ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ︽ᠤᠯᠤᠰ ᠤᠨ ᠭᠠᠪᠢᠶᠠᠨ ᠲᠡᠮᠳᠡᠭ ᠪᠠ ᠤᠯᠤᠰ ᠤᠨ | ᠢᠷᠠᠭᠤ ᠠᠯᠳᠠᠷ ᠤᠨ ᠴᠣᠯᠠ ᠶᠢ ᠨᠡᠷ᠎ᠡ ᠳᠤᠷᠠᠳᠴᠤ ᠰᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ | ︵ᠳᠣᠷᠣᠭᠰᠢ ︽ᠮᠡᠳᠡᠭᠳᠡᠯ︾ ᠭᠡᠵᠦ ᠳᠥᠭᠦᠮᠴᠢᠯᠡᠨ᠎ᠡ︶ ᠢ ᠣᠶᠢᠷ᠎ᠠ ᠳᠤ ᠳᠠᠷᠤᠮᠠᠯᠯᠠᠨ ᠲᠠᠷᠬᠠᠭᠠᠪᠠ᠃ ︽ᠮᠡᠳᠡᠭᠳᠡᠯ︾ ᠳᠤ᠂ | ᠨᠠᠮ ᠤᠨ ᠲᠥᠪ ᠬᠤᠷᠢᠶ᠎ᠠ ᠠᠴᠠ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 | ᠵᠢᠯ ᠤᠨ ᠣᠶ ᠶᠢ ᠪᠡᠯᠭᠡᠯᠡᠬᠦ ᠲᠠᠰᠢᠷᠠᠮ ᠳᠤ᠂ ᠤᠯᠤᠰ ᠤᠨ ᠭᠠᠪᠢᠶᠠᠨ ᠲᠡᠮᠳᠡᠭ ᠪᠠ ᠤᠯᠤᠰ ᠤᠨ ᠢᠷᠠᠭᠤ ᠠᠯᠳᠠᠷ ᠤᠨ | ᠴᠣᠯᠠ ᠶᠢ ᠰᠢᠯᠭᠠᠷᠠᠭᠤᠯᠤᠨ ᠣᠯᠭᠤᠵᠤ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠲᠦᠭᠡᠨ | ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠨᠢᠭᠡ ᠪᠦᠯᠦᠭ ᠭᠠᠪᠢᠶᠠᠲᠤ | ᠵᠢᠱᠢᠶᠡᠴᠢ ᠬᠥᠮᠥᠰ ᠢ ᠦᠪᠡᠳᠡᠭᠰᠢ ᠶᠡᠭᠡ ᠪᠠᠷ ᠬᠥᠬᠢᠭᠦᠯᠦᠨ ᠰᠠᠶᠢᠰᠢᠶᠠᠬᠤ ᠪᠠᠷ ᠲᠣᠭᠲᠠᠵᠠᠢ ᠭᠡᠵᠦ ᠵᠢᠭᠠᠵᠤ ᠭᠠᠷᠭᠠᠪᠠ᠃ | | ︽ᠮᠡᠳᠡᠭᠳᠡᠯ︾ ᠳᠤ ᠨᠡᠷ᠎ᠡ ᠳᠤᠷᠠᠳᠴᠤ ᠰᠢᠯᠭᠠᠷᠠᠭᠤᠯᠬᠤ ᠠᠵᠢᠯ ᠤᠨ ᠶᠡᠷᠦᠩᠬᠡᠢ ᠱᠠᠭᠠᠷᠳᠠᠯᠭ᠎ᠠ ᠶᠢ | ᠲᠣᠳᠣᠷᠬᠠᠶᠢᠯᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠨ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠢ | ᠬᠤᠪᠢ ᠨᠡᠮᠡᠷᠢ ᠦᠵᠡᠭᠦᠯᠦᠭᠰᠡᠨ ᠭᠠᠪᠢᠶᠠᠲᠤ ᠵᠢᠱᠢᠶᠡᠴᠢ ᠬᠥᠮᠥᠰ ᠢ ᠬᠠᠮᠤᠭ ᠤᠨ ᠳᠡᠭᠡᠳᠦ ᠪᠠᠷᠢᠮᠵᠢᠶ᠎ᠠ ᠪᠠᠷ | ᠬᠥᠬᠢᠭᠦᠯᠦᠨ ᠰᠠᠶᠢᠰᠢᠶᠠᠵᠤ᠂ ᠦᠨᠳᠦᠰᠦᠲᠡᠨ ᠤ ᠵᠣᠷᠢᠭ ᠰᠠᠨᠠᠭ᠎ᠠ ᠪᠠ ᠴᠠᠭ ᠦᠶ᠎ᠡ ᠶᠢᠨ ᠵᠣᠷᠢᠭ ᠰᠠᠨᠠᠭ᠎ᠠ ᠶᠢ | ᠪᠠᠳᠠᠷᠠᠭᠤᠯᠵᠤ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠠᠶᠠᠨ ᠬᠦᠴᠦᠷᠬᠡᠭ | ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠲᠦᠭᠡᠨ ᠪᠠᠶᠢᠭᠤᠯᠬᠤ ᠢᠳᠡᠪᠬᠢᠵᠢᠯ ᠢ ᠬᠥᠭᠵᠢᠭᠡᠵᠦ᠂ ᠪᠦᠭᠦ ᠨᠡᠶᠢᠭᠡᠮ ᠢᠶᠠᠷ ᠢᠶᠠᠨ ᠡᠷᠳᠡᠮᠲᠡᠨ | ᠮᠡᠷᠭᠡᠳ ᠠᠴᠠ ᠰᠤᠷᠤᠯᠴᠠᠬᠤ᠂ ᠪᠠᠭᠠᠲᠤᠷᠴᠤᠳ ᠢ ᠬᠦᠨᠳᠦᠳᠬᠡᠬᠦ᠂ ᠬᠤᠰᠢᠭᠤᠴᠢ ᠪᠤᠯᠬᠤ ᠪᠠᠷ ᠴᠢᠷᠮᠠᠶᠢᠬᠤ ᠶᠢ | ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ | ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ᠃ | ︽ᠮᠡᠳᠡᠭᠳᠡᠯ︾ ᠳᠤ ᠨᠡᠷ᠎ᠡ ᠳᠤᠷᠠᠳᠬᠤ ᠵᠢᠱᠢᠭᠳᠡᠭᠴᠢ ᠶᠢᠨ ᠬᠡᠪᠴᠢᠶ᠎ᠡ ᠪᠠ ᠨᠥᠬᠦᠴᠡᠯ ᠢ ᠲᠣᠳᠣᠷᠬᠠᠶᠢᠯᠠᠪᠠ᠃ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠳᠤ ᠭᠠᠷᠮᠠᠭᠠᠢ | ᠬᠤᠪᠢ ᠨᠡᠮᠡᠷᠢ ᠦᠵᠡᠭᠦᠯᠦᠭᠰᠡᠨ ᠬᠤᠪᠢ ᠬᠥᠮᠥᠨ ᠢ ᠴᠥᠮ ᠨᠡᠷ᠎ᠡ ᠳᠤᠷᠠᠳᠴᠤ ᠪᠣᠯᠣᠨ᠎ᠠ᠂ ᠨᠥᠬᠦᠴᠡᠯ ᠳᠤ ᠨᠡᠶᠢᠴᠡᠭᠰᠡᠨ | ᠨᠠᠰᠤ ᠪᠠᠷᠠᠭᠰᠠᠨ ᠬᠥᠮᠥᠨ ᠳᠤ ᠨᠡᠬᠡᠮᠵᠢᠯᠡᠨ ᠣᠯᠭᠤᠵᠤ ᠪᠣᠯᠣᠨ᠎ᠠ᠃ ︽ᠪᠦᠭᠦᠳᠡ ᠨᠠᠶᠢᠷᠠᠮᠳᠠᠬᠤ ᠤᠯᠤᠰ ᠤᠨ ᠭᠠᠪᠢᠶᠠᠨ | ᠲᠡᠮᠳᠡᠭ︾ ᠲᠤ ᠨᠡᠷ᠎ᠡ ᠳᠤᠷᠠᠳᠬᠤ ᠵᠢᠱᠢᠭᠳᠡᠭᠴᠢ ᠨᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠪᠦᠲᠦᠭᠡᠨ ᠪᠠᠶᠢᠭᠤᠯᠤᠯᠲᠠ ᠪᠠ ᠬᠥᠭᠵᠢᠯᠲᠡ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠭᠠᠰᠢ᠂ ᠯᠤᠲᠤ ᠶᠡᠭᠡ ᠬᠤᠪᠢ ᠨᠡᠮᠡᠷᠢ ᠦᠵᠡᠭᠦᠯᠵᠦ᠂ ᠭᠠᠷᠮᠠᠭᠠᠢ ᠭᠠᠪᠢᠶ᠎ᠠ ᠪᠠᠶᠢᠭᠤᠯᠤᠭᠰᠠᠨ᠂ ᠡᠷᠬᠢᠮ ᠳᠡᠭᠡᠳᠦ ᠶᠣᠰᠣ | ᠮᠣᠷᠠᠯ ᠵᠠᠩ ᠴᠢᠨᠠᠷ ᠲᠠᠢ᠂ ᠣᠯᠠᠨ ᠲᠦᠮᠡᠨ ᠳᠤ ᠨᠡᠶᠢᠳᠡᠮ ᠮᠡᠳᠡᠷᠡᠭᠳᠡᠭᠰᠡᠨ ᠭᠠᠷᠮᠠᠭᠠᠢ ᠬᠥᠮᠥᠰ ᠪᠠᠶᠢᠬᠤ ᠬᠡᠷᠡᠭᠲᠡᠢ᠃ | ︽ᠨᠥᠬᠦᠷᠯᠡᠯ ᠤᠨ ᠭᠠᠪᠢᠶᠠᠨ ᠲᠡᠮᠳᠡᠭ︾ ᠲᠤ ᠨᠡᠷ᠎ᠡ ᠳᠤᠷᠠᠳᠬᠤ ᠵᠢᠱᠢᠭᠳᠡᠭᠴᠢ ᠨᠢ ᠮᠠᠨ ᠤ ᠤᠯᠤᠰ ᠤᠨ ᠨᠡᠶᠢᠭᠡᠮ | ᠵᠢᠷᠤᠮᠲᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠳᠤᠮᠳᠠᠳᠤ ᠭᠠᠳᠠᠭᠠᠳᠤ ᠶᠢᠨ ᠰᠣᠯᠢᠯᠴᠠᠭ᠎ᠠ | ᠬᠠᠮᠲᠤᠷᠠᠯᠴᠠᠭ᠎ᠠ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠳᠤᠮᠳᠠ ᠭᠠᠷᠮᠠᠭᠠᠢ ᠬᠤᠪᠢ ᠨᠡᠮᠡᠷᠢ | ᠦᠵᠡᠭᠦᠯᠦᠭᠰᠡᠨ᠂ ᠳᠤᠮᠳᠠᠳᠤ ᠤᠯᠤᠰ ᠲᠤ ᠣᠷᠳᠣ ᠬᠤᠭᠤᠴᠠᠭ᠎ᠠ ᠪᠠᠷ ᠨᠥᠭᠦᠷᠰᠡᠭ᠂ ᠰᠠᠶᠢᠨ ᠰᠠᠶᠢᠬᠠᠨ ᠨᠡᠷ᠎ᠡ | ᠠᠯᠳᠠᠷ ᠲᠠᠢ ᠭᠠᠳᠠᠭᠠᠳᠤ ᠶᠢᠨ ᠬᠥᠮᠥᠨ ᠪᠠᠶᠢᠬᠤ ᠬᠡᠷᠡᠭᠲᠡᠢ᠃ ᠤᠯᠤᠰ ᠤᠨ ᠢᠷᠠᠭᠤ ᠠᠯᠳᠠᠷ ᠤᠨ ᠴᠣᠯᠠ ᠳᠤ ᠨᠡᠷ᠎ᠡ | ᠳᠤᠷᠠᠳᠬᠤ ᠵᠢᠱᠢᠭᠳᠡᠭᠴᠢ ᠨᠢ ᠠᠵᠤ ᠠᠬᠤᠢ᠂ ᠨᠡᠶᠢᠭᠡᠮ᠂ ᠤᠯᠤᠰ ᠤᠨ ᠪᠠᠲᠤᠯᠠᠨ ᠬᠠᠮᠠᠭᠠᠯᠠᠯᠲᠠ᠂ ᠭᠠᠳᠠᠭᠠᠳᠤ | ᠬᠠᠷᠢᠯᠴᠠᠭ᠎ᠠ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ᠂ | ᠪᠡᠶ᠎ᠡ ᠶᠢᠨ ᠲᠠᠮᠢᠷ ᠵᠡᠷᠭᠡ ᠡᠯ᠎ᠡ ᠬᠦᠷᠢᠶ᠎ᠡ ᠡᠯ᠎ᠡ ᠠᠵᠢᠯ ᠲᠥᠷᠥᠯ᠂ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠭᠠᠰᠢ᠂ ᠴᠢᠬᠤᠯᠠ ᠶᠡᠭᠡ ᠬᠤᠪᠢ ᠨᠡᠮᠡᠷᠢ ᠦᠵᠡᠭᠦᠯᠵᠦ᠂ ᠡᠷᠬᠢᠮ ᠳᠡᠭᠡᠳᠦ ᠨᠡᠷ᠎ᠡ ᠬᠦᠨᠳᠦ ᠲᠠᠢ᠂ ᠡᠷᠬᠢᠮ | ᠳᠡᠭᠡᠳᠦ ᠶᠣᠰᠣ ᠮᠣᠷᠠᠯ ᠵᠠᠩ ᠴᠢᠨᠠᠷ ᠲᠠᠢ᠂ ᠣᠯᠠᠨ ᠲᠦᠮᠡᠨ ᠳᠤ ᠨᠡᠶᠢᠳᠡᠮ ᠮᠡᠳᠡᠷᠡᠭᠳᠡᠭᠰᠡᠨ ᠭᠠᠷᠮᠠᠭᠠᠢ ᠬᠥᠮᠥᠰ ᠪᠠᠶᠢᠬᠤ | ᠬᠡᠷᠡᠭᠲᠡᠢ᠃ | ︽ᠮᠡᠳᠡᠭᠳᠡᠯ︾ ᠳᠤ ᠨᠡᠷ᠎ᠡ ᠳᠤᠷᠠᠳᠴᠤ ᠰᠢᠯᠭᠠᠷᠠᠭᠤᠯᠬᠤ ᠲᠠᠰ ᠳᠠᠷᠠᠭᠠᠯᠠᠯ ᠪᠠ ᠠᠵᠢᠯ ᠤᠨ ᠱᠠᠭᠠᠷᠳᠠᠯᠭ᠎ᠠ ᠶᠢ | ᠲᠣᠳᠣᠷᠬᠠᠶᠢᠯᠠᠪᠠ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠠᠷᠢᠨ ᠨᠢᠮᠪᠠᠢ ᠪᠠᠶᠢᠷᠢᠯᠠᠭᠤᠯᠤᠨ | ᠲᠣᠬᠢᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠨᠢ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠨᠠᠷᠢᠨ ᠨᠢᠮᠪᠠᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠬᠠᠮᠢᠶ᠎ᠠ | ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠵᠥᠪ ᠴᠢᠭᠯᠡᠯ ᠢ ᠡᠵᠡᠮᠳᠡᠵᠦ᠂ ᠨᠡᠷ᠎ᠡ ᠳᠤᠷᠠᠳᠤᠭᠳᠠᠭᠰᠠᠨ ᠬᠥᠮᠥᠰ ᠤᠨ | ᠲᠡᠷᠢᠭᠦᠨ ᠤ ᠴᠢᠨᠠᠷ᠂ ᠲᠥᠯᠥᠭᠡᠯᠡᠬᠦ ᠴᠢᠨᠠᠷ ᠪᠠ ᠴᠠᠭ ᠦᠶᠡᠴᠢ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠨᠡᠷ᠎ᠡ | ᠳᠤᠷᠠᠳᠤᠭᠳᠠᠭᠰᠠᠨ ᠵᠢᠱᠢᠭᠳᠡᠭᠴᠢ ᠶᠢᠨ ᠪᠠᠶᠢᠩᠭᠤ ᠶᠢᠨ ᠢᠯᠡᠷᠡᠯ ᠢ ᠪᠦᠭᠦ ᠲᠠᠯ᠎ᠠ ᠪᠠᠷ ᠬᠢᠨᠠᠨ ᠰᠢᠯᠭᠠᠵᠤ᠂ ᠤᠯᠤᠰ | ᠲᠥᠷᠥ ᠶᠢᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ ᠶᠢ ᠰᠠᠶᠢᠲᠤᠷ ᠰᠠᠬᠢᠬᠤ ᠶᠢ ᠳᠣᠪᠤᠶᠢᠯᠭᠠᠵᠤ᠂ ᠪᠣᠳᠠᠲᠠᠢ | ᠬᠤᠪᠢ ᠨᠡᠮᠡᠷᠢ ᠪᠠᠷ ᠴᠢᠬᠤᠯᠠ ᠦᠨᠡᠯᠡᠬᠦ ᠪᠠᠷᠢᠮᠵᠢᠶ᠎ᠠ ᠪᠤᠯᠭᠠᠵᠤ᠂ ᠢᠯᠡ ᠲᠣᠳᠣ ᠡᠷᠬᠡ ᠲᠡᠭᠰᠢ ᠲᠥᠪ ᠭᠤᠤᠯᠴᠢ | ᠪᠠᠶᠢᠬᠤ ᠶᠢ ᠪᠠᠷᠢᠮᠲᠠᠯᠠᠵᠤ᠂ ᠣᠯᠠᠨ ᠲᠦᠮᠡᠨᠴᠢ ᠱᠤᠭᠤᠮ ᠢ ᠪᠠᠷᠢᠮᠲᠠᠯᠠᠵᠤ᠂ ᠠᠷᠠᠳᠴᠢᠯᠠᠯ ᠢ ᠭᠦᠢᠴᠡᠳ ᠪᠠᠳᠠᠷᠠᠭᠤᠯᠵᠤ᠂ | ᠡᠯ᠎ᠡ ᠲᠠᠯ᠎ᠠ ᠶᠢᠨ ᠰᠠᠨᠠᠯ ᠢ ᠥᠷᠭᠡᠨ ᠢᠶᠠᠷ ᠰᠣᠨᠣᠰᠴᠤ᠂ ᠰᠠᠶᠢᠨ ᠤ ᠳᠤᠮᠳᠠ ᠠᠴᠠ ᠰᠢᠯᠢᠳᠡᠭ ᠢ ᠨᠢ ᠰᠣᠩᠭᠤᠬᠤ | ᠬᠡᠷᠡᠭᠲᠡᠢ᠃ | | | |