ᠮᠠᠨ ᠤ ᠣᠷᠣᠨ 28 ᠵᠦᠢᠯ ᠤᠨ ᠠᠷᠭ᠎ᠠ ᠬᠡᠮᠵᠢᠶ᠎ᠡ ᠨᠡᠶᠢᠲᠡᠯᠡᠨ ᠲᠤᠰᠬᠠᠢ ᠠᠰᠢᠭ ᠢ ᠣᠨᠳᠣᠣᠰᠢᠭᠤᠯᠤᠨ ᠬᠡᠷᠡᠭᠯᠡᠬᠦ ᠶᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2024/3/4
     ᠣᠶᠢᠷ᠎ᠠ ᠶᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ  ᠢᠶᠠᠷ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︵ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ︶ ︽ᠲᠤᠰᠬᠠᠢ ᠠᠰᠢᠭ ᠢ ᠣᠨᠳᠣᠣᠰᠢᠭᠤᠯᠤᠨ ᠬᠡᠷᠡᠭᠯᠡᠬᠦ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠪᠲᠤᠯᠤᠯᠲᠠ ᠳᠤ ᠬᠦᠴᠦᠨ ᠨᠡᠮᠡᠷᠢᠯᠡᠬᠦ ᠢᠨᠵᠧᠨᠧᠷᠢᠩ ᠤᠨ ᠲᠤᠬᠠᠢ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃      ︽ᠠᠷᠭ᠎ᠠ ᠬᠡᠮᠵᠢᠶ᠎ᠡ ᠨᠦᠭᠦᠳ︾ ᠲᠤ᠂ ᠲᠤᠰᠬᠠᠢ ᠠᠰᠢᠭ ᠢ ᠲᠣᠭᠠᠯᠠᠨ ᠪᠦᠷᠢᠳᠬᠡᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢ ᠡᠮᠬᠢᠯᠡᠵᠦ᠂ ᠲᠤᠰᠬᠠᠢ ᠠᠰᠢᠭ ᠤᠨ ᠥᠷᠲᠡᠭ ᠢ ᠦᠨᠡᠯᠡᠨ ᠵᠢᠱᠢᠬᠦ ᠠᠵᠢᠯᠯᠠᠭ᠎ᠠ ᠥᠷᠨᠢᠭᠦᠯᠬᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠡᠯᠬᠢᠶ᠎ᠡ ᠶᠢ ᠬᠦᠴᠦᠷᠬᠡᠭᠵᠢᠭᠦᠯᠦᠨ ᠠᠵᠤ ᠠᠬᠤᠶᠢᠯᠠᠯ ᠢ ᠬᠠᠪᠰᠤᠷᠴᠤ ᠲᠤᠰᠬᠠᠢ ᠠᠵᠢᠯᠯᠠᠭ᠎ᠠ ᠥᠷᠨᠢᠭᠦᠯᠬᠦ᠂ ᠲᠤᠰᠬᠠᠢ ᠠᠰᠢᠭ ᠢ ᠣᠨᠳᠣᠣᠰᠢᠭᠤᠯᠤᠨ ᠬᠡᠷᠡᠭᠯᠡᠬᠦ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠲᠤᠰᠬᠠᠢ ᠠᠰᠢᠭ ᠢ ᠣᠨᠳᠣᠣᠰᠢᠭᠤᠯᠤᠨ ᠬᠡᠷᠡᠭᠯᠡᠵᠦ ᠰᠢᠨ᠎ᠡ ᠶᠢ ᠡᠭᠦᠳᠬᠦ ᠲᠤᠷᠰᠢᠯᠲᠠ ᠶᠢᠨ ᠠᠵᠢᠯ ᠢ ᠥᠷᠨᠢᠭᠦᠯᠬᠦ ᠮᠡᠲᠦ ᠶᠢᠨ ᠠᠷᠪᠠᠨ ᠪᠦᠯᠦᠭ ᠤᠨ 28 ᠵᠤᠷᠪᠤᠰ ᠠᠵᠢᠯ  ᠤᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ︽ᠠᠷᠭ᠎ᠠ ᠬᠡᠮᠵᠢᠶ᠎ᠡ ᠨᠦᠭᠦᠳ︾ ᠨᠢ ᠲᠤᠰᠬᠠᠢ ᠠᠰᠢᠭ ᠤᠨ ᠦᠷ᠎ᠡ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠭᠦ ᠪᠠ ᠲᠥᠷᠥ ᠶᠢᠨ ᠪᠣᠳᠣᠯᠭ᠎ᠠ ᠪᠠᠷ ᠤᠷᠮᠠᠰᠢᠭᠤᠯᠬᠤ ᠶᠢ ᠴᠢᠩᠭᠠᠳᠬᠠᠬᠤ ᠬᠤᠶᠠᠷ ᠲᠠᠯ᠎ᠠ ᠪᠠᠷ ᠬᠦᠴᠦᠯᠡᠨ᠂ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠨ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠣᠨᠳᠣᠣᠰᠢᠭᠤᠯᠬᠤ ᠶᠢ ᠲᠦᠷᠭᠡᠳᠬᠡᠵᠦ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠴᠢᠨᠠᠷ ᠰᠠᠶᠢᠲᠠᠢ ᠬᠥᠭᠵᠢᠯᠲᠡ ᠳᠤ ᠳᠦᠷᠢᠮ ᠤᠨ ᠪᠠᠲᠤᠯᠠᠭ᠎ᠠ ᠬᠠᠩᠭᠠᠨ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠴᠢᠨᠠᠷ ᠰᠠᠶᠢᠲᠠᠢ ᠡᠭᠦᠳᠦᠨ ᠪᠦᠲᠦᠭᠡᠬᠦ᠂ ᠥᠨᠳᠥᠷ ᠲᠦᠪᠰᠢᠨ ᠢᠶᠠᠷ ᠬᠠᠮᠠᠭᠠᠯᠠᠬᠤ ᠪᠠ ᠥᠨᠳᠥᠷ ᠦᠷ᠎ᠡ ᠠᠰᠢᠭ ᠲᠠᠢ ᠬᠡᠷᠡᠭᠯᠡᠬᠦ ᠶᠢ ᠨᠠᠩ ᠰᠠᠶᠢᠲᠤᠷ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠨᠠᠩ ᠪᠦᠲᠦᠮᠵᠢᠲᠡᠶ ᠬᠥᠭᠵᠢᠭᠡᠬᠦ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ  ᠶᠢᠨ ᠦᠮᠴᠢᠯᠡᠯ ᠤᠨ ᠡᠷᠬᠡ ᠶᠢᠨ ᠲᠣᠪᠴᠢᠶ᠎ᠠ︶ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠲᠤᠰᠬᠠᠢ ᠠᠰᠢᠭ ᠢ ᠣᠨᠳᠣᠣᠰᠢᠭᠤᠯᠤᠨ ᠬᠡᠷᠡᠭᠯᠡᠬᠦ ᠶᠢᠨ ᠬᠦᠴᠦᠯᠡᠬᠦ ᠴᠡᠭ ᠪᠠ ᠲᠤᠰᠤᠯᠲᠠ ᠶᠢᠨ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠳᠡᠭᠡᠷ᠎ᠡ ᠲᠠᠯᠪᠢᠵᠤ᠂ ᠭᠤᠣᠯᠳᠠᠯᠭ᠎ᠠ ᠲᠠᠢ ᠠᠵᠤ ᠦᠢᠯᠡᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠡᠯᠬᠢᠶᠡᠰᠦ ᠶᠢ ᠴᠢᠩᠭᠠᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ︽ᠠᠷᠭ᠎ᠠ ᠬᠡᠮᠵᠢᠶ᠎ᠡ ᠨᠦᠭᠦᠳ︾ ᠢ ᠪᠣᠳᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠤᠨ᠂ ᠲᠤᠰᠬᠠᠢ ᠠᠰᠢᠭ ᠢ ᠣᠨᠳᠣᠣᠰᠢᠭᠤᠯᠤᠨ ᠬᠡᠷᠡᠭᠯᠡᠬᠦ ᠠᠵᠢᠯ ᠢᠶᠠᠷ ᠭᠠᠷᠳᠠᠴᠠ ᠪᠤᠯᠭᠠᠵᠤ᠂ ᠥᠨᠳᠥᠷ ᠥᠷᠲᠡᠭ ᠲᠠᠢ ᠦᠢᠯᠡᠳᠬᠦᠨ᠂ ᠥᠨᠳᠥᠷ ᠥᠷᠲᠡᠭ ᠲᠠᠢ ᠠᠵᠤ ᠦᠢᠯᠡᠰ᠂ ᠥᠨᠳᠥᠷ ᠥᠷᠲᠡᠭ ᠲᠠᠢ ᠵᠠᠬ᠎ᠠ ᠳᠡᠯᠭᠡᠭᠦᠷ ᠢ ᠳᠠᠶᠢᠴᠢᠯᠠᠨ᠂ ᠮᠡᠳᠡᠯᠭᠡ ᠶᠢᠨ ᠦᠮᠴᠢᠯᠡᠯ ᠤᠨ ᠡᠷᠬᠡ ᠪᠠᠷ ᠣᠷᠣᠨ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠨᠠᠩ ᠰᠠᠶᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠨᠠᠩ ᠬᠦᠴᠦᠲᠡᠢ ᠲᠤᠯᠭᠠᠭᠤᠷᠢᠯᠠᠯ ᠪᠠ ᠪᠠᠲᠤᠯᠠᠭ᠎ᠠ ᠬᠠᠩᠭᠠᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号