ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠡᠨᠡ ᠦᠳᠡ ᠶᠢᠨ ᠡᠮᠦᠨ᠎ᠡ ᠡᠬᠢᠯᠡᠨ᠎ᠡ
ᠨᠡᠶᠢᠲᠡᠯᠡᠭᠰᠡᠨ ᠴᠠᠭ᠄
2024/3/5
     ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ  ᠲᠥᠯᠥᠭᠡᠯᠡᠭᠴᠢᠳ ᠤᠨ   ᠶᠡᠭᠡ ᠬᠤᠷᠠᠯ ᠤᠨ ᠬᠤᠶᠠᠳᠤᠭᠠᠷ ᠬᠤᠷᠠᠯ 5 ᠤ ᠦᠳᠡ ᠶᠢᠨ ᠡᠮᠦᠨᠡᠬᠢ 9 ᠴᠠᠭ ᠲᠤ ᠠᠷᠠᠳ ᠤᠨ ᠶᠡᠭᠡ  ᠬᠤᠷᠠᠯ ᠤᠨ ᠲᠠᠩᠬᠢᠮ ᠳᠤ ᠡᠬᠢᠯᠡᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠤᠨ ᠵᠠᠰᠠᠭ ᠤᠨ ᠣᠷᠳᠣᠨ ᠤ ᠠᠵᠢᠯ ᠤᠨ ᠲᠤᠬᠠᠢ ᠢᠯᠡᠳᠬᠡᠯ ᠢ ᠰᠣᠨᠣᠰᠴᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ ᠵᠢᠴᠢ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠢ ᠬᠢᠨᠠᠨ ᠪᠠᠶᠢᠴᠠᠭᠠᠵᠤ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠣᠯᠣᠨ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ ᠵᠢᠴᠢ 2024 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠢ ᠬᠢᠨᠠᠨ ᠪᠠᠶᠢᠴᠠᠭᠠᠨ᠎ᠠ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠯᠢ ᠬᠤᠩ ᠵᠦᠩ ᠤᠨ ᠬᠢᠭᠰᠡᠨ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠤᠨ᠎ᠠ᠃ ᠦᠳᠡ ᠶᠢᠨ ᠬᠤᠶᠢᠨ᠎ᠠ᠂ ᠡᠯ᠎ᠡ ᠲᠥᠯᠥᠭᠡᠯᠡᠭᠴᠢᠳ ᠤᠨ ᠪᠦᠯᠭᠦᠮ ᠪᠦᠭᠦᠳᠡ ᠬᠤᠷᠠᠯ ᠬᠢᠵᠦ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠨ᠎ᠡ᠃      5 ᠤ ᠦᠳᠡ ᠶᠢᠨ ᠡᠮᠦᠨ᠎ᠡ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠬᠰᠠᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠡᠭᠢᠯᠡᠯᠲᠡ ᠶᠢᠨ ᠬᠤᠷᠠᠯ ᠳᠤ ᠰᠤᠯᠠ ᠣᠷᠣᠯᠴᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯᠣᠨ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠤᠨ᠎ᠠ᠃ 5 ᠤ ᠦᠳᠡ ᠶᠢᠨ ᠬᠤᠶᠢᠨ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠬᠢᠨᠠᠨ ᠵᠥᠪᠯᠡᠨ᠎ᠡ᠃      ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠡᠭᠢᠯᠡᠯᠲᠡ ᠶᠢᠨ ᠬᠤᠷᠠᠯ ᠢ ᠠᠬᠤᠢ ᠲᠠᠯᠠᠪᠠᠶ ᠶᠢᠨ ᠰᠢᠭᠤᠳ ᠨᠡᠪᠲᠡᠷᠡᠭᠦᠯᠭᠡ ᠬᠢᠵᠦ᠂ ᠰᠢᠨᠬᠤᠸᠠ ᠰᠦᠯᠵᠢᠶ᠎ᠡ ᠡᠭᠢᠯᠡᠯᠲᠡ ᠶᠢᠨ ᠬᠤᠷᠠᠯ ᠢ ᠠᠬᠤᠢ ᠳᠠᠯᠠᠪᠠᠢ ᠶᠢᠨ ᠵᠢᠷᠤᠭ ᠪᠠ ᠥᠰᠥᠭ ᠪᠢᠴᠢᠭ ᠢᠶᠠᠷ ᠰᠢᠭᠤᠳ ᠨᠡᠪᠲᠡᠷᠡᠭᠦᠯᠭᠡ ᠬᠢᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号