ᠦᠴᠦᠸᠠᠨ ᠰᠢᠶᠠᠨ ᠤ 2024 ᠣᠨ ᠤ ᠨᠢᠭᠡᠳᠦᠭᠡᠷ ᠤᠯᠠᠷᠢᠯ ᠤᠨ ᠠᠮᠢᠳᠤᠷᠠᠯ ᠤᠨ ᠤᠤᠭᠤᠬᠤ ᠤᠰᠤᠨ ᠤ ᠴᠢᠨᠠᠷ ᠢ ᠰᠢᠯᠭᠠᠨ ᠪᠠᠶᠢᠴᠠᠭᠠᠭᠰᠠᠨ ᠦᠷ᠎ᠡ ᠳ᠋ᠦᠩ ᠤᠨ ᠲᠤᠬᠠᠢ ᠦᠴᠦᠸᠠᠨ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠵᠠᠷᠯᠠᠯ
ᠨᠡᠶᠢᠲᠡᠯᠡᠭᠰᠡᠨ ᠴᠠᠭ᠄
2024/3/5
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢᠳᠤᠷᠠᠯ ᠤᠨ ᠤᠤᠭᠤᠬᠤ ᠤᠰᠤᠨ ᠤ ᠤᠰᠤᠨ ᠤ ᠴᠢᠨᠠᠷ ᠢ ᠬᠢᠨᠠᠨ ᠬᠡᠮᠵᠢᠬᠦ ᠮᠡᠳᠡᠭᠡ ᠵᠠᠩᠭᠢ ᠶᠢ ᠢᠯᠡ ᠪᠣᠯᠭᠠᠬᠤ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠭᠡᠷ ᠤᠨ ᠮᠡᠳᠡᠭᠳᠡᠯ︾ ︵ᠥᠪᠥᠷ ᠡᠷᠡᠭᠦᠯ ᠠᠯᠪᠠᠨ ᠡᠪᠡᠳᠴᠢᠨ ᠬᠢᠵᠠᠭᠠᠷᠯᠠᠬᠤ ᠥᠰᠥᠭ ﹇2019﹈ 132 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠦᠴᠦᠸᠠᠨ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ 2024 ᠣᠨ ᠤ ᠨᠢᠭᠡᠳᠦᠭᠡᠷ ᠤᠯᠠᠷᠢᠯ ᠳᠤ ᠬᠥᠳᠡᠭᠡ ᠲᠣᠰᠬᠤᠨ ᠤ ᠲᠥᠪᠯᠡᠷᠡᠭᠦᠯᠦᠨ ᠬᠠᠩᠭᠠᠬᠤ ᠤᠰᠤᠨ ᠤ ᠴᠢᠨᠠᠷ ᠲᠤ ᠪᠠᠶᠢᠴᠠᠭᠠᠨ ᠬᠡᠮᠵᠢᠯᠲᠡ ᠬᠢᠪᠡ᠃ ᠲᠣᠰ ᠤᠳᠠᠭ᠎ᠠ ᠨᠡᠶᠢᠲᠡ 2 ᠬᠤᠪᠢ ᠤᠰᠤᠨ ᠤ ᠥᠯᠢᠭᠡᠷ ᠠᠪᠴᠤ ᠪᠠᠶᠢᠴᠠᠭᠠᠨ ᠰᠢᠯᠭᠠᠪᠠ ︵ᠳᠠᠭᠠᠯᠳᠤᠭᠤᠯᠤᠯ ᠳᠤ ᠨᠠᠷᠢᠪᠴᠢᠯᠠᠨ ᠦᠵᠡᠭᠡᠷᠡᠢ︶᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠴᠥᠮ ︽ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ︾ ︵GB5749 ︱ 2022︶ ᠳᠤ ᠨᠡᠶᠢᠴᠡᠪᠡ᠃      ᠳᠠᠭᠠᠯᠳᠤᠭᠤᠯᠤᠯ᠄ ᠦᠴᠦᠸᠠᠨ ᠰᠢᠶᠠᠨ ᠤ ᠬᠠᠷ᠎ᠠ ᠬᠤᠰᠢᠭᠤ ᠰᠢᠶᠠᠩ                    ᠦᠴᠦᠸᠠᠨ ᠰᠢᠶᠠᠨ ᠤ ᠳᠡᠭᠡᠷ᠎ᠡ ᠲᠣᠬᠤᠢ ᠰᠢᠶᠠᠩ      ᠦᠴᠦᠸᠠᠨ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ      2024 ᠣᠨ ᠤ 3 ᠰᠠᠷ᠎ᠠ ᠶᠢᠨ 1 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号