ᠬᠠᠪᠤᠷ ᠤᠨ ᠰᠠᠯᠬᠢᠨ ᠳᠤ ᠠᠵᠢᠯ ᠤᠨ ᠪᠠᠶᠢᠷᠢ ᠬᠦᠷᠭᠡᠵᠦ ᠠᠵᠢᠯ ᠣᠯᠭᠤᠯᠲᠠ ᠶᠢ ᠠᠬᠢᠭᠤᠯᠵᠤ ᠤᠨᠢᠨ ᠳᠡᠭᠡᠷ᠎ᠡ  ᠨᠢ ᠦᠢᠯᠡᠴᠢᠯᠡᠵᠦ ᠬᠥᠭᠵᠢᠯᠲᠡ ᠶᠢ ᠳᠡᠮᠵᠢᠨ᠎ᠡ
ᠨᠡᠶᠢᠲᠡᠯᠡᠭᠰᠡᠨ ᠴᠠᠭ᠄
2024/3/5
     ᠦᠴᠦᠸᠠᠨ ᠰᠢᠶᠠᠨ ᠤ ᠴᠠᠭᠠᠨ ᠰᠠᠷ᠎ᠠ ᠶᠢᠨ ᠤᠷᠢᠳ ᠬᠤᠵᠢᠳ ᠢᠶᠠᠷ ᠬᠤᠲᠠ ᠬᠥᠳᠡᠭᠡ ᠶᠢᠨ ᠬᠥᠳᠡᠯᠮᠦᠷᠢᠴᠢᠳ ᠤᠨ ᠡᠮᠬᠢ ᠳᠢᠭᠯᠢᠮ ᠲᠠᠢ ᠪᠠᠷ ᠠᠵᠢᠯ ᠤᠨ ᠪᠠᠶᠢᠷᠢ ᠰᠣᠯᠢᠵᠤ ᠠᠵᠢᠯ ᠣᠯᠬᠤ ᠶᠢ ᠰᠠᠶᠢᠲᠤᠷ ᠬᠢᠵᠣ᠂ ᠠᠵᠤ ᠠᠬᠤᠶᠢᠯᠠᠯ ᠤᠨ ᠴᠠᠭᠠᠨ ᠰᠠᠷ᠎ᠠ ᠶᠢᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯᠲᠠᠨ ᠡᠯᠰᠡᠬᠦ ᠬᠡᠷᠡᠭᠴᠡᠭᠡ ᠶᠢ ᠬᠠᠩᠭᠠᠵᠤ᠂ ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠬᠤ ᠶᠢ ᠪᠠᠲᠣᠯᠠᠬᠤ ᠶᠢᠨ ᠲᠥᠯᠥᠭᠡ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ︽ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠵᠢᠯᠴᠢᠨ ᠬᠡᠷᠡᠭᠯᠡᠬᠦ ᠶᠢ ᠪᠠᠲᠤᠯᠠᠬᠤ᠂ ᠬᠥᠭᠵᠢᠯᠲᠡ ᠶᠢ ᠠᠬᠢᠭᠤᠯᠬᠤ︾ ᠶᠡᠷᠦᠩᠬᠡᠢ ᠲᠣᠬᠢᠷᠠᠭᠤᠯᠤᠯᠲᠠ ᠶᠣᠰᠣᠭᠠᠷ᠂ 2 ᠰᠠᠷ᠎ᠠ ᠶᠢᠨ 29 ᠤ ᠡᠳᠦᠷ᠂ ᠦᠴᠦᠸᠠᠨ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠦᠴᠦᠸᠠᠨ ᠰᠢᠶᠠᠨ ᠤ 2024 ᠣᠨ ᠤ ᠬᠠᠪᠤᠷ ᠤᠨ ᠰᠠᠯᠬᠢᠨ ᠤ ᠠᠵᠢᠯᠯᠠᠭ᠎ᠠ ᠥᠷᠨᠢᠭᠦᠯᠪᠡ᠃      ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠨᠢ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠪᠠᠷ ᠭᠤᠣᠯ ᠪᠣᠯᠭᠠᠬᠤ ᠶᠢᠨ ᠬᠠᠮᠲᠤ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠳᠠᠭᠠᠭᠤᠯᠬᠤ ᠲᠤᠰᠬᠠᠢ ᠣᠷᠣᠨ ᠭᠠᠷᠭᠠᠵᠤ᠂ ᠠᠵᠢᠯᠲᠠᠨ ᠡᠯᠰᠡᠬᠦ ᠴᠤᠭᠯᠠᠭᠠᠨ ᠨᠢ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠬᠦᠰᠡᠯ ᠲᠠᠢ ᠬᠥᠳᠡᠭᠡ ᠲᠣᠰᠬᠤᠨ ᠤ ᠬᠥᠳᠡᠯᠮᠦᠷᠢᠴᠢᠨ᠂ ᠢᠯᠠᠩᠭᠤᠶ᠎ᠠ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ︵ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠰᠢᠯᠭᠠᠬᠤ ᠡᠲᠡᠭᠡᠳ ᠪᠠᠭᠲᠠᠨ᠎ᠠ︶ ᠪᠣᠯᠣᠨ ᠬᠥᠳᠡᠭᠡ ᠲᠣᠰᠬᠤᠨ ᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠴᠢᠭᠯᠡᠭᠦᠯᠦᠭᠰᠡᠨ ᠪᠠᠶᠢᠨ᠎ᠠ᠃
     ᠣᠶᠢᠯᠠᠭᠠᠭᠰᠠᠨ ᠢᠶᠠᠷ᠂ ᠠᠵᠢᠯ ᠡᠷᠢᠬᠦ ᠰᠠᠨᠠᠭ᠎ᠠ ᠲᠠᠢ ᠬᠥᠮᠥᠰ ᠣᠶᠢᠷ᠎ᠠ ᠳᠤ ᠪᠠᠰᠠ ᠦᠴᠦᠸᠠᠨ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠸᠢᠴᠠᠲ ᠤᠨ ᠨᠡᠶᠢᠲᠡ ᠶᠢᠨ ᠳ᠋ᠤᠭᠠᠷ ᠤᠨ ᠮᠡᠳᠡᠭᠡ ᠵᠠᠩᠭᠢ ᠶᠢᠨ ᠤᠬᠠᠭᠤᠯᠭ᠎ᠠ ᠶᠢ ᠠᠩᠬᠠᠷᠴᠤ᠂ ᠠᠵᠤ ᠠᠬᠤᠶᠢᠯᠠᠯ ᠤᠨ ᠠᠵᠢᠯᠲᠠᠨ ᠡᠯᠰᠡᠬᠦ ᠮᠡᠳᠡᠭᠡ ᠵᠠᠩᠭᠢ ᠶᠢ ᠡᠷᠢᠨ ᠦᠵᠡᠵᠦ ᠪᠣᠯᠣᠨ᠎ᠠ᠃ ︵ᠰᠤᠷᠪᠤᠯᠵᠢᠯᠠᠭᠴᠢ᠄ ᠵᠤᠤ ᠯᠧ᠂ ᠶᠠᠩ ᠵᠢᠶ᠋ᠧ︶
             ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号