ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/4
     2 ᠰᠠᠷ᠎ᠠ ᠶᠢᠨ 28 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠪᠦᠬᠦ ᠬᠤᠳᠠ ᠶᠢᠨ ︽ᠵᠢᠷᠭᠤᠭᠠᠨ ᠢᠨᠵᠧᠨᠧᠷᠢᠩ︾ ᠤᠨ ᠡᠭᠦᠷᠭᠡ ᠶᠢᠨ ᠲᠣᠬᠢᠷᠠᠭᠤᠯᠤᠯᠲᠠ ᠵᠢᠴᠢ ᠠᠷᠭ᠎ᠠ ᠬᠡᠮᠵᠢᠶ᠎ᠡ ᠠᠪᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ᠦᠴᠦᠸᠠᠨ ᠰᠢᠶᠠᠨ ᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠣᠥᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠲᠥᠰᠥᠯ︾ ᠤᠨ ᠬᠤᠯᠪᠣᠭᠳᠠᠯ ᠪᠦᠬᠦᠢ ᠵᠦᠢᠯᠡᠰ ᠢ ᠬᠢᠨᠠᠨ ᠵᠥᠪᠯᠡᠪᠡ᠃      ᠬᠤᠷᠠᠯ ᠠᠴᠠ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠠᠯ᠎ᠠ ᠪᠠᠷ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡ ᠶᠢᠨ ᠨᠠᠷᠢᠨ ᠳᠠᠩᠰᠠ ᠶᠢ ᠵᠢᠭᠰᠠᠭᠠᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠲᠦᠷᠦᠯ ᠵᠦᠢᠯ ᠢ ᠰᠤᠳᠤᠯᠤᠨ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠦᠷᠭᠡᠳᠬᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢ ᠪᠦᠬᠦ ᠬᠦᠴᠦᠨ ᠢᠶᠠᠷ ᠢᠶᠠᠨ ᠰᠢᠯᠢᠳᠡᠭᠵᠢᠭᠦᠯᠬᠦ ᠬᠡᠷᠡᠭᠲᠡᠢ︔ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠤᠨ ᠲᠠᠯ᠎ᠠ ᠪᠠᠷ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠠᠴᠠ ᠣᠯᠭᠤᠭᠰᠠᠨ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠡᠮᠬᠢᠯᠡᠵᠦ᠂ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠲᠤᠷ ᠠᠰᠢᠭᠯᠠᠵᠤ᠂ ᠮᠠᠨ ᠤ ᠰᠢᠶᠠᠨ ᠤ ᠥᠪᠡᠷᠮᠢᠴᠡ ᠭᠠᠵᠠᠷ ᠵᠦᠢ ᠶᠢᠨ ᠣᠷᠴᠢᠨ ᠲᠣᠭᠤᠷᠢᠨ ᠪᠠ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠥᠨᠳᠦᠷᠯᠢᠭ ᠤᠨ ᠣᠨᠴᠠᠯᠢᠭᠲᠤ ᠮᠠᠯ ᠠᠵᠤ ᠠᠬᠤᠢ ᠲᠠᠷᠢᠶᠠᠯᠠᠩ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ︔ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠭᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠲᠠᠯ᠎ᠠ ᠪᠠᠷ᠂ ᠮᠠᠨ ᠤ ᠰᠢᠶᠠᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠠᠮᠢ ᠠᠬᠤᠢ ᠶᠢ ᠰᠡᠷᠭᠦᠭᠡᠬᠦ᠂ ᠠᠭᠤᠷᠬᠠᠢ ᠶᠢ ᠵᠠᠰᠠᠬᠤ ᠪᠠ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠤᠶᠠᠯᠳᠤᠭᠤᠯᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠨᠧᠷᠭᠢ ᠨᠥᠭᠡᠴᠡᠯᠡᠵᠦ ᠰᠠᠯᠬᠢᠨ ᠬᠦᠴᠦᠨ ᠢ ᠲᠣᠬᠢᠷᠠᠭᠤᠯᠬᠤ ᠴᠠᠬᠢᠯᠭᠠᠨ ᠦᠷᠳᠡᠭᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠳᠤ ᠪᠠᠶᠢᠭ᠎ᠠ ᠴᠠᠬᠢᠯᠭᠠᠨ ᠲᠣᠣᠷ ᠤᠨ ᠪᠦᠲᠦᠴᠡ ᠶᠢ ᠰᠢᠯᠢᠳᠡᠭᠵᠢᠭᠦᠯᠵᠦ᠂ ᠪᠣᠬᠢᠷᠲᠤᠯ ᠦᠭᠡᠢ ᠡᠨᠧᠷᠭᠢ ᠶᠢ ᠰᠢᠩᠭᠡᠭᠡᠬᠦ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠬᠡᠷᠡᠭᠲᠡᠢ︔ ᠳᠤᠯᠠᠭᠠᠯᠠᠬᠤ ᠢᠨᠵᠧᠨᠧᠷᠢᠩ ᠤᠨ ᠲᠠᠯ᠎ᠠ ᠪᠠᠷ᠂ ᠮᠠᠨ ᠤ ᠰᠢᠶᠠᠨ ᠬᠠᠭᠤᠴᠢᠨ ᠬᠤᠷᠢᠶᠠᠯᠠᠯ ᠢ ᠥᠭᠡᠷᠡᠴᠢᠯᠡᠨ ᠵᠠᠰᠠᠬᠤ᠂ ᠬᠤᠳᠠ ᠶᠢᠨ ᠵᠠᠮ ᠢ ᠥᠭᠡᠷᠡᠴᠢᠯᠡᠨ ᠰᠠᠶᠢᠵᠢᠷᠠᠭᠤᠯᠬᠤ᠂ ᠬᠤᠳᠠ ᠶᠢᠨ ᠬᠤᠭᠤᠯᠠᠢ ᠶᠢᠨ ᠲᠣᠣᠷ ᠢ ᠰᠢᠨᠡᠳᠬᠡᠬᠦ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠴᠡᠭᠴᠡᠯᠡᠨ ᠵᠠᠰᠠᠬᠤ ᠵᠡᠷᠭᠡ ᠢᠨᠵᠧᠨᠧᠷᠢᠩ ᠠᠴᠠ ᠭᠠᠷᠳᠠᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠢᠯᠴᠢ ᠶᠢᠨ ᠰᠤᠷᠪᠤᠯᠵᠢ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ︔ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠤᠨ ᠲᠠᠯ᠎ᠠ ᠪᠠᠷ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾ ᠪᠣᠯᠣᠨ ᠬᠦᠢᠲᠡᠨ ᠰᠡᠷᠢᠭᠦᠨ ᠢᠳᠡᠰᠢᠨ ᠨᠣᠭᠤᠭ᠎ᠠ ᠵᠡᠷᠭᠡ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠰᠠᠭᠤᠷᠢᠨ ᠭᠠᠵᠠᠷ ᠢ  ᠪᠠᠶᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠮ ᠤᠨ ᠬᠤᠷᠢᠶ᠎ᠠ ᠨᠢᠭᠡᠳᠦᠯᠲᠡᠢ ᠤᠳᠤᠷᠢᠳᠬᠤ᠂ ᠵᠠᠰᠠᠭ ᠤᠨ ᠣᠷᠳᠣᠨ ᠪᠣᠳᠠᠲᠠᠢ ᠬᠠᠷᠢᠭᠤᠴᠠᠬᠤ᠂ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠰᠢᠶᠠᠩ ᠪᠠᠯᠭᠠᠰᠤ᠂ ᠲᠣᠰᠬᠤᠨ ᠤ ᠨᠢᠭᠡᠳᠦᠭᠡᠷ ᠹᠷᠣᠨᠲ ᠲᠤ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠲᠠᠷᠢᠶᠠᠨ ᠭᠠᠵᠠᠷ ᠪᠣᠯᠣᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠬᠤ ᠬᠡᠷᠡᠭᠲᠡᠢ᠃ ᠠᠰᠠᠭᠤᠳᠠᠯ ᠭᠠᠷᠪᠠᠯ ᠴᠠᠭ ᠲᠤᠬᠠᠢ ᠳᠤᠨᠢ ᠬᠠᠷᠢᠭᠤᠴᠠᠯᠭ᠎ᠠ ᠨᠡᠬᠡᠮᠵᠢᠯᠡᠵᠦ᠂ ᠨᠠᠰᠤᠨ ᠲᠤᠷᠰᠢᠲᠠ ᠬᠠᠷᠢᠭᠤᠴᠠᠯᠭ᠎ᠠ ᠨᠡᠬᠡᠮᠵᠢᠯᠡᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢ ᠴᠢᠩᠭᠠᠳᠬᠠᠵᠤ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠬᠠᠩᠭᠠᠯᠭ᠎ᠠ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠪᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号