ᠰᠦᠯᠵᠢᠶᠡᠨ ᠳᠡᠭᠡᠷᠡᠬᠢ ᠵᠣᠭᠤᠰ ᠪᠤᠴᠠᠭᠠᠬᠤ ︽ᠤᠨᠠᠭᠤᠯᠢ︾ ᠠᠴᠠ ᠰᠡᠷᠡᠮᠵᠢᠯᠡᠭᠡᠷᠡᠢ
ᠨᠡᠶᠢᠲᠡᠯᠡᠭᠰᠡᠨ ᠴᠠᠭ᠄
2024/3/4
     ᠭᠦᠭᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠠᠶᠢᠬᠠᠨ ᠲᠣᠭᠤᠷᠢᠭ ᠤᠨ ᠬᠤᠪᠢᠶᠠᠷᠢ ᠲᠣᠪᠴᠢᠶ᠎ᠠ ᠣᠶᠢᠷ᠎ᠠ ᠳᠤ ᠵᠣᠭᠤᠰ ᠪᠤᠴᠠᠭᠠᠬᠤ ᠪᠠᠷ ᠣᠪᠯᠠᠭᠰᠠᠨ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠤᠨ ᠬᠡᠷᠡᠭ ᠢ ᠳᠡᠩᠨᠡᠨ ᠢᠯᠡᠷᠡᠭᠦᠯᠵᠦ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠲᠤᠭ᠎ᠠ ᠨᠢ ᠨᠠᠢᠮᠠᠨ ᠮᠢᠩᠭ᠎ᠠ ᠭᠠᠷᠤᠢ ᠲᠥᠭᠦᠷᠢᠭ ᠲᠤ ᠬᠦᠷᠴᠡᠢ᠃      ᠣᠶᠢᠯᠠᠭᠠᠭᠰᠠᠨ ᠢᠶᠠᠷ᠂ ᠯᠢᠦ ᠠᠪᠠᠭ᠋ᠠᠢ ᠨᠢᠭᠡᠨ ᠡᠯᠧᠺᠲᠷᠣᠨ ᠬᠤᠳᠠᠯᠳᠤᠭᠠᠨ ᠤ ᠲᠠᠪᠴᠠᠩ ᠠᠴᠠ ᠬᠤᠪᠴᠠᠰᠤ ᠬᠤᠳᠠᠯᠳᠤᠨ ᠠᠪᠤᠭᠰᠠᠨ ᠤ ᠳᠠᠷᠠᠭ᠎ᠠ᠂ ᠤᠬᠠᠭᠤᠯᠭ᠎ᠠ ᠶᠢᠨ ᠠᠭᠤᠯᠭ᠎ᠠ ᠲᠠᠢ ᠨᠢ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠭᠡᠳ᠂ ᠦᠢᠯᠡᠴᠢᠯᠡᠭᠴᠢ ᠲᠠᠢ ᠬᠠᠷᠢᠯᠴᠠᠵᠤ ᠵᠣᠭᠤᠰ ᠢᠶᠠᠨ ᠪᠤᠴᠠᠭᠠᠬᠤ ᠪᠠᠷ ᠱᠠᠭᠠᠷᠳᠠᠪᠠ᠃ ᠤᠳᠠᠯ ᠦᠭᠡᠢ ᠲᠡᠷᠡ ᠲᠣᠰ ᠡᠯᠧᠺᠲᠷᠣᠨ ᠬᠤᠳᠠᠯᠳᠤᠭᠠᠨ ᠤ ᠲᠠᠪᠴᠠᠩ ᠤᠨ ︽ᠦᠢᠯᠡᠴᠢᠯᠡᠭᠴᠢ︾ ᠶᠢᠨ ᠤᠲᠠᠰᠤ ᠶᠢ ᠲᠤᠰᠴᠤ᠂ ᠨᠥᠭᠦᠭᠡ ᠡᠲᠡᠭᠡᠳ ᠨᠢ ᠲᠡᠭᠦᠨ ᠳᠤ ᠵᠣᠭᠤᠰ ᠢ ᠪᠤᠴᠠᠭᠠᠵᠤ ᠥᠭᠴᠦ ᠪᠣᠯᠣᠨ᠎ᠠ ᠭᠡᠵᠦ ᠢᠯᠡᠷᠬᠡᠶᠢᠯᠡᠭᠰᠡᠨ ᠤ ᠳᠠᠷᠠᠭ᠎ᠠ᠂ ᠲᠡᠭᠦᠨ ᠤ ᠬᠤᠪᠢ ᠬᠥᠮᠥᠨ ᠤ ᠮᠡᠳᠡᠭᠡ ᠵᠠᠩᠭᠢ ᠪᠠ ᠪᠠᠩᠬᠢ ᠶᠢᠨ ᠲᠠᠩᠰᠠᠨ ᠤ ᠮᠡᠳᠡᠭᠡ ᠵᠠᠩᠭᠢ ᠶᠢ ᠯᠠᠪᠯᠠᠨ ᠠᠰᠠᠭᠤᠵᠠᠢ᠃ ᠯᠢᠦ ᠠᠪᠠᠭ᠋ᠠᠢ ᠣᠯᠠᠨ ᠶᠠᠭᠤᠮ᠎ᠠ ᠪᠤᠳᠣᠬᠰᠠᠨ ᠦᠭᠡᠢ ᠪᠠᠷ ᠨᠥᠭᠦᠭᠡ ᠡᠲᠡᠭᠡᠳ ᠤᠨ ᠢᠶᠠᠨ ᠵᠢᠭᠠᠪᠤᠷᠢ ᠪᠠᠷ ᠪᠡᠶ᠎ᠡ ᠶᠢᠨ ᠦᠨᠡᠮᠯᠡᠯ ᠤᠨ ᠭᠡᠷᠡᠯ ᠵᠢᠷᠤᠭ᠂ ᠪᠠᠩᠬᠢ ᠶᠢᠨ ᠺᠠᠷᠲ ᠤᠨ ᠭᠡᠷᠡᠯ ᠵᠢᠷᠤᠭ ᠵᠢᠴᠢ ᠭᠠᠷ ᠤᠲᠠᠰᠤᠨ ᠤ ᠰᠢᠯᠭᠠᠨ ᠪᠠᠲᠤᠯᠠᠬᠤ ᠺᠣᠳ᠋ ᠵᠡᠷᠭᠡ ᠮᠡᠳᠡᠭᠡ ᠵᠠᠩᠭᠢ ᠪᠠᠨ ᠬᠠᠩᠭᠠᠪᠠ᠃ ᠳᠡᠮᠡᠢ ᠤᠳᠠᠯ ᠦᠭᠡᠢ ᠯᠢᠦ ᠠᠪᠠᠭ᠋ᠠᠢ ᠪᠠᠩᠬᠢ ᠶᠢᠨ ᠺᠠᠷᠲ ᠳᠣᠲᠣᠷᠠᠬᠢ ᠨᠠᠢᠮᠠᠨ ᠮᠢᠩᠭ᠎ᠠ ᠭᠠᠷᠤᠢ ᠲᠥᠭᠦᠷᠢᠭ ᠢ ᠨᠢ ᠰᠢᠯᠵᠢᠭᠦᠯᠦᠨ ᠠᠪᠠᠴᠢᠭᠰᠠᠨ ᠢ ᠣᠯᠵᠤ ᠮᠡᠳᠡᠭᠡᠳ ᠲᠡᠷᠡ ᠳᠠᠷᠤᠢ ᠳᠤᠨᠢ ᠬᠡᠷᠡᠭ ᠮᠡᠳᠡᠭᠦᠯᠪᠡ᠃      ᠬᠡᠷᠡᠭ ᠤᠨ ᠮᠡᠳᠡᠭᠦᠯᠦᠯᠲᠡ ᠶᠢ ᠣᠯᠣᠭᠰᠠᠨ ᠤ ᠳᠠᠷᠠᠭ᠎ᠠ᠂ ᠴᠠᠭᠳᠠᠭ᠎ᠠ ᠨᠠᠷ ᠪᠠᠷᠢᠨ ᠲᠠᠩᠨᠠᠨ ᠪᠠᠶᠢᠴᠠᠭᠠᠭᠠᠳ ᠡᠨᠡ ᠬᠦ ᠬᠡᠷᠡᠭ ᠢ ᠭᠤᠷᠪᠠᠨ ᠬᠥᠮᠥᠨ ᠤ ᠡᠪᠰᠡᠯ ᠪᠦᠯᠦᠭ ᠦᠢᠯᠡᠳᠴᠦ᠂ ᠲᠡᠳᠡ ᠯᠢᠦ ᠠᠪᠠᠭ᠋ᠠᠢ ᠶᠢᠨ ᠵᠣᠭᠤᠰ ᠢᠶᠠᠨ  ᠪᠤᠴᠠᠭᠠᠨ ᠠᠪᠬᠤ ᠭᠡᠵᠦ ᠶᠠᠭᠠᠷᠠᠵᠤ ᠪᠠᠶᠢᠭ᠎ᠠ ᠰᠡᠳᠬᠢᠯᠭᠡ ᠶᠢ ᠠᠰᠢᠭᠯᠠᠨ ᠦᠢᠯᠡᠴᠢᠯᠡᠭᠴᠢ ᠪᠠᠷ ᠣᠪᠯᠠᠨ ᠮᠡᠬᠡᠯᠡᠭᠰᠡᠨ ᠪᠠᠶᠢᠨ᠎ᠠ᠃  ᠴᠠᠭᠳᠠᠭ᠎ᠠ ᠶᠢᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠡᠮᠵᠢᠨ᠂ ᠤᠷᠢᠳ ᠬᠤᠵᠢᠳ ᠭᠤᠷᠪᠠᠨ  ᠶᠠᠯ᠎ᠠ  ᠶᠢᠨ  ᠰᠡᠵᠢᠭᠲᠡᠨ ᠢ ᠪᠠᠷᠢᠪᠴᠢᠯᠠᠪᠠ᠃ ᠣᠳᠣᠬᠠᠨ ᠳᠤ ᠲᠤᠰ ᠬᠡᠷᠡᠭ ᠢ ᠤᠯᠠᠮ ᠴᠢᠨᠠᠭᠰᠢᠳᠠ ᠰᠢᠢᠳᠪᠦᠷᠢᠯᠡᠵᠦ ᠪᠤᠢ᠃      ᠪᠠᠭ᠎ᠠ ᠠᠰᠢᠭ ᠲᠤ ᠰᠢᠨᠤᠪᠠᠯ ᠶᠡᠭᠡ ᠬᠤᠬᠢᠷᠠᠯ ᠠᠮᠰᠠᠨ᠎ᠠ᠃ ᠴᠠᠭᠢᠯᠭᠠᠨ ᠬᠤᠯᠪᠤᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠳᠤ ᠪᠠᠭ᠎ᠠ ᠠᠰᠢᠭ ᠲᠤ  ᠰᠢᠨᠤᠵᠤ ᠪᠤᠯᠬᠤ ᠦᠭᠡᠢ᠂ ᠰᠣᠨᠣᠷ ᠰᠡᠷᠡᠮᠵᠢ ᠪᠠᠨ ᠲᠡᠭᠡᠭᠰᠢᠯᠡᠭᠦᠯᠵᠦ᠂ ᠬᠤᠪᠢ ᠬᠥᠮᠥᠨ ᠤ ᠮᠡᠳᠡᠭᠡ ᠵᠠᠩᠭᠢ᠂ ᠪᠠᠩᠬᠢ ᠶᠢᠨ ᠺᠠᠷᠲ ᠤᠨ ᠮᠡᠳᠡᠭᠡ ᠵᠠᠩᠭᠢ ᠪᠠᠨ ᠰᠠᠶᠢᠲᠤᠷ ᠬᠠᠮᠠᠭᠠᠯᠠᠵᠤ᠂ ᠲᠠᠩᠰᠠ ᠰᠢᠯᠵᠢᠭᠦᠯᠵᠦ ᠵᠣᠭᠤᠰ ᠭᠤᠪᠢᠭᠤᠯᠬᠤ ᠳᠠᠭᠠᠨ ᠡᠷᠬᠡᠪᠰᠢ ᠬᠢᠴᠢᠶᠡᠬᠦ ᠬᠡᠷᠡᠭᠲᠡᠢ᠂ ᠮᠡᠬᠡᠯᠡᠭᠳᠡᠭᠰᠡᠨ ᠢᠶᠠᠨ ᠮᠡᠳᠡᠪᠡᠯ ᠴᠠᠭ ᠲᠤᠬᠠᠢ ᠳᠤᠨᠢ ᠬᠡᠷᠡᠭ ᠮᠡᠳᠡᠭᠦᠯᠦᠭᠡᠷᠡᠢ ᠭᠡᠵᠦ ᠴᠠᠭᠳᠠᠭ᠎ᠠ ᠨᠠᠷ ᠰᠠᠨᠠᠭᠤᠯᠵᠤ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号