ᠂ ᠬᠦᠴᠦᠯᠡᠨ ᠴᠢᠷᠮᠠᠶᠢᠵᠤ᠂ ᠪᠣᠳᠠᠲᠤ ᠠᠵᠢᠯᠯᠠᠭ᠎ᠠ ᠪᠠᠷ ᠢᠶᠠᠨ ᠮᠠᠨ ᠤ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠪᠣᠯᠣᠨ᠎ᠠ᠃ ︵ᠰᠤᠷᠪᠤᠯᠵᠢᠯᠠᠭᠴᠢ᠄ ᠴᠢᠶᠣᠤ ᠳ᠋ᠦᠩ ᠳ᠋ᠦᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号