- ︽ᠲᠦᠷᠭᠡᠨ ᠨᠡᠮᠡᠭᠳᠡᠬᠦ ᠲᠤᠭ᠎ᠠ ᠪᠠᠷᠢᠮᠲᠠ︾ ᠠᠴᠠ ᠥᠪᠥᠷ ᠮᠣᠩᠭᠤᠯ ᠤᠨ ᠡᠷᠡᠮᠡᠬᠡᠶᠢᠯᠡᠨ ᠤᠷᠤᠭᠰᠢᠯᠠᠬᠤ | ᠬᠠᠷᠢᠭᠤᠴᠠᠯᠭ᠎ᠠ ᠡᠭᠦᠷᠭᠡᠯᠡᠯ ᠢ ᠬᠠᠷᠠᠬᠤᠢ | | ᠲᠤᠭ᠎ᠠ ᠪᠠᠷᠢᠮᠲᠠ ᠶᠢᠨ ᠵᠢᠷᠤᠭ ᠬᠦᠰᠦᠨᠦᠭᠲᠦ | 2023 ᠣᠨ ᠳᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠪᠠᠬᠢᠵᠢᠭᠦᠯᠬᠦ ᠪᠦᠲᠦᠭᠡᠨ ᠪᠠᠶᠢᠭᠤᠯᠤᠯᠲᠠ ᠶᠢ ᠰᠢᠰᠲ᠋ᠧᠮ ᠲᠠᠢ ᠥᠨᠳᠥᠷ ᠪᠦᠲᠦᠮᠵᠢᠲᠡᠢ ᠪᠠᠷ | ᠠᠬᠢᠭᠤᠯᠵᠤ᠂ 8 ᠲᠠᠯ᠎ᠠ ᠶᠢᠨ 37 ᠵᠦᠢᠯ ᠤᠨ ᠣᠨ ᠤ ᠭᠤᠣᠯᠳᠠᠯᠭ᠎ᠠ ᠲᠠᠢ ᠡᠭᠦᠷᠭᠡ ᠶᠢ ᠪᠦᠭᠦᠨ ᠢ ᠪᠡᠶᠡᠯᠡᠭᠦᠯᠪᠡ᠃ | ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ 2 ᠲᠦᠮᠡ | ᠭᠠᠷᠤᠢ ᠵᠦᠢᠯ ᠢ ᠣᠷᠣᠯᠠᠨ ᠭᠦᠢᠴᠡᠳᠬᠡᠪᠡ᠃ ᠵᠠᠭᠠᠯᠳᠤᠯᠭ᠎ᠠ ᠠᠴᠠ ᠡᠮᠦᠨ᠎ᠡ 28.6 ᠲᠦᠮᠡᠨ ᠬᠤᠪᠢ ᠬᠡᠷᠡᠭ ᠢ | ᠠᠮᠵᠢᠯᠲᠠ ᠲᠠᠢ ᠪᠠᠷ ᠡᠶᠡᠳᠡᠭᠦᠯᠦᠨ ᠰᠢᠢᠳᠪᠦᠷᠢᠯᠡᠪᠡ᠃ | ᠴᠠᠭᠢᠯᠭᠠᠨ ᠴᠢᠮᠡᠭᠡ ᠬᠤᠯᠪᠤᠭ᠎ᠠ ᠰᠦᠯᠵᠢᠶᠡᠨ ᠤ ᠮᠡᠬᠡᠯᠡᠯ ᠤᠨ 6948 ᠬᠡᠷᠡᠭ ᠢ ᠳᠡᠩᠨᠡᠨ ᠢᠯᠡᠷᠡᠭᠦᠯᠪᠡ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ 34 ᠭᠤᠣᠯᠳᠠᠯᠭ᠎ᠠ ᠲᠠᠢ ᠲᠦᠷᠦᠯ ᠵᠦᠢᠯ ᠢ | ᠡᠭᠦᠳᠦᠨ ᠪᠠᠶᠢᠭᠤᠯᠪᠠ᠃ | ᠪᠦᠭᠦ ᠣᠷᠣᠨ ᠤ ᠬᠢᠯᠢ ᠶᠢᠨ ᠬᠠᠮᠠᠭᠠᠯᠠᠭᠴᠢ ᠶᠢᠨ ᠶᠡᠷᠦᠩᠬᠡᠢ ᠲᠤᠭ᠎ᠠ 3506 ᠬᠥᠮᠥᠨ ᠳᠤ ᠭᠦᠷᠪᠡ; | ᠬᠢᠯᠢ ᠶᠢᠨ ᠬᠠᠮᠠᠭᠠᠯᠠᠯᠲᠠ ᠶᠢᠨ ᠴᠠᠭᠳᠠᠭᠠᠨ ᠤ ᠶᠠᠪᠤᠳᠠᠯ ᠤᠨ ᠲᠠᠰᠤᠭ ᠢ 109 ᠲᠣᠬᠢᠷᠠᠭᠤᠯᠵᠤ ᠪᠠᠶᠢᠭᠤᠯᠪᠠ᠃ | | | | | ᠥᠩᠭᠡᠷᠡᠭᠰᠡᠨ 2023 ᠣᠨ ᠢ ᠡᠷᠭᠢᠴᠡᠭᠦᠯᠬᠦᠶ᠎ᠡ᠂ ᠣᠨ ᠤ ᠬᠦᠷᠳᠦ ᠴᠠᠭ ᠤᠨ ᠲᠡᠩᠭᠡᠯᠢᠭ ᠳᠡᠭᠡᠷ᠎ᠡ ᠥᠪᠥᠷ | ᠮᠣᠩᠭᠤᠯ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ | ᠴᠣᠭᠴᠠᠯᠠᠬᠤ ᠶᠢ ᠡᠷᠡᠰ ᠡᠭᠦᠷᠭᠡᠯᠡᠭᠰᠡᠨ ᠡᠨᠡ ᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢᠨ | ᠬᠤᠪᠢᠶᠠᠷᠢ ᠶᠢ ᠲᠣᠳᠣᠷᠬᠠᠶᠢᠯᠠᠵᠠᠢ᠃ | ︽ᠨᠠᠮ ᠰᠠᠨᠠᠭ᠎ᠠ ᠠᠮᠤᠷ ᠪᠠᠶᠢᠭᠠᠷᠠᠢ᠂ ᠤᠮᠠᠷᠠᠲᠤ ᠬᠢᠯᠢ ᠳᠤ ᠪᠢ ᠪᠠᠶᠢᠨ᠎ᠠ︕︾ 2023 ᠣᠨ ᠤ ︽ᠳᠤᠮᠳᠠᠳᠤ | ᠤᠯᠤᠰ ᠤᠨ ᠵᠠᠯᠠᠭᠤᠴᠤᠳ ᠤᠨ ᠲᠠᠪᠤᠨ ᠰᠠᠷ᠎ᠠ ᠶᠢᠨ ᠳᠥᠷᠪᠡᠨ ᠤ ᠱᠠᠩᠨᠠᠯ ᠤᠨ ᠮᠧᠳᠠᠯ︾ ᠢ ᠭᠦᠷᠲᠡᠭᠴᠢ᠂ ᠥᠪᠥᠷ | ᠮᠣᠩᠭᠤᠯ ᠤᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠶᠡᠷᠦᠩᠬᠡᠢ ᠥᠷᠲᠡᠭᠡ | ᠶᠢᠨ ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠢᠩᠭᠡᠨ ᠬᠢᠯᠢ ᠶᠢᠨ ᠲᠣᠮᠢᠯᠠᠭᠰᠠᠨ | ᠰᠠᠯᠪᠤᠷᠢ ᠶᠢᠨ ᠳᠡᠳ᠋ ᠳᠠᠷᠤᠭ᠎ᠠ ᠰᠢᠦᠢ ᠨᠠᠶ ᠴᠤᠸ ᠪᠣᠯᠣᠨ ᠲᠡᠭᠦᠨ ᠤ ᠡᠬᠡᠨᠡᠷ ᠯᠢ ᠸᠧᠨ ᠨᠠ ᠬᠡᠮᠡᠬᠦ ᠡᠨᠡ ᠬᠦ ᠠᠮᠠᠷᠠᠭ | ᠬᠤᠣᠰ ᠤᠨ ᠡᠯᠡᠰᠦᠨ ᠴᠥᠯ ᠭᠤᠪᠢ ᠳᠤ ᠬᠢᠯᠢ ᠬᠢᠵᠠᠭᠠᠷ ᠢᠶᠠᠨ ᠰᠠᠬᠢᠵᠤ ᠪᠠᠶᠢᠭ᠎ᠠ ᠥᠯᠢᠭᠡᠷ ᠨᠢ ᠲᠤᠭ᠎ᠠ ᠲᠣᠮᠰᠢ | ᠦᠭᠡᠢ ᠣᠯᠠᠨ ᠰᠦᠯᠵᠢᠶᠡᠨ ᠠᠨᠳᠠ ᠨᠠᠷ ᠤᠨ ᠰᠡᠳᠬᠢᠯ ᠢ ᠬᠥᠳᠡᠯᠭᠡᠵᠡᠢ᠃ | ᠬᠢᠯᠢ ᠬᠢᠵᠠᠭᠠᠷ ᠢ ᠰᠠᠬᠢᠨ ᠬᠠᠮᠠᠭᠠᠯᠠᠬᠤ ᠴᠠᠭᠳᠠᠭ᠎ᠠ ᠨᠢᠭᠡᠪᠦᠷᠢ ᠶᠢᠨ ᠠᠷᠤ ᠳᠤ ᠥᠪᠥᠷ ᠮᠣᠩᠭᠤᠯ ᠤᠨ ᠬᠢᠨ | ᠡᠬᠡ ᠣᠷᠣᠨ ᠤ ᠪᠠᠨ ︽ᠤᠮᠠᠷᠠᠲᠤ ᠶᠡᠭᠡ ᠬᠠᠭᠠᠯᠭ᠎ᠠ︾ ᠶᠢ ᠰᠠᠶᠢᠲᠤᠷ ᠰᠠᠬᠢᠵᠤ᠂ ᠨᠡᠶᠢᠰᠯᠡᠯ ᠤᠨ ︽ᠬᠠᠮᠠᠭᠠᠯᠠᠯᠲᠠ ᠶᠢᠨ | ᠭᠤᠣᠯ︾ ᠪᠣᠯᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠠᠮᠤᠷ ᠲᠠᠶᠢᠪᠤᠩ | ᠪᠠᠶᠢᠬᠤ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠦᠨ ᠬᠥᠭᠵᠢᠭᠦᠯᠬᠦ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ | ᠲᠤᠰᠬᠠᠭᠳᠠᠵᠤ ᠪᠠᠶᠢᠨ᠎ᠠ᠃ | ᠲᠣᠭᠲᠠᠭᠤᠨ ᠪᠠᠶᠢᠯᠭᠠᠬᠤ ᠪᠣᠯ ᠶᠡᠭᠡ ᠲᠠᠯ᠎ᠠ ᠪᠠ ᠰᠠᠭᠤᠷᠢ ᠮᠥᠨ᠃ 8000 ᠭᠠᠷᠤᠢ ᠭᠠᠵᠠᠷ ᠤᠨ ᠬᠢᠯᠢ ᠶᠢᠨ | ᠱᠤᠭᠤᠮ ᠲᠠᠢ᠂ 36 ᠲᠦᠮᠡᠨ ᠲᠡᠭᠰᠢ ᠳᠥᠷᠪᠡᠯᠵᠢᠨ ᠺᠢᠯᠣᠮᠧᠲᠷ ᠤᠨ ᠬᠢᠯᠢ ᠶᠢᠨ ᠬᠠᠮᠢᠶᠠᠷᠤᠯᠲᠠ ᠶᠢᠨ ᠣᠷᠣᠨ ᠲᠠᠢ | ᠥᠪᠥᠷ ᠮᠣᠩᠭᠤᠯ ᠳᠤ ᠠᠪᠴᠤ ᠬᠡᠯᠡᠪᠡᠯ᠂ ᠡᠬᠡ ᠤᠯᠤᠰ ᠤᠨ ᠬᠢᠯᠢ ᠬᠢᠵᠠᠭᠠᠷ ᠢ ᠰᠠᠶᠢᠲᠤᠷ ᠰᠠᠬᠢᠬᠤ ᠬᠠᠷᠢᠭᠤᠴᠠᠯᠭ᠎ᠠ | ᠲᠤᠶᠢᠯ ᠤᠨ ᠬᠦᠨᠳᠦ ᠴᠢᠬᠤᠯᠠ ᠶᠤᠮ᠃ | ᠪᠠᠶᠠᠷᠯᠠᠭᠤᠰᠢᠲᠠᠢ ᠨᠢ ᠥᠩᠭᠡᠷᠡᠭᠰᠡᠨ ᠨᠢᠭᠡ ᠵᠢᠯ ᠳᠤ ᠥᠪᠥᠷ ᠮᠣᠩᠭᠤᠯ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠡᠯ᠎ᠡ ᠵᠦᠢᠯ ᠤᠨ ᠠᠵᠢᠯ ᠤᠨ ᠭᠤᠣᠯ ᠰᠢᠵᠢᠮ | ᠪᠤᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ ᠡᠬᠡ ᠤᠯᠤᠰ ᠤᠨ ᠤᠮᠠᠷᠠᠲᠤ ᠬᠢᠯᠢ ᠶᠢᠨ | ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ ᠰᠢᠰᠲ᠋ᠧᠮ ᠲᠠᠢ ᠥᠨᠳᠥᠷ | ᠪᠦᠲᠦᠮᠵᠢᠲᠡᠢ ᠪᠠᠷ ᠠᠬᠢᠭᠤᠯᠵᠤ᠂ 8 ᠲᠠᠯ᠎ᠠ ᠶᠢ ᠬᠠᠮᠤᠷᠤᠭᠰᠠᠨ 37 ᠵᠦᠢᠯ ᠤᠨ ᠣᠨ ᠤ ᠭᠤᠣᠯᠳᠠᠯᠭ᠎ᠠ ᠲᠠᠢ | ᠡᠭᠦᠷᠭᠡ ᠶᠢ ᠪᠦᠭᠦᠨ ᠢ ᠪᠡᠶᠡᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠳᠠᠪᠬᠤᠷᠭ᠎ᠠ ᠳᠤ᠂ ᠨᠢᠳᠤᠨᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠠᠴᠠ ᠬᠢᠨᠠᠨ ᠵᠥᠪᠯᠡᠵᠦ | ᠪᠠᠲᠤᠯᠠᠭᠰᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠨᠢ ᠵᠢᠱᠢᠶᠡᠴᠢ | ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ︽ᠳᠤᠯᠤᠭᠠᠨ ᠲᠠᠯ᠎ᠠ ᠪᠠᠷ | ᠵᠢᠱᠢᠶᠡᠴᠢ ᠪᠤᠯᠬᠤ︾ ᠶᠢ ᠳᠤᠷᠠᠳᠴᠠᠢ᠃ ᠡᠭᠦᠨ ᠳᠤ ᠨᠤᠲᠤᠭ ᠤᠰᠤ ᠪᠠᠨ ᠰᠠᠬᠢᠨ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠪᠠᠷᠢᠮᠲᠠᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠶᠢ ᠡᠪᠳᠡᠷᠡᠰᠢ ᠦᠭᠡᠢ ᠪᠠᠲᠤ ᠪᠠᠬᠢ ᠪᠣᠯᠭᠠᠨ ᠴᠣᠭᠴᠠᠯᠠᠨ᠎ᠠ ᠭᠡᠵᠦ ᠳᠤᠷᠠᠳᠤᠭᠰᠠᠨ ᠪᠠᠶᠢᠨ᠎ᠠ᠃ | ᠡᠨᠡ ᠨᠢᠭᠡ ᠵᠢᠯ ᠳᠤ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠰᠠᠨᠠᠯ︾ ᠢ ᠨᠡᠶᠢᠲᠡᠯᠡᠪᠡ᠃ ᠡᠭᠦᠨ ᠳᠤ ᠨᠡᠩ ᠴᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠮᠠᠷᠠᠲᠤ ᠬᠢᠯᠢ ᠶᠢᠨ ᠠᠮᠤᠷ ᠲᠦᠪᠰᠢᠨ | ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ ᠭᠡᠵᠦ ᠳᠤᠷᠠᠳᠤᠭᠰᠠᠨ ᠪᠠᠶᠢᠨ᠎ᠠ᠃ | ᠠᠯᠢ ᠣᠯᠠᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠬᠢᠭᠤᠯᠤᠯ ᠳᠣᠣᠷ᠎ᠠ ᠥᠪᠥᠷ ᠮᠣᠩᠭᠤᠯ ᠨᠢᠭᠡ | ᠬᠤᠪᠢ ᠦᠷ᠎ᠡ ᠪᠦᠲᠦᠮᠵᠢ ᠪᠠᠷ ᠳᠦᠭᠦᠷᠡᠩ ︽ᠲᠤᠭ᠎ᠠ ᠪᠠᠷᠢᠮᠲᠠ ᠶᠢᠨ ᠬᠠᠭᠤᠳᠠᠰᠤ︾ ᠲᠤᠰᠢᠶᠠᠵᠠᠢ᠄ | - ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠡᠯ᠎ᠡ ᠱᠠᠲᠤᠨ ᠤ ᠨᠠᠮ ᠤᠨ ᠬᠤᠷᠢᠶ᠎ᠠ | ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠪᠠ ᠨᠠᠮ ᠤᠨ ᠰᠤᠷᠭᠠᠭᠤᠯᠢ | ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠭᠤᠣᠯ ᠴᠣᠭᠴᠠ ᠶᠢᠨ ᠠᠩᠭᠢ ᠶᠢᠨ ᠭᠤᠣᠯᠳᠠᠯᠭ᠎ᠠ ᠲᠠᠢ | ᠰᠤᠷᠤᠯᠴᠠᠬᠤ ᠠᠭᠤᠯᠭ᠎ᠠ ᠳᠤ ᠣᠷᠣᠭᠤᠯᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠣᠭᠤᠷᠢᠨ | ᠲᠠᠶᠢᠯᠪᠤᠷᠢᠯᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠶᠢᠮᠠᠭ ᠬᠤᠳᠠ ᠳᠤ ᠪᠦᠭᠦᠨ ᠢ | ᠪᠦᠷᠬᠦᠭᠦᠯᠬᠦ ᠶᠢ ᠪᠡᠶᠡᠯᠡᠭᠦᠯᠪᠡ᠃ ᠨᠡᠪᠴᠢᠯᠲᠡ ᠶᠢ ᠡᠰᠡᠷᠭᠦᠴᠡᠬᠦ᠂ ᠡᠪᠳᠡᠯᠡᠭᠡ ᠶᠢ ᠡᠰᠡᠷᠭᠦᠴᠡᠬᠦ᠂ ᠨᠤᠷᠠᠭᠠᠬᠤ ᠶᠢ | ᠡᠰᠡᠷᠭᠦᠴᠡᠬᠦ᠂ ᠬᠠᠭᠠᠴᠠᠭᠤᠯᠬᠤ ᠶᠢ ᠡᠰᠡᠷᠭᠦᠴᠡᠬᠦ᠂ ᠰᠦᠷᠳᠡᠭᠦᠯᠦᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠵᠦ᠂ | ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠭᠤᠣᠯᠯᠠᠬᠤ ᠡᠷᠬᠡ ᠶᠢ ᠪᠠᠲᠤ ᠡᠵᠡᠮᠰᠢᠪᠡ᠃ | - ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ | ᠪᠡᠯᠡᠳᠬᠡᠯ ᠲᠥᠰᠥᠯ ᠤᠨ 47 ᠵᠦᠢᠯ ᠢ ᠲᠣᠭᠲᠠᠭᠠᠵᠤ᠂ ᠬᠦᠨᠳᠦ ᠶᠡᠭᠡ ᠠᠳᠡᠯ ᠤᠨ ᠭᠡᠮ ᠰᠣᠭᠤᠭ ᠢ ᠲᠤᠰᠬᠠᠢ | ᠵᠦᠢᠯ ᠢᠶᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ 2023 ᠣᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠠᠰᠠᠭᠤᠳᠠᠯ ᠤᠨ ᠭᠡᠮ ᠰᠣᠭᠤᠭ ᠢ 48.76 ᠲᠦᠮᠡᠨ ᠵᠦᠢᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠪᠠ᠃ | ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ 2 ᠲᠦᠮᠡ | ᠭᠠᠷᠤᠢ ᠵᠦᠢᠯ ᠢ ᠣᠷᠣᠯᠠᠨ ᠭᠦᠢᠴᠡᠳᠬᠡᠵᠦ᠂ ᠠᠩᠬ᠎ᠠ ᠤᠳᠠᠭ᠎ᠠ ᠶᠢᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠨᠢᠭᠡ | ᠯᠡ ᠤᠳᠠᠭ᠎ᠠ ᠳᠤ ᠰᠢᠢᠳᠪᠦᠷᠢᠯᠡᠬᠦ ᠨᠤᠷᠮ᠎ᠠ ᠶᠢ 97% ᠳᠤ ᠬᠦᠷᠭᠡᠪᠡ᠃ ᠵᠠᠭᠠᠯᠳᠤᠯᠭ᠎ᠠ ᠶᠢᠨ ᠢᠷᠡᠯᠲᠡ ᠶᠢᠨ | ᠵᠠᠰᠠᠯᠲᠠ ᠶᠢ ᠭᠦᠨᠵᠡᠭᠡᠶᠢᠷᠡᠭᠦᠯᠵᠦ᠂ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠵᠥᠷᠢᠴᠡᠯ ᠢ ᠡᠶᠡᠳᠡᠭᠦᠯᠬᠦ ᠲᠥᠪ ᠢ | 1094 ᠪᠠᠶᠢᠭᠤᠯᠵᠤ᠂ ᠵᠠᠭᠠᠯᠳᠤᠯᠭ᠎ᠠ ᠠᠴᠠ ᠡᠮᠦᠨ᠎ᠡ 28.6 ᠲᠦᠮᠡᠨ ᠬᠡᠷᠡᠭ ᠢ ᠠᠮᠵᠢᠯᠲᠠ ᠲᠠᠢ ᠪᠠᠷ ᠡᠶᠡᠳᠡᠭᠦᠯᠦᠨ | ᠰᠢᠢᠳᠪᠦᠷᠢᠯᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ | ᠥᠷᠨᠢᠭᠦᠯᠵᠦ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠴᠠᠭᠢᠯᠭᠠᠨ ᠴᠢᠮᠡᠭᠡ ᠬᠤᠯᠪᠤᠭ᠎ᠠ ᠰᠦᠯᠵᠢᠶᠡᠨ ᠤ ᠮᠡᠬᠡᠯᠡᠯ ᠤᠨ 6948 ᠬᠡᠷᠡᠭ ᠢ ᠳᠡᠩᠨᠡᠨ ᠢᠯᠡᠷᠡᠭᠦᠯᠵᠦ᠂ ᠠᠮᠢᠨ | ᠬᠡᠷᠡᠭ ᠲᠤᠬᠠᠢ ᠶᠢᠨ ᠲᠠᠯᠠᠪᠤᠷ ᠤᠨ ᠬᠡᠷᠡᠭ ᠢ ᠪᠦᠭᠦᠨ ᠢ ᠢᠯᠡᠷᠡᠭᠦᠯᠦᠭᠰᠡᠨ ᠪᠥᠭᠡᠳ 82 ᠳᠠᠷᠤᠭᠳᠠᠮᠠᠯ ᠬᠡᠷᠡᠭ ᠢ | ᠢᠯᠡᠷᠡᠭᠦᠯᠪᠡ᠃ | - ᠠᠩᠬᠠᠳᠠᠭᠴᠢ ᠪᠦᠯᠦᠭ ᠥᠪᠡᠷᠲᠡᠭᠡᠨ ᠵᠠᠰᠠᠬᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠭᠦ ᠰᠤᠷᠭᠠᠭᠤᠯᠢ | ︵ᠬᠦᠷᠢᠶᠡᠯᠡᠩ︶ ᠶᠢ 12 ᠰᠢᠯᠢᠨ ᠰᠣᠩᠭᠤᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ 34 | ᠭᠤᠣᠯᠳᠠᠯᠭ᠎ᠠ ᠲᠠᠢ ᠲᠥᠷᠥᠯ ᠵᠦᠢᠯ ᠢ ᠡᠭᠦᠳᠦᠨ ᠪᠠᠶᠢᠭᠤᠯᠵᠤ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠠᠯᠠᠱᠠ ᠠᠶᠢᠮᠠᠭ᠂ | ᠬᠢᠩᠭᠠᠨ ᠠᠶᠢᠮᠠᠭ ᠢ ᠪᠦᠭᠦ ᠤᠯᠤᠰ ᠤᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠭᠦ ᠲᠥᠷᠥᠯ ᠵᠦᠢᠯ ᠤᠨ | ᠨᠡᠷᠡᠰ ᠲᠤ ᠣᠷᠣᠭᠤᠯᠪᠠ᠃ | - ᠬᠢᠯᠢ ᠬᠢᠵᠠᠭᠠᠷ ᠣᠷᠣᠨ ᠤ ︽ᠤᠰᠤ ᠴᠠᠭᠢᠯᠭᠠᠨ ᠵᠠᠮ ᠬᠠᠷᠢᠯᠴᠠᠭ᠎ᠠ ᠴᠢᠮᠡᠭᠡ ᠬᠤᠯᠪᠤᠭ᠎ᠠ︾ ᠶᠢᠨ ᠰᠠᠭᠤᠷᠢ | ᠲᠥᠬᠦᠭᠡᠷᠦᠮᠵᠢ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠵᠦ᠂ G331᠂ G55 ᠵᠠᠰᠠᠮᠠᠯ ᠵᠠᠮ ᠪᠦᠭᠦ ᠱᠤᠭᠤᠮ ᠢᠶᠠᠷ ᠢᠶᠠᠨ ᠲᠡᠷᠭᠡ ᠨᠡᠪᠲᠡᠷᠡᠵᠦ᠂ 104 | ᠴᠠᠭᠢᠯᠭᠠᠨ ᠴᠢᠮᠡᠭᠡ ᠬᠤᠯᠪᠣᠭᠠᠨ ᠤ ᠲᠦᠭᠡᠮᠡᠯ ᠦᠢᠯᠡᠴᠢᠯᠡᠭᠡ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠢ | ᠠᠰᠢᠭᠯᠠᠯᠲᠠ ᠳᠤ ᠣᠷᠣᠭᠤᠯᠪᠠ᠃ ᠪᠦᠭᠦ ᠣᠷᠣᠨ ᠤ ᠬᠢᠯᠢ ᠶᠢᠨ ᠬᠠᠮᠠᠭᠠᠯᠠᠭᠴᠢ ᠶᠢᠨ ᠶᠡᠷᠦᠩᠬᠡᠢ ᠲᠤᠭ᠎ᠠ 3506 | ᠬᠥᠮᠥᠨ ᠳᠤ ᠭᠦᠷᠪᠡ᠃ ᠲᠠᠯ᠎ᠠ ᠨᠤᠲᠤᠭ ᠤᠨ 110᠂ ︽ᠬᠤᠪᠢᠰᠬᠠᠯᠲᠤ ᠪᠠᠬᠢᠯᠡᠯᠲᠡ ᠶᠢᠨ ᠡᠷᠦᠭᠡ︾᠂ ᠮᠣᠩᠭᠤᠯ | ᠭᠡᠷ ᠤᠨ ᠬᠠᠷᠠᠭᠤᠯ ᠤᠨ ᠭᠠᠵᠠᠷ ᠵᠡᠷᠭᠡ ᠪᠦᠲᠦᠮᠵᠢᠲᠡᠶ ᠠᠷᠭ᠎ᠠ ᠬᠢᠳᠡᠯ ᠢ ᠪᠦᠭᠦ ᠲᠠᠯ᠎ᠠ ᠪᠠᠷ ᠬᠡᠷᠡᠭᠵᠢᠭᠦᠯᠵᠦ᠂ ᠬᠢᠯᠢ ᠶᠢᠨ | ᠬᠠᠮᠠᠭᠠᠯᠠᠯᠲᠠ ᠶᠢᠨ ᠴᠠᠭᠳᠠᠭᠠᠨ ᠤ ᠶᠠᠪᠤᠳᠠᠯ ᠤᠨ ᠲᠠᠰᠤᠭ ᠢ 109 ᠲᠣᠬᠢᠷᠠᠭᠤᠯᠤᠨ ᠪᠠᠶᠢᠭᠤᠯᠪᠠ᠃ ᠡᠯ᠎ᠡ ᠱᠠᠲᠤᠨ ᠤ | ᠤᠷᠠᠨ ᠰᠠᠶᠢᠬᠠᠨ ᠤ ᠬᠦᠷᠢᠶᠡᠯᠡᠩ ᠪᠦᠯᠭᠦᠮ ᠪᠠ ᠤᠯᠠᠭᠠᠨᠮᠥ᠋ᠴᠢᠷ ᠢ ᠵᠣᠬᠢᠶᠠᠨ ᠪᠠᠶᠢᠭᠤᠯᠵᠤ ᠲᠣᠬᠤᠨᠢᠭᠤᠯᠬᠤ | ᠲᠣᠬᠯᠠᠯᠲᠠ ᠶᠢᠨ ᠠᠵᠢᠯᠯᠠᠭ᠎ᠠ ᠶᠢ 746 ᠲᠠᠯᠠᠪᠠᠢ ᠥᠷᠨᠢᠭᠦᠯᠪᠡ᠃ ᠠᠯᠪᠠᠨ ᠵᠢᠷᠤᠮ ᠤᠨ ᠲᠣᠭᠤᠷᠢᠨ ᠡᠮᠴᠢᠯᠡᠬᠦ | ᠠᠵᠢᠯᠯᠠᠭ᠎ᠠ ᠶᠢ 40 ᠭᠠᠷᠤᠢ ᠲᠠᠯᠠᠪᠤᠷ ᠤᠳᠠᠭ᠎ᠠ ᠥᠷᠨᠢᠭᠦᠯᠵᠦ᠂ 4000 ᠭᠠᠷᠤᠢ ᠬᠢᠯᠢ ᠶᠢᠨ ᠬᠠᠮᠠᠭᠠᠯᠠᠭᠴᠢ ᠪᠠ | ᠬᠢᠯᠢ ᠶᠢᠨ ᠠᠷᠠᠳ ᠲᠤ ᠰᠦᠢᠳᠬᠡᠯ ᠬᠤᠷᠢᠶᠠᠬᠤ ᠦᠭᠡᠢ ᠪᠠᠷ ᠡᠮᠴᠢᠯᠡᠭᠡ ᠬᠢᠵᠦ ᠥᠭᠪᠡ᠃ | ᠥᠨᠢ ᠤᠳᠠᠭᠠᠨ ᠤ ᠠᠮᠤᠷ ᠲᠠᠶᠢᠪᠤᠩ ᠪᠠᠶᠢᠳᠠᠯ ᠢ ᠪᠤᠢ ᠪᠤᠯᠭᠠᠵᠤ᠂ ᠤᠷᠲᠤ ᠬᠤᠭᠤᠴᠠᠭᠠᠨ ᠤ ᠵᠠᠰᠠᠯᠲᠠ ᠶᠢᠨ | ᠦᠢᠯᠡᠰ ᠢ ᠪᠠᠷᠢᠮᠲᠠᠯᠠᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠵᠢᠷᠤᠭᠯᠠᠵᠤ ᠥᠭᠭᠦᠭᠰᠡᠨ ᠬᠥᠭᠵᠢᠯᠲᠡ ᠶᠢᠨ | ᠵᠢᠷᠤᠭ ᠲᠥᠯᠥᠪᠯᠡᠭᠡ᠂ ᠲᠣᠭᠲᠠᠭᠠᠵᠤ ᠥᠭᠭᠦᠭᠰᠡᠨ ᠠᠵᠢᠯᠯᠠᠭᠠᠨ ᠤ ᠬᠥᠲᠥᠯᠪᠦᠷᠢ ᠶᠢ ᠵᠢᠷᠤᠮᠯᠠᠨ ᠲᠠᠭᠠᠵᠤ᠂ ᠬᠡᠬᠦᠳᠡᠭ | ᠰᠡᠳᠬᠢᠯ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠥᠪᠥᠷ ᠮᠣᠩᠭᠤᠯ ᠨᠢ ᠡᠬᠡ ᠤᠯᠤᠰ ᠤᠨ ᠤᠮᠠᠷᠠᠲᠤ | ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠡᠩ ᠡᠪᠳᠡᠷᠡᠰᠢ ᠦᠭᠡᠢ ᠪᠠᠲᠤ ᠪᠠᠬᠢ ᠪᠣᠯᠭᠠᠨ | ᠴᠣᠭᠴᠠᠯᠠᠨ᠎ᠠ᠃ | | | |