2024 ᠣᠨ ᠤ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2024/3/5
   2024 ᠣᠨ ᠤ 1 ᠰᠠᠷ᠎ᠠ ᠶᠢᠨ 9 ᠤ ᠡᠳᠦᠷ ᠦᠴᠦᠸᠠᠨ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ          ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠲᠠᠲᠥᠯᠥᠭᠡᠯᠡᠭᠴᠢᠳ ᠠ᠋᠄    ᠤᠳᠤ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠡᠯ᠎ᠡ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃    ᠨᠢᠭᠡ᠂ 2023 ᠣᠨ ᠤ ᠠᠵᠢᠯ ᠤᠨ ᠡᠷᠭᠢᠴᠡᠭᠦᠯᠦᠯ    2023 ᠣᠨ ᠳᠤ᠂ ᠪᠦᠬᠦ ᠰᠢᠶᠠᠨ ᠢᠶᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠬᠤᠶᠠᠷ ᠶᠡᠭᠡ ᠶᠠᠪᠤᠳᠠᠯ︾ ᠢᠶᠠᠷ ᠭᠤᠣᠯ ᠭᠠᠷᠳᠠᠴᠠ ᠪᠣᠯᠭᠠᠵᠤ᠂ ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠥᠨᠳᠥᠷ ᠪᠦᠲᠦᠮᠵᠢᠲᠡᠢ ᠪᠠᠷ ᠨᠢᠭᠡᠳᠦᠯᠲᠡᠢ ᠲᠥᠯᠥᠪᠵᠢᠭᠦᠯᠦᠨ ᠬᠠᠮᠠᠭᠠᠯᠠᠬᠤ᠂ ᠬᠥᠭᠵᠢᠭᠦᠯᠬᠦ᠂ ᠴᠢᠨᠡᠭᠡᠯᠢᠭᠵᠢᠭᠦᠯᠬᠦ ︽ᠭᠤᠷᠪᠠᠨ ᠠᠵᠢᠯ︾ ᠢ ᠨᠢᠭᠡᠳᠦᠯᠲᠡᠢ ᠲᠥᠯᠥᠪᠵᠢᠭᠦᠯᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠷᠡᠮᠡᠬᠡᠶᠢᠯᠡᠨ ᠤᠷᠤᠭᠰᠢᠯᠠᠵᠤ᠂ ᠠᠷᠠᠳ ᠢ ᠪᠠᠶᠠᠵᠢᠭᠤᠯᠤᠨ ᠰᠢᠶᠠᠨ ᠢ ᠬᠦᠴᠦᠷᠬᠡᠭᠵᠢᠭᠦᠯᠬᠦ ᠵᠠᠮ ᠳᠡᠭᠡᠷ᠎ᠡ ᠯᠠᠪᠳᠠᠭᠤᠨ ᠪᠠᠲᠤᠲᠠᠢ ᠠᠯᠬᠤᠮ ᠢ ᠠᠯᠬᠤᠪᠠ᠃    ᠨᠢᠭᠡ ᠳᠤ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ ᠳᠤᠮᠳᠠ ᠤᠷᠤᠭᠰᠢᠯᠠᠪᠠ᠃ ᠬᠥᠭᠵᠢᠯᠲᠡ ᠶᠢᠨ ᠴᠢᠬᠤᠯᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠪᠥᠬᠦ ᠵᠢᠯ ᠳᠤ 82 ᠭᠤᠣᠯᠳᠠᠯᠭ᠎ᠠ ᠲᠠᠢ ᠲᠥᠷᠥᠯ ᠵᠦᠢᠯ ᠢ ᠡᠬᠢᠯᠡᠭᠦᠯᠦᠨ ᠰᠡᠷᠭᠦᠭᠡᠵᠦ᠂ 76.35 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ︔ 2000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 26 ᠰᠢᠨ᠎ᠡ ᠪᠠᠷ ᠣᠷᠣᠭᠤᠯᠤᠨ ᠠᠪᠴᠢᠷᠠᠵᠤ᠂ ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 15 ᠪᠠᠶᠢᠨ᠎ᠠ︔ ᠡᠯ᠎ᠡ ᠲᠥᠷᠥᠯ ᠤᠨ ᠲᠤᠰᠬᠠᠢ ᠪᠡᠯᠡ ᠮᠥᠩᠭᠦ ᠪᠠ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ 14.2 ᠳ᠋ᠦᠩᠰᠢᠭᠤᠷ ᠲᠥᠭᠦᠷᠢᠭ ᠲᠡᠮᠡᠴᠡᠨ ᠣᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠪᠡᠯᠡ ᠮᠥᠩᠭᠦ ᠶᠢᠨ ᠦᠷ᠎ᠡ ᠠᠰᠢᠭ ᠤᠨ ᠦᠢᠯᠡᠳᠦᠯ ᠢᠯᠡᠷᠬᠡᠢ ᠪᠣᠯᠪᠠ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 32% ᠢᠶᠠᠷ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 12% ᠪᠠᠷ ᠨᠡᠮᠡᠭᠳᠡᠵᠦ᠂ ᠲᠣᠰ ᠲᠣᠰ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ 3.5᠂ 7᠂ 22᠂ 7 ᠪᠠ 7 ᠵᠠᠭᠤᠨ ᠤ ᠴᠡᠭ ᠥᠨᠳᠥᠷ ᠪᠣᠯᠪᠠ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 7% ᠪᠠ 8% ᠨᠡᠮᠡᠭᠳᠡᠵᠦ᠂ ᠰᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃    ᠬᠤᠶᠠᠷ ᠲᠤ ᠠᠵᠤ ᠦᠢᠯᠡᠰ ᠤᠨ ᠶᠠᠰᠤ ᠴᠢᠨᠠᠷ ᠦᠷ᠎ᠡ ᠠᠰᠢᠭ ᠢ ᠢᠯᠡᠳᠲᠡ ᠳᠡᠭᠡᠭᠰᠢᠯᠡᠭᠦᠯᠪᠡ᠃ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾ ᠶᠢᠨ ᠠᠵᠤ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠥᠮᠥᠰᠥ᠂ ᠨᠣᠬᠠᠢ ᠶᠢᠨ ᠬᠤᠰᠢᠭᠤ᠂ ᠨᠣᠶᠢᠯ ᠪᠤᠭᠤᠳᠠᠢ ᠶᠢᠨ ᠭᠠᠷᠤᠯᠲᠠ ᠲᠣᠰ ᠲᠣᠰ 175 ᠲᠦᠮᠡᠨ ᠲᠣᠨ᠂ 3.5 ᠲᠦᠮᠡᠨ ᠲᠣᠨ᠂ 1.5 ᠲᠦᠮᠡᠨ ᠲᠣᠨ ᠳᠤ ᠬᠦᠷᠴᠦ᠂ 57.9 ᠲᠦᠮᠡᠨ ᠢᠳᠡᠰᠢᠨ ᠬᠤᠨᠢ ᠶᠢ ᠪᠣᠷᠣᠯᠠᠭᠤᠯᠵᠤ᠂ 7.88 ᠲᠦᠮᠡᠨ ᠮᠦ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢ ᠬᠥᠭᠵᠢᠭᠦᠯᠪᠡ᠃ ᠦᠷ᠎ᠡ ᠶᠢᠨ ᠲᠥᠮᠥᠰᠥ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ 3᠂ ︽ᠬᠤᠶᠠᠷ ᠪᠤᠭᠤᠳᠠᠢ ᠨᠢᠭᠡ ᠲᠥᠮᠥᠰᠥ︾ ᠶᠢᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 3 ᠪᠠᠶᠢᠭᠤᠯᠪᠠ᠃ ᠱᠤ᠋ ᠶᠤᠸᠠᠨ ᠺᠠᠩ ᠲᠥᠮᠥᠰᠥ ᠶᠢᠨ ᠪᠦᠷᠢᠨ ᠨᠤᠨᠳᠠᠭ ᠢ ᠡᠳ᠋ᠰᠢᠭᠦᠯᠬᠦ᠂ ᠰᠠᠨ ᠵᠦ ᠯᠢᠶᠠᠩ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠬᠦᠷᠢᠶᠡᠯᠡᠩ᠂ ᠶᠢᠨ ᠼᠣᠣ ᠶᠤᠸᠠᠨ ᠢᠳᠡᠰᠢᠨ ᠬᠤᠨᠢ ᠶᠢ ᠲᠡᠵᠢᠭᠡᠨ ᠦᠷᠡᠵᠢᠭᠦᠯᠬᠦ ᠵᠢᠴᠢ ᠨᠠᠷᠢᠯᠢᠭ ᠡᠳ᠋ᠰᠢᠭᠦᠯᠬᠦ᠂ ᠯᠢᠦᠢ ᠭᠧ ᠰᠦ ᠶᠢᠨ ᠦᠢᠯᠡᠰ ᠵᠡᠷᠭᠡ 19 ᠲᠥᠷᠥᠯ ᠵᠦᠢᠯ ᠢ ᠳᠠᠭᠤᠰᠬᠠᠪᠠ᠃ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠶᠡᠭᠡ ᠬᠤᠷᠠᠯ ᠤᠨ ᠭᠤᠣᠯᠯᠠᠨ ᠡᠷᠭᠢᠯᠡᠬᠦ ᠡᠷᠬᠡ ᠶᠢ ᠠᠮᠵᠢᠯᠲᠠ ᠲᠠᠢ ᠣᠯᠵᠤ᠂ ᠦᠴᠦᠸᠠᠨ ᠰᠢᠶᠠᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠰ ᠤᠨ ᠬᠦᠷᠢᠶᠡᠯᠡᠩ ᠢᠶᠠᠷ ᠠᠮᠵᠢᠯᠲᠠ ᠲᠠᠢ ᠡᠭᠦᠳᠦᠨ ᠪᠠᠶᠢᠭᠤᠯᠵᠤ᠂ ᠦᠴᠦᠸᠠᠨ ᠤ ᠨᠣᠬᠠᠢ ᠶᠢᠨ ᠬᠤᠰᠢᠭᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ  ᠨᠢ ᠥᠪᠡᠷᠲᠡᠭᠡᠨ ᠵᠠᠰᠠᠬᠤ ᠣᠷᠣᠨ ᠤ ︽ᠠᠷᠪᠠᠨ ᠰᠢᠯᠢᠳᠡᠭ ᠲᠠᠷᠢᠶᠠᠯᠠᠩ ᠢ ᠳᠡᠮᠵᠢᠬᠦ︾ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠢᠶᠠᠷ ᠦᠨᠡᠯᠡᠭᠳᠡᠪᠡ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠡᠮᠳᠡᠭ ᠢ ᠭᠡᠷᠡᠴᠢᠯᠡᠬᠦ ᠪᠠ ᠪᠠᠶᠢᠴᠠᠭᠠᠨ ᠬᠡᠮᠵᠢᠬᠦ᠂ ᠡᠬᠢ ᠡᠭᠦᠰᠦᠯ ᠢ ᠨᠢ ᠡᠷᠢᠬᠦ᠂ ᠪᠣᠭᠤᠳᠠᠯᠯᠠᠬᠤ ᠵᠡᠷᠭᠡ ᠰᠢᠰᠲ᠋ᠧᠮ ᠤᠨ ᠪᠠᠶᠢᠭᠤᠯᠤᠯᠲᠠ ᠶᠢ ᠪᠡᠶᠡᠯᠡᠭᠦᠯᠵᠦ᠂ ︽ᠦᠴᠦᠸᠠᠨ ᠤ ᠨᠣᠶᠢᠯ ᠪᠤᠭᠤᠳᠠᠢ︾ ︽ᠦᠴᠦᠸᠠᠨ ᠤ ᠢᠳᠡᠰᠢᠨ ᠬᠤᠨᠢ︾ ᠵᠡᠷᠭᠡ 6 ᠭᠠᠵᠠᠷ ᠵᠦᠢ ᠶᠢᠨ ᠲᠡᠮᠳᠡᠭ ᠤᠨ ᠭᠡᠷᠡᠴᠢᠯᠡᠯ ᠲᠠᠢ ᠲᠠᠸᠠᠷ ᠤᠨ ᠲᠡᠮᠳᠡᠭ ᠢ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠠᠩᠬᠠᠨ ᠤ ᠬᠢᠨᠠᠯᠲᠠ ᠪᠠᠷ ᠳᠡᠮᠵᠢᠨ᠂ ︽ᠦᠴᠦᠸᠠᠨ ᠤ ᠲᠥᠮᠥᠰᠥ︾ ᠶᠢᠨ ᠨᠠᠷᠠᠲᠤ ᠲᠠᠸᠠᠷ ᠤᠨ ᠲᠡᠮᠳᠡᠭ ᠢ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠪᠠᠷ ᠬᠢᠨᠠᠨ ᠬᠠᠷᠭᠤᠭᠤᠯᠵᠤ᠂ ︽ᠦᠴᠤᠸᠠᠨ ᠤ ᠦᠨᠦᠷ ᠠᠮᠲᠠ︾ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠨᠢ ᠪᠥᠬᠦ ᠤᠯᠤᠰ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢᠨ ᠰᠢᠯᠢᠳᠡᠭ ᠬᠡᠷᠡᠭ ᠤᠨ ᠵᠢᠱᠢᠶ᠎ᠡ ᠳᠤ ᠰᠣᠩᠭᠤᠭᠳᠠᠵᠤ᠂ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠬᠡᠯᠬᠢᠶᠡᠵᠢᠭᠰᠡᠨ ᠮᠠᠶ᠋ᠢᠭ ᠤᠨ ᠬᠥᠭᠵᠢᠯᠲᠡ ᠶᠢᠨ ᠦᠷ᠎ᠡ ᠪᠦᠲᠦᠮᠵᠢ ᠢᠯᠡᠳᠲᠡ ᠪᠣᠯᠪᠠ᠃ ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠲᠠᠯ᠎ᠠ ᠨᠤᠲᠤᠭ ᠤᠨ ᠡᠭᠦᠳᠡ ᠰᠣᠶᠣᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ 4A ᠲᠠᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠪᠡ᠃ ᠬᠠᠳᠠᠲᠤ ᠬᠠᠭᠠᠯᠭ᠎ᠠ ᠶᠢᠨ ᠨᠢᠭᠡᠳᠦᠭᠡᠷ ᠬᠤᠭᠤᠴᠠᠭᠠᠨ ᠤ ᠪᠠᠷᠢᠯᠭ᠎ᠠ᠂ ᠨᠠᠭᠤᠷ ᠤᠨ ᠨᠢᠷᠤᠭᠤ ᠵᠤᠭᠠᠴᠠᠭᠰᠠᠳ ᠤᠨ ᠦᠢᠯᠡᠴᠢᠯᠡᠭᠡᠨ ᠤ ᠲᠥᠪ ᠤᠨ ᠭᠤᠣᠯ ᠴᠣᠭᠴᠠ ᠶᠢᠨ ᠪᠠᠷᠢᠯᠭ᠎ᠠ ᠶᠢ ᠤᠷᠤᠭᠰᠢᠲᠠᠢ ᠳᠠᠭᠤᠰᠬᠠᠵᠤ᠂ ᠳ᠋ᠧ ᠱᠧᠩ ᠶᠢᠩ ᠮᠠᠰᠢᠨ ᠲᠡᠷᠭᠡᠨ ᠤ ᠵᠢᠵᠢᠭ ᠪᠠᠯᠭᠠᠰᠤ᠂ ᠬᠤ᠋ ᠬᠠ ᠲᠠᠷᠢᠶᠠᠯᠠᠩ ᠤᠨ ᠲᠠᠯᠠᠪᠠᠢ᠂ ᠮᠢ ᠯᠦ ᠤᠢ ᠰᠢᠭᠤᠢ ᠵᠡᠷᠭᠡ ᠬᠥᠳᠡᠭᠡ ᠲᠣᠰᠬᠤᠨ ᠤ ᠰᠡᠯᠡᠭᠦᠴᠡᠯ ᠤᠨ ᠵᠢᠭᠤᠯᠴᠢᠯᠠᠯ ᠤᠨ 6 ᠲᠥᠷᠥᠯ ᠵᠦᠢᠯ ᠢ ᠠᠰᠢᠭᠯᠠᠯᠲᠠ ᠳᠤ ᠣᠷᠣᠭᠤᠯᠪᠠ᠃ ᠳ᠋ᠧ ᠱᠧᠩ ᠭᠧᠦ ᠰᠢᠶᠠᠩ ᠤᠨ ᠬᠠᠰᠢᠶᠠᠲᠤ ᠲᠣᠰᠬᠤᠨ ᠥᠪᠡᠷᠲᠡᠭᠡᠨ ᠵᠠᠰᠠᠬᠤ ᠣᠷᠣᠨ ᠤ ︽ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠤᠭᠰᠠᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ︾᠂ ᠥᠪᠡᠷᠲᠡᠭᠡᠨ ᠵᠠᠰᠠᠬᠤ ᠣᠷᠣᠨ ᠤ ᠭᠤᠷᠪᠠᠳᠤᠭᠠᠷ ᠪᠦᠯᠦᠭ ᠤᠨ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠢᠶᠠᠷ ᠦᠨᠡᠯᠡᠭᠳᠡᠪᠡ᠃ ᠣᠩᠭᠤᠨ ᠳᠠᠪᠠᠭᠠᠨ ᠣᠷᠤᠢ ᠶᠢᠨ ᠪᠠᠭᠤᠷᠢ᠂ ᠲᠦ᠋ ᠴᠧᠩ ᠯᠢᠶᠠᠩ ᠪᠠᠭᠤᠷᠢ ᠶᠢ ᠥᠪᠡᠷᠲᠡᠭᠡᠨ ᠵᠠᠰᠠᠬᠤ ᠣᠷᠣᠨ ᠤ ᠵᠢᠷᠭᠤᠳᠤᠭᠠᠷ ᠪᠦᠯᠦᠭ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠪᠠ᠃ ᠪᠥᠬᠦ ᠵᠢᠯ ᠳᠤ ᠵᠤᠭᠠᠴᠠᠭᠰᠠᠳ ᠢ 62.3 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 0.94 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠨᠠᠩ ᠪᠠᠬᠢᠵᠢᠭᠦᠯᠪᠡ᠃ ᠶᠤᠸᠠᠨ ᠵᠢᠩ 40 ᠲᠦᠮᠡᠨ ᠺᠢᠯᠣᠸᠠᠲ᠂ ᠲᠢᠶᠠᠨ ᠨᠧᠩ ᠬᠦᠨᠳᠦ ᠠᠵᠤ ᠦᠢᠯᠡᠳᠪᠦᠷᠢ ᠶᠢᠨ 15 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠢ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠤᠮᠠᠷᠠᠲᠤ ᠶᠢᠨ ᠬᠠᠮᠲᠤᠷᠠᠭᠰᠠᠨ ᠴᠠᠬᠢᠯᠭᠠᠨ ᠬᠦᠴᠦᠨ ᠤ 25 ᠲᠦᠮᠡᠨ ᠺᠢᠯᠣᠸᠠᠲ᠂ ᠯᠦᠩ ᠾᠧ ᠰᠢᠨ᠎ᠡ ᠡᠨᠧᠷᠭᠢ ᠵᠡᠷᠭᠡ 4 ᠲᠦᠮᠡᠨ ᠺᠢᠯᠣᠸᠠᠲ ᠤᠨ ᠲᠠᠷᠠᠬᠠᠢ ᠬᠡᠯᠪᠡᠷᠢ ᠶᠢᠨ 3 ᠰᠠᠯᠬᠢᠨ ᠬᠦᠴᠦᠨ ᠤ ᠴᠠᠬᠢᠯᠭᠠᠨ ᠤ ᠲᠦᠷᠦᠯ ᠵᠦᠢᠯ ᠢ ᠡᠮᠬᠢ ᠵᠢᠷᠤᠮ ᠲᠠᠢ ᠠᠬᠢᠭᠤᠯᠵᠤ᠂ ᠴᠡᠪᠡᠷ ᠡᠨᠧᠷᠭᠢ ᠶᠢᠨ ᠲᠣᠤᠷ ᠲᠤ ᠨᠡᠶᠢᠯᠡᠭᠦᠯᠦᠭᠰᠡᠨ ᠴᠠᠬᠢᠯᠭᠠᠨ ᠭᠠᠷᠭᠠᠯᠲᠠ ᠶᠢ ᠨᠡᠶᠢᠲᠡ 301 ᠲᠦᠮᠡᠨ ᠺᠢᠯᠣᠸᠠᠲ ᠲᠤ ᠬᠦᠷᠭᠡᠪᠡ᠃ ᠳ᠋ᠠ ᠳ᠋ᠧᠦ ᠫᠦ᠋ 500 ᠺᠢᠯᠤᠸᠤᠯᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢᠨ 3 ᠳ᠋ᠤᠭᠠᠷ ᠨᠣᠮᠧᠷᠲᠤ ᠭᠤᠣᠯ ᠥᠭᠡᠷᠡᠴᠢᠯᠡᠬᠦ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠴᠡᠪᠡᠷ ᠡᠨᠧᠷᠭᠢ ᠶᠢ ᠭᠠᠳᠠᠭᠰᠢ ᠬᠦᠷᠭᠡᠬᠦ ᠪᠠ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠴᠡᠪᠡᠷ ᠡᠨᠧᠷᠭᠢ ᠶᠢᠨ ᠠᠵᠤ ᠦᠢᠯᠡᠰ ᠤᠨ ᠬᠡᠪᠴᠢᠶ᠎ᠡ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠪᠠ᠃ ᠠᠭᠤᠷᠬᠠᠢ ᠶᠢᠨ ᠦᠢᠯᠡᠰ ᠤᠨ ᠡᠷᠬᠡ ᠶᠢ ᠪᠥᠬᠦ ᠲᠠᠯ᠎ᠠ ᠪᠠᠷ ᠠᠮᠢᠳᠤᠯᠢᠭ ᠪᠣᠯᠭᠠᠵᠤ᠂ ᠰᠦᠨ ᠣᠪᠣᠭᠲᠤ ᠶᠢᠨ ᠭᠥᠩ ᠬᠤ᠋ ᠳ᠋ᠦᠩ ᠲᠡᠮᠦᠷ ᠤᠨ ᠠᠭᠤᠷᠬᠠᠢ᠂ ᠮᠧᠩ ᠯᠢ ᠳ᠋ᠡ ᠮᠢᠶᠠᠨ ᠭᠧᠦ ᠲᠡᠮᠦᠷ ᠤᠨ ᠠᠭᠤᠷᠬᠠᠢ ᠶᠢᠨ 2 ᠬᠦᠳᠡᠷ ᠰᠢᠯᠢᠬᠦ ᠦᠢᠯᠡᠳᠪᠦᠷᠢ ᠪᠠ ᠵᠢᠢ ᠳ᠋ᠦᠩ ᠱᠦᠢᠨᠢ ᠵᠢᠥᠢ ᠶᠢᠨ ᠱᠠᠨ ᠭᠠᠨᠳᠢᠭ ᠴᠢᠯᠠᠭᠤᠯᠢᠭ ᠤᠨ ᠠᠭᠤᠷᠬᠠᠢ᠂ ᠴᠤᠸᠠᠨ ᠯᠧᠢ ᠾᠦᠢ ᠨᠣᠭᠤᠭᠠᠨ ᠴᠢᠯᠠᠭᠤᠯᠢᠭ ᠤᠨ ᠠᠭᠤᠷᠬᠠᠢ ᠵᠡᠷᠭᠡ 8 ᠠᠭᠤᠷᠬᠠᠢ ᠶᠢᠨ ᠠᠵᠤ ᠠᠬᠤᠶᠢᠯᠠᠯ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠵᠦ᠂ ᠾᠧᠦ ᠪᠥᠸᠧ ᠽᠢ ᠲᠡᠮᠦᠷ ᠤᠨ ᠠᠭᠤᠷᠬᠠᠢ ᠪᠠ ᠬᠤᠩ ᠯᠧᠢ ᠺᠣᠮᠫᠠᠨᠢ ᠶᠢᠨ ᠴᠠᠩ ᠹᠠ ᠶᠣᠣ ᠪᠣᠷᠵᠢᠨ ᠴᠢᠯᠠᠭᠤᠯᠢᠭ ᠤᠨ ᠠᠭᠤᠷᠬᠠᠢ ᠨᠢ ᠠᠭᠤᠷᠬᠠᠢ ᠮᠠᠯᠲᠠᠬᠤ ᠵᠥᠪᠰᠢᠶᠡᠷᠡᠯ ᠤᠨ ᠦᠨᠡᠮᠯᠡᠯ ᠣᠯᠵᠤ᠂ ᠢ ᠮᠧᠩ ᠰᠧ ᠺᠣᠮᠫᠠᠨᠢ ᠶᠢᠨ ᠶᠠᠩ ᠲᠠᠢ ᠭᠧᠦ᠂ ᠵᠢᠦᠢ ᠱᠢ ᠺᠣᠮᠫᠠᠨᠢ ᠶᠢᠨ ᠳ᠋ᠦᠩ ᠬᠤᠤ ᠲᠣᠰᠬᠤᠨ ᠤ ᠴᠢᠮᠡᠭᠯᠡᠯ ᠳᠤ ᠬᠡᠷᠡᠭᠯᠡᠬᠦ ᠪᠣᠷᠵᠢᠨ ᠴᠢᠯᠠᠭᠤᠯᠢᠭ ᠤᠨ ᠬᠦᠳᠡᠷ ᠶᠠᠭ ᠬᠠᠶᠢᠨ ᠰᠢᠨᠵᠢᠯᠡᠵᠦ ᠮᠠᠯᠲᠠᠬᠤ ᠭᠠᠷᠳᠠᠮ ᠢ ᠲᠡᠭᠦᠯᠳᠡᠷᠵᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠠᠯᠬᠤᠴᠠ ᠲᠠᠰᠤᠷᠠᠯᠲᠠ ᠦᠭᠡᠢ ᠲᠦᠷᠭᠡᠳᠪᠡ᠃ ᠡᠭᠦᠨ ᠤ ᠬᠠᠮᠲᠤ᠂ ︽ᠨᠢᠭᠡ ᠴᠡᠴᠡᠷᠯᠢᠭ ᠬᠤᠶᠠᠷ ᠲᠣᠭᠤᠷᠢᠭ︾ ᠤᠨ ᠡᠮᠦᠨᠡᠬᠢ ᠬᠤᠭᠤᠴᠠᠭᠠᠨ ᠤ ᠲᠥᠯᠦᠪᠵᠢᠭᠦᠯᠭᠡ ᠪᠠ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠲᠣᠭᠤᠷᠢᠭ ᠤᠨ ᠰᠠᠭᠤᠷᠢ ᠪᠡᠯᠡᠳᠬᠡᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠨᠡᠭᠡᠭᠡᠯᠲᠡ ᠶᠢᠨ ᠲᠣᠭᠤᠷᠢᠭ ᠢ ᠰᠡᠷᠭᠦᠭᠡᠨ ᠪᠠᠶᠢᠭᠤᠯᠬᠤ ᠳᠤ ᠨᠢᠭᠡᠨᠲᠡ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠪᠡ᠃      ᠭᠤᠷᠪᠠ ᠳᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠪᠡ᠃ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ ᠶᠢ ᠨᠢᠭᠡᠳᠦᠯᠲᠡᠢ ᠲᠥᠯᠥᠪᠯᠡᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠴᠢᠨᠠᠷ ᠮᠠᠭᠤ ᠦᠷ᠎ᠡ ᠠᠰᠢᠭ ᠢᠶᠠᠷ ᠳᠣᠣᠷ᠎ᠠ ᠣᠶ ᠶᠢ 2.5 ᠲᠦᠮᠡᠨ ᠮᠦ ᠥᠭᠡᠷᠡᠴᠢᠯᠡᠨ ᠰᠠᠶᠢᠵᠢᠷᠠᠭᠤᠯᠬᠤ᠂ 8.06 ᠲᠦᠮᠡᠨ ᠮᠦ ᠣᠶᠢᠲᠤ ᠭᠠᠵᠠᠷ ᠢ ᠠᠷᠠᠴᠢᠯᠠᠨ ᠪᠣᠶᠢᠵᠢᠭᠤᠯᠵᠤ ᠵᠠᠰᠠᠨ ᠰᠡᠷᠭᠦᠭᠡᠬᠦ ᠶᠢ ᠬᠡᠷᠡᠭᠵᠢᠭᠦᠯᠵᠦ᠂ 0.16 ᠲᠦᠮᠡᠨ ᠮᠦ ᠮᠠᠭᠤᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠵᠤ᠂ ᠣᠶ ᠰᠢᠭᠤᠢ ᠡᠪᠡᠰᠦᠨ ᠤ ᠪᠦᠷᠬᠦᠴᠡ ᠶᠢᠨ ᠨᠣᠷᠮ᠎ᠠ ᠶᠢ 65.05% ᠳᠤ ᠬᠦᠷᠭᠡᠪᠡ᠃ ᠳᠥᠷᠪᠡᠳᠦᠭᠡᠷ ᠢᠯᠴᠢ ᠶᠢᠨ ᠦᠢᠯᠡᠳᠪᠦᠷᠢ ᠶᠢᠨ ᠨᠡᠭᠦᠷᠡᠰᠦ ᠰᠢᠲᠠᠭᠠᠬᠤ ᠭᠦᠸᠧᠯᠦ ᠶᠢᠨ ᠬᠡᠲᠦ ᠳᠣᠣᠷ᠎ᠠ ᠭᠠᠳᠠᠭᠰᠢᠯᠠᠭᠤᠯᠬᠤ ᠶᠢ ᠥᠭᠡᠷᠡᠴᠢᠯᠡᠬᠦ᠂ ᠨᠡᠭᠦᠷᠡᠰᠦ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ︵ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠭᠰᠡᠨ︶ ᠲᠥᠷᠥᠯ ᠵᠦᠢᠯ ᠢ ᠪᠦᠬᠦᠨ ᠢ ᠳᠠᠭᠤᠰᠬᠠᠵᠤ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠪᠦᠬᠦ ᠬᠤᠲᠠ ᠳᠤ ᠨᠢᠭᠡᠳᠦᠭᠡᠷ ᠲᠤ ᠵᠢᠭᠰᠠᠭᠠᠭᠳᠠᠪᠠ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠵᠢᠴᠢ ᠡᠮᠦᠨ᠎ᠡ ᠬᠡᠰᠡᠭ ᠤᠨ ᠪᠣᠬᠢᠷ ᠤᠰᠤ ᠶᠢ ᠤᠷᠢᠳᠴᠢᠯᠠᠨ ᠰᠢᠢᠳᠪᠦᠷᠢᠯᠡᠬᠦ ᠲᠥᠬᠦᠭᠡᠷᠦᠮᠵᠢ ᠶᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠪᠠ᠃ ᠭᠤᠣᠯ ᠤᠨ ᠵᠠᠮ ᠳᠤ ᠬᠠᠶᠢᠷ ᠮᠠᠯᠲᠠᠬᠤ ᠶᠢ ᠵᠢᠷᠤᠮᠵᠢᠭᠤᠯᠬᠤ᠂ ᠵᠠᠬ᠎ᠠ ᠳᠡᠯᠭᠡᠭᠦᠷᠴᠢᠯᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠬᠠᠶᠢᠷ ᠴᠢᠯᠠᠭᠤ ᠬᠤᠯᠠᠭᠠᠶᠢᠯᠠᠨ ᠮᠠᠯᠲᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠳᠥᠷᠪᠡᠨ ᠤᠷᠢᠳᠠᠪᠠᠷ ᠬᠠᠮᠢᠶᠠᠷᠤᠨ ᠡᠵᠡᠮᠳᠡᠵᠦ ᠪᠠᠶᠢᠭ᠎ᠠ ᠭᠠᠵᠠᠷ ᠤᠨ ᠬᠥᠷᠥᠰᠥ ᠰᠢᠷᠣᠢ ᠶᠢ ᠨᠠᠷᠢᠨ ᠪᠠᠶᠢᠴᠠᠭᠠᠬᠤ ᠪᠠ ᠦᠨᠡᠯᠡᠨ ᠵᠢᠱᠢᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠵᠤ᠂ ᠲᠠᠷᠢᠶᠠᠨ ᠡᠮ᠂ ᠬᠢᠮᠢ ᠶᠢᠨ ᠪᠣᠷᠳᠣᠭᠤᠷ ᠬᠡᠷᠡᠭᠯᠡᠬᠦ ᠬᠡᠮᠵᠢᠶ᠎ᠡ ᠶᠢ ᠲᠤᠰ ᠲᠤᠰ 2.1% ᠪᠠ 0.8% ᠪᠠᠷ ᠪᠠᠭᠠᠰᠬᠠᠵᠤ᠂ ᠬᠠᠶᠠᠭᠳᠠᠮᠠᠯ ᠬᠠᠭᠤᠴᠢᠨ ᠰᠦᠯᠢᠶᠥᠦ ᠪᠦᠷᠬᠦᠪᠴᠢ ᠶᠢ ᠡᠭᠡᠭᠦᠯᠦᠨ ᠬᠤᠷᠢᠶᠠᠬᠤ ᠨᠤᠷᠮ᠎ᠠ ᠶᠢ 85% ᠳᠤ ᠬᠦᠷᠭᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃      ᠳᠥᠷᠪᠡ ᠳᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠪᠠ᠃ 14 ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠪᠠ 5 ᠬᠤᠷᠢᠶᠠᠯᠠᠯ ᠤᠨ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ 891 ᠰᠠᠭᠤᠭᠠᠯᠢ ᠠᠷᠠᠳ ᠲᠤ ᠠᠰᠢᠭ ᠬᠦᠷᠲᠡᠭᠡᠪᠡ᠃ ᠪᠣᠯᠪᠠᠰᠤᠨ ᠵᠠᠮ᠂ ᠵᠢᠨᠱᠠᠨ ᠭᠤᠷᠪᠠᠨ ᠵᠠᠮ ᠵᠡᠷᠭᠡ 5 ᠵᠤᠷᠪᠤᠰ ᠵᠠᠮ ᠢ ᠬᠠᠲᠠᠭᠤᠷᠠᠭᠤᠯᠵᠤ᠂ ᠤᠰᠤ ᠪᠠᠷ ᠴᠡᠪᠡᠷᠯᠡᠬᠦ ᠵᠣᠷᠯᠣᠩ 5 ᠶᠢ ᠰᠢᠨ᠎ᠡ ᠪᠠᠷ ᠪᠠᠶᠢᠭᠤᠯᠵᠤ ᠰᠡᠯᠪᠢᠨ ᠵᠠᠰᠠᠵᠤ᠂ 4 ᠬᠠᠭᠤᠷᠠᠢ ᠵᠣᠷᠯᠣᠩ ᠢ ᠤᠰᠤᠨ ᠵᠣᠷᠯᠣᠩ ᠪᠣᠯᠭᠠᠨ ᠥᠭᠡᠷᠡᠴᠢᠯᠡᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠡᠷᠭᠡ 60 ᠰᠠᠭᠤᠷᠢ᠂ ᠬᠤᠭ ᠨᠣᠪᠰᠢ ᠶᠢᠨ ᠬᠠᠶᠢᠷᠴᠠᠭ 1780 ᠬᠤᠳᠠᠯᠳᠤᠨ ᠠᠪᠤᠪᠠ᠃ ᠬᠤᠲᠠ ᠶᠢᠨ ᠲᠣᠭᠤᠷᠢᠭ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 16 ᠦᠵᠡᠮᠵᠢ ᠶᠢᠨ ᠴᠡᠭ ᠢ ᠥᠭᠡᠷᠡᠴᠢᠯᠡᠨ ᠰᠠᠶᠢᠵᠢᠷᠠᠭᠤᠯᠵᠤ᠂ 6 ᠬᠠᠷᠮᠠᠨ ᠴᠡᠴᠡᠷᠯᠢᠭ ᠢ ᠪᠠᠶᠢᠭᠤᠯᠤᠨ ᠪᠦᠲᠦᠭᠡᠵᠦ᠂ ᠬᠤᠲᠠ ᠶᠢᠨ ᠴᠢᠳᠠᠮᠵᠢ ᠶᠢ ᠨᠡᠩ ᠲᠡᠭᠦᠯᠳᠡᠷᠵᠢᠭᠦᠯᠪᠡ᠃ ᠮᠤᠵᠢ ᠶᠢᠨ ᠵᠠᠮ ᠤᠨ 104 ᠰᠠᠭᠤᠷᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ 14.1 ᠺᠢᠯᠣᠮᠧᠲᠷ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠵᠢᠴᠢ ᠡᠪᠡᠳᠴᠢᠨ ᠤ ᠬᠥᠨᠥᠭᠡᠯ ᠢ 109.1 ᠺᠢᠯᠣᠮᠧᠲᠷ ᠰᠢᠢᠳᠪᠦᠷᠢᠯᠡᠵᠦ᠂ ᠵᠠᠰᠠᠮᠠᠯ ᠵᠠᠮ ᠢ 100 % ᠪᠠᠷ ᠵᠢᠭᠰᠠᠭᠠᠨ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠤᠷᠤᠭᠰᠢᠲᠠᠢ ᠪᠡᠶᠡᠯᠡᠭᠦᠯᠪᠡ᠃ 22 ᠭᠠᠩ ᠬᠠᠭᠰᠠᠷᠠᠭᠠᠨ ᠲᠠᠢ ᠲᠡᠮᠡᠴᠡᠬᠦ ᠬᠤᠳᠳᠤᠭ ᠢ ᠰᠢᠨ᠎ᠡ ᠪᠠᠷ ᠪᠠᠶᠢᠭᠤᠯᠤᠭᠰᠠᠨ ᠪᠠ ᠤᠬᠢᠶᠠᠨ ᠴᠡᠪᠡᠷᠯᠡᠵᠦ᠂ ᠳᠠᠯᠳᠠ ᠤᠷᠤᠰᠬᠠᠯ ᠬᠠᠰᠢᠬᠤ ᠢᠨᠵᠧᠨᠧᠷᠢᠩ 1᠂ ᠤᠰᠤᠨ ᠵᠣᠭᠤᠷᠢ 37᠂ ᠤᠰᠤ ᠬᠠᠳᠠᠭᠠᠯᠠᠬᠤ ᠴᠥᠭᠦᠷᠥᠮ 14 ᠪᠠᠶᠢᠭᠤᠯᠵᠤ᠂ 7209 ᠬᠥᠮᠥᠨ ᠤᠳᠠᠭ᠎ᠠ ᠶᠢᠨ ᠲᠦᠷ ᠴᠠᠭ ᠤᠨ ᠤᠤᠭᠤᠬᠤ ᠤᠰᠤᠨ ᠤ ᠬᠦᠴᠢᠷᠳᠡᠯ ᠪᠠ 6683 ᠮᠦ ᠲᠠᠷᠢᠶᠠᠨ ᠭᠠᠵᠠᠷ ᠤᠨ ᠤᠰᠤᠯᠠᠯᠲᠠ ᠳᠤ ᠬᠡᠷᠡᠭᠯᠡᠬᠦ ᠤᠰᠤᠨ ᠤ ᠠᠰᠠᠭᠤᠳᠠᠯ ᠢ ᠰᠢᠢᠳᠪᠦᠷᠢᠯᠡᠵᠦ᠂ ᠭᠠᠩ ᠬᠠᠭᠰᠠᠷᠠᠭᠠᠨ ᠲᠠᠢ ᠲᠡᠮᠡᠴᠡᠬᠦ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃ 6436 ᠡᠷᠦᠬᠡ ᠭᠡᠷ ᠪᠦᠯᠢ ᠶᠢᠨ ᠡᠳ᠋ ᠬᠥᠷᠥᠩᠭᠡ ᠶᠢᠨ ᠳᠠᠭᠠᠳᠬᠠᠯ ᠳᠤ ᠣᠷᠣᠯᠴᠠᠵᠤ᠂ 17233 ᠬᠥᠮᠥᠨ ᠬᠦᠨᠳᠦ ᠡᠪᠡᠳᠴᠢᠨ ᠤ ᠳᠠᠭᠠᠳᠬᠠᠯ᠂ 16406 ᠬᠥᠮᠥᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠣᠷᠣᠯᠭ᠎ᠠ ᠶᠢᠨ ᠳᠠᠭᠠᠳᠬᠠᠯ ᠳᠤ ᠣᠷᠣᠯᠴᠠᠵᠤ᠂ ᠶᠠᠳᠠᠭᠤ ᠠᠴᠠ ᠠᠩᠭᠢᠵᠢᠷᠠᠭᠰᠠᠨ ᠲᠥᠷᠥ ᠶᠢᠨ ᠪᠣᠳᠣᠯᠭ᠎ᠠ ᠶᠢ ᠭᠥᠷᠳᠡᠭᠰᠡᠨ ᠡᠷᠦᠬᠡ ᠪᠠ ᠬᠢᠨᠠᠨ ᠬᠡᠮᠵᠢᠭᠰᠡᠨ ᠡᠲᠡᠭᠡᠳ ᠢ ᠪᠦᠬᠦᠨ ᠢ ᠬᠠᠮᠤᠷᠪᠠ᠃ 2.45 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 72 ᠲᠦᠷᠦᠯ ᠵᠦᠢᠯ ᠢ ᠬᠡᠷᠡᠭᠵᠢᠭᠦᠯᠵᠦ᠂ 93 ᠵᠠᠰᠠᠭ ᠵᠠᠬᠢᠷᠭᠠᠨ ᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠪᠦᠬᠦᠨ ᠢᠶᠠᠷ ᠢᠶᠠᠨ 13 ᠲᠦᠮᠡᠨ ᠲᠥᠭᠦᠷᠢᠭ ᠠᠴᠠ ᠳᠡᠭᠡᠭᠰᠢ ᠳᠤ ᠬᠦᠷᠪᠡ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠳᠡᠯᠭᠡᠷᠡᠭᠦᠯᠵᠦ᠂ ᠬᠥᠳᠡᠭᠡ ᠲᠣᠰᠬᠤᠨ ᠤ ᠬᠤᠭ ᠨᠣᠪᠰᠢ ᠶᠢ ᠴᠡᠪᠡᠷᠯᠡᠬᠦ᠂ ᠠᠮᠢᠳᠤᠷᠠᠯ ᠤᠨ ᠪᠣᠬᠢᠷ ᠤᠰᠤ ᠶᠢ ᠵᠠᠰᠠᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠭᠦᠨᠵᠡᠭᠡᠢ ᠥᠷᠨᠢᠭᠦᠯᠵᠦ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠪᠠ᠃      ᠲᠠᠪᠤ ᠳᠤ᠂ ᠥᠭᠡᠷᠡᠴᠢᠯᠡᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠪᠠᠳᠠᠷᠠᠭᠤᠯᠪᠠ᠃ ︽ᠰᠦᠯᠵᠢᠶᠡᠨ ᠳᠡᠭᠡᠷ᠎ᠡ ᠭᠦᠢᠴᠡᠳᠬᠡᠬᠦ︾᠂ ︽ᠠᠯᠠᠭᠠᠨ ᠳᠡᠭᠡᠷ᠎ᠡ ᠪᠠᠨ ᠭᠦᠢᠴᠡᠳᠬᠡᠬᠦ︾ ᠶᠢ ᠶᠡᠬᠡᠪᠡᠷ ᠬᠡᠷᠡᠭᠵᠢᠭᠦᠯᠵᠦ᠂ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ ᠬᠠᠮᠲᠤᠷᠠᠨ ᠰᠢᠯᠭᠠᠨ ᠠᠪᠬᠤ ᠵᠡᠷᠭᠡ ᠲᠥᠪᠯᠡᠷᠡᠭᠦᠯᠦᠨ ᠭᠦᠢᠴᠡᠳᠬᠡᠬᠦ ᠶᠢ ᠴᠢᠩᠭᠠᠳᠬᠠᠵᠤ᠂ 1119 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠬᠦᠨ ᠢ ᠶᠡᠷᠦᠩᠬᠡᠶᠢᠯᠡᠭᠰᠡᠨ ᠴᠣᠩᠬᠤᠪᠴᠢ ᠳᠤ ᠣᠷᠣᠭᠤᠯᠬᠤ ᠶᠢ ᠴᠢᠩᠭᠠᠳᠬᠠᠪᠠ᠃ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 25 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠢ ᠭᠦᠢᠴᠡᠳᠬᠡᠬᠦ ᠴᠠᠭ ᠤᠨ ᠬᠢᠵᠠᠭᠠᠷ ᠢ 5 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠠᠶᠢᠨ ᠦᠨᠡᠯᠡᠬᠦ ᠨᠣᠷᠮ᠎ᠠ ᠶᠢ 100% ᠳᠤ ᠬᠦᠷᠭᠡᠪᠡ᠃ ᠵᠥᠪᠰᠢᠶᠡᠷᠡᠯ ᠬᠦᠯᠢᠶᠡᠵᠦ ᠪᠠᠶᠢᠭ᠎ᠠ 23 ᠲᠥᠷᠥᠯ ᠵᠦᠢᠯ ᠢ ᠰᠢᠢᠳᠪᠦᠷᠢᠯᠡᠵᠦ ᠳᠠᠭᠤᠰᠬᠠᠪᠠ᠃ 645 ᠮᠦ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ ᠭᠠᠵᠠᠷ ᠰᠢᠷᠣᠢ ᠶᠢ ᠰᠢᠢᠳᠪᠦᠷᠢᠯᠡᠵᠦ᠂ ᠡᠭᠦᠷᠭᠡ ᠶᠢ ᠪᠡᠶᠡᠯᠡᠭᠦᠯᠦᠭᠰᠡᠨ ᠨᠤᠷᠮ᠎ᠠ 117.7% ᠳᠤ ᠬᠦᠷᠪᠡ᠃ 18 ︽ᠦᠬᠦᠰᠢᠷᠡᠮᠡᠯ ᠠᠵᠤ ᠠᠬᠤᠶᠢᠯᠠᠯ︾ ᠢ ᠠᠮᠢᠯᠠᠭᠤᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ 1353.43 ᠮᠦ ᠡᠮᠬᠢᠯᠡᠨ ᠨᠡᠶᠢᠯᠡᠭᠦᠯᠵᠦ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠶᠢ ᠭᠦᠨᠵᠡᠭᠡᠢ ᠠᠬᠢᠭᠤᠯᠪᠠ᠃ ︽ᠨᠡᠮᠡᠭᠳᠡᠯ ᠬᠠᠰᠤᠭᠳᠠᠯ ᠢ ᠬᠤᠯᠪᠣᠭᠳᠠᠭᠤᠯᠬᠤ︾ ᠬᠠᠭᠤᠴᠢᠨ ᠢ ᠨᠤᠷᠠᠭᠠᠵᠤ ᠲᠠᠬᠢᠨ ᠬᠠᠭᠠᠯᠪᠤᠷᠢᠯᠠᠬᠤ ᠡᠭᠦᠷᠭᠡ ᠶᠢ 4215.8 ᠮᠦ ᠪᠡᠶᠡᠯᠡᠭᠦᠯᠵᠦ᠂ 940 ᠮᠦ ᠲᠠᠷᠢᠶᠠᠨ ᠭᠠᠵᠠᠷ ᠢ ᠨᠥᠬᠦᠪᠦᠷᠢᠯᠡᠨ ᠲᠠᠷᠢᠶᠠᠨ ᠭᠠᠵᠠᠷ ᠢ ᠰᠢᠯᠭᠠᠨ ᠠᠪᠴᠤ ᠬᠥᠮᠥᠷᠭᠡ ᠳᠤ ᠣᠷᠣᠭᠤᠯᠪᠠ᠃ 117 ᠲᠣᠮᠣ ᠬᠡᠯᠪᠡᠷᠢ ᠶᠢᠨ ᠰᠦᠷᠴᠢᠨ ᠤᠰᠤᠯᠠᠬᠤ ᠬᠦᠷᠢᠶ᠎ᠡ ᠶᠢ ᠨᠤᠷᠠᠭᠠᠵᠤ᠂ 2 ᠮᠢᠩᠭᠠᠨ ᠲᠣᠨ ᠲᠦᠮᠡᠨ ᠬᠥᠮᠥᠨ ᠤ ᠤᠰᠤᠨ ᠤ ᠦᠢᠯᠡᠳᠪᠦᠷᠢ ᠲᠣᠰᠬᠤᠨ ᠳᠤ ᠣᠷᠣᠵᠤ ᠡᠷᠦᠬᠡ ᠳᠤ ᠣᠷᠣᠵᠤ ᠬᠡᠮᠵᠢᠭᠦᠷᠲᠦ ᠤᠰᠤᠨ ᠤ ᠬᠡᠮᠵᠢᠭᠦᠷ ᠢ ᠤᠭᠰᠠᠷᠠᠵᠤ᠂ ᠬᠡᠮᠵᠢᠯᠲᠡ ᠪᠠᠷ ᠰᠦᠢᠳᠬᠡᠯ ᠬᠤᠷᠢᠶᠠᠬᠤ ᠶᠢ ᠬᠡᠷᠡᠭᠵᠢᠭᠦᠯᠵᠦ᠂ ᠡᠬᠢ ᠪᠠᠶᠠᠯᠢᠭ ᠢ ᠠᠰᠢᠭᠯᠠᠬᠤ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠪᠠ᠃      ᠵᠢᠷᠭᠤᠭ᠎ᠠ ᠳᠤ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠦᠷᠭᠦᠯᠵᠢᠯᠡᠨ ᠨᠡᠮᠡᠭᠳᠡᠪᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠡᠳᠬᠢᠯ ᠲᠠᠯᠪᠢᠨ ᠬᠦᠴᠦ ᠣᠷᠣᠭᠤᠯᠤᠨ ᠠᠷᠠᠳ ᠲᠤ ᠪᠣᠳᠠᠲᠠᠢ ᠶᠠᠪᠤᠳᠠᠯ ᠬᠢᠵᠦ᠂ ᠠᠷᠠᠳ ᠤᠨ ᠠᠮᠢᠳᠤᠷᠠᠯ ᠤᠨ ᠵᠠᠷᠤᠯᠭ᠎ᠠ 21.69 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 88.19% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 52.5% ᠪᠠᠷ ᠨᠡᠮᠡᠭᠳᠡᠪᠡ᠃ ᠪᠦᠬᠦ ᠵᠢᠯ ᠳᠤ ᠬᠤᠲᠠ ᠪᠠᠯᠭᠠᠰᠤ ᠶᠢᠨ ᠠᠵᠢᠯ ᠣᠯᠭᠤᠯᠲᠠ ᠳᠤ ᠰᠢᠨ᠎ᠡ ᠪᠠᠷ 1039 ᠬᠥᠮᠥᠨ ᠨᠡᠮᠡᠭᠳᠡᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠭᠰᠠᠨ ᠨᠢ 5.15 ᠲᠦᠮᠡᠨ ᠬᠥᠮᠥᠨ ᠪᠣᠯᠪᠠ᠃ 4 ᠰᠤᠷᠭᠠᠭᠤᠯᠢ᠂ 2 ᠰᠤᠷᠭᠠᠭᠤᠯᠢ ᠶᠢᠨ ᠴᠢᠳᠠᠮᠵᠢᠲᠤ ᠠᠰᠠᠷ᠂ 3 ᠰᠤᠷᠭᠠᠭᠤᠯᠢ ᠶᠢᠨ ᠲᠠᠮᠢᠷ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠤᠷᠭᠠᠭᠤᠯᠢ ᠡᠷᠭᠢᠯᠡᠬᠦ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠰᠢᠶᠠᠨ ᠢ ᠡᠭᠦᠳᠦᠨ ᠪᠠᠶᠢᠭᠤᠯᠬᠤ ᠠᠵᠢᠯ ᠥᠪᠡᠷᠲᠡᠭᠡᠨ ᠵᠠᠰᠠᠬᠤ ᠣᠷᠣᠨ ᠤ ᠰᠢᠯᠭᠠᠨ ᠠᠪᠬᠤ ᠦᠨᠡᠯᠡᠨ ᠵᠢᠱᠢᠯᠲᠡ ᠳᠤ ᠬᠢᠷᠢ ᠲᠡᠩᠴᠡᠪᠡ᠃ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠶᠢᠨ ᠶᠢᠨ ᠴᠢᠦ ᠵᠢᠶᠠᠨ ᠬᠤᠸᠠ ᠰᠤᠷᠭᠠᠨ ᠬᠥᠮᠦᠵᠢᠯ ᠤᠨ ᠪᠦᠯᠦᠭᠯᠡᠯ ᠲᠠᠢ ᠬᠠᠮᠲᠤᠷᠠᠨ ᠰᠤᠷᠭᠠᠭᠤᠯᠢ ᠡᠷᠭᠢᠯᠡᠵᠦ᠂ 10 ᠰᠢᠯᠢᠳᠡᠭ ᠵᠠᠬᠢᠷᠤᠯ ᠢ ᠣᠷᠣᠭᠤᠯᠤᠨ ᠠᠪᠴᠢᠷᠠᠵᠤ ᠰᠢᠶᠠᠨ ᠤ ᠳᠣᠲᠣᠷᠠᠬᠢ ᠳᠤᠮᠳᠠᠳᠤ ᠪᠠᠭ᠎ᠠ ᠰᠤᠷᠭᠠᠭᠤᠯᠢ ᠶᠢ ᠪᠦᠯᠦᠭᠯᠡᠨ ᠬᠠᠮᠢᠶᠠᠷᠴᠤ᠂ 47 ᠭᠤᠣᠯᠯᠠᠭᠴᠢ ᠪᠠᠭᠰᠢ ᠶᠢ ᠰᠣᠩᠭᠤᠨ ᠲᠣᠮᠢᠯᠠᠵᠤ ᠪᠡᠭᠡᠵᠢᠩ ᠳᠤ ᠣᠴᠢᠭᠤᠯᠤᠨ ᠠᠵᠢᠯ ᠤᠨ ᠪᠠᠶᠢᠷᠢ ᠶᠢ ᠳᠠᠭᠠᠵᠤ ᠠᠵᠢᠯ ᠤᠨ ᠪᠠᠶᠢᠷᠢ ᠶᠢ ᠳᠠᠭᠠᠵᠤ ᠰᠤᠳᠤᠯᠤᠨ ᠰᠤᠷᠤᠯᠴᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠢ ᠳᠡᠭᠡᠭᠰᠢᠯᠡᠭᠦᠯᠪᠡ᠃ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢ ᠭᠦᠨᠵᠡᠭᠡᠢ ᠠᠬᠢᠭᠤᠯᠵᠤ᠂ ᠬᠤᠲᠠ ᠶᠢᠨ ᠱᠠᠲᠤᠨ ᠤ 2 ᠭᠤᠣᠯᠳᠠᠯᠭ᠎ᠠ ᠲᠠᠢ ᠲᠤᠰᠬᠠᠢ ᠰᠠᠯᠠᠭ᠎ᠠ ᠶᠢ ᠭᠤᠶᠤᠴᠢᠯᠠᠨ ᠮᠡᠳᠡᠭᠦᠯᠵᠦ᠂ ᠶᠡᠷᠦᠩᠬᠡᠢ ᠡᠮᠨᠡᠯᠭᠡ ᠶᠢᠨ ᠬᠤᠷᠢᠶᠠᠨ ᠤ ᠬᠠᠮᠲᠤ ᠪᠠᠷ ᠡᠳ᠋ᠯᠡᠬᠦ ᠲᠥᠪ 2᠂ ᠬᠠᠮᠢᠶᠠᠷᠤᠯᠲᠠ ᠶᠢᠨ ᠲᠥᠪ 5 ᠶᠢ ᠪᠠᠶᠢᠭᠤᠯᠵᠤ᠂ ᠳᠣᠣᠷᠠᠳᠤ ᠱᠠᠲᠤᠨ ᠤ ᠪᠠᠶᠢᠴᠠᠭᠠᠯᠲᠠ᠂ ᠳᠡᠭᠡᠳᠦ ᠱᠠᠲᠤᠨ ᠤ ᠣᠨᠣᠰᠢᠯᠠᠯᠲᠠ᠂ ᠦᠷ᠎ᠡ ᠳ᠋ᠦᠩ ᠢ ᠬᠠᠷᠢᠯᠴᠠᠨ ᠮᠡᠳᠡᠷᠡᠬᠦ᠂ ᠬᠠᠮᠵᠢᠯᠴᠠᠨ ᠬᠥᠭᠵᠢᠭᠦᠯᠬᠦ ᠠᠵᠢᠯ ᠤᠨ ᠵᠠᠭᠪᠤᠷ ᠢ ᠪᠠᠶᠢᠭᠤᠯᠪᠠ᠃ ᠪᠡᠭᠡᠵᠢᠩ᠂ ᠥᠪᠡᠷᠲᠡᠭᠡᠨ ᠵᠠᠰᠠᠬᠤ ᠣᠷᠣᠨ ᠤ ᠨᠠᠷᠠᠲᠤ ᠲᠤᠰᠬᠠᠢ ᠮᠡᠷᠭᠡᠵᠢᠯᠲᠡᠨ 24 ᠬᠥᠮᠥᠨ ᠢ ᠣᠷᠣᠭᠤᠯᠤᠨ ᠠᠪᠴᠢᠷᠠᠵᠤ᠂ ᠪᠥᠬᠦ ᠵᠢᠯ ᠤᠨ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠬᠥᠮᠥᠨ ᠤ ᠲᠤᠭ᠎ᠠ᠂ ᠮᠡᠰᠡ ᠵᠠᠰᠠᠯ ᠤᠨ ᠲᠠᠪᠴᠠᠩ ᠤᠨ ᠲᠤᠭ᠎ᠠ᠂ ᠲᠤᠬᠠᠶᠢᠯᠠᠭᠰᠠᠨ ᠠᠵᠢᠯ ᠤᠨ ᠣᠷᠣᠯᠭ᠎ᠠ ᠶᠢ 2020 ᠣᠨ ᠤ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠠᠴᠠ ᠡᠮᠦᠨᠡᠬᠢ ᠠᠴᠠ ᠲᠣᠰ ᠲᠣᠰ 135.18%᠂ 77%᠂ 95.71% ᠪᠠᠷ ᠳᠡᠭᠡᠭᠰᠢᠯᠡᠭᠦᠯᠪᠡ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠡᠮᠬᠢ ᠵᠢᠷᠤᠮ ᠲᠠᠢ ᠠᠬᠢᠭᠤᠯᠵᠤ᠂ ᠪᠦᠬᠦ ᠵᠢᠯ ᠳᠤ ᠬᠤᠯᠤᠭᠠᠨ᠎ᠠ ᠶᠢᠨ ᠬᠢᠵᠢᠭ ᠭᠠᠷᠤᠭᠰᠠᠨ ᠦᠭᠡᠢ᠃ ︽ᠨᠠᠰᠤᠲᠠᠶᠢᠴᠤᠳ ᠪᠠ ᠨᠢᠯᠬᠠᠰ︾ ᠤᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠶᠢ ᠴᠢᠩᠭᠠᠳᠬᠠᠵᠤ᠂ ᠰᠤᠯᠠ ᠪᠠᠶᠢᠭ᠎ᠠ ᠠᠷᠪᠠᠨ ᠬᠡᠳᠦᠨ ᠵᠢᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠢ ᠪᠥᠬᠦ ᠲᠠᠯ᠎ᠠ ᠪᠠᠷ ᠠᠮᠢᠯᠠᠭᠤᠯᠵᠤ᠂ ᠪᠥᠬᠦ ᠬᠤᠲᠠ ᠶᠢᠨ ᠬᠤᠰᠢᠭᠤ ᠰᠢᠶᠠᠨ ᠲᠣᠭᠤᠷᠢᠭ ᠲᠤ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ ᠢ ᠤᠷᠢᠳᠠᠪᠠᠷ ᠪᠠᠶᠢᠭᠤᠯᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠥᠪᠡᠷᠲᠡᠭᠡᠨ ᠵᠠᠰᠠᠬᠤ ᠣᠷᠣᠨ ᠤ ᠰᠢᠯᠭᠠᠨ ᠠᠪᠬᠤ ᠶᠢ ᠤᠷᠤᠭᠰᠢᠲᠠᠢ ᠥᠩᠭᠡᠷᠡᠭᠦᠯᠪᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠬᠦ᠂ ᠵᠡᠮᠳᠡᠭᠴᠦᠳ ᠤᠨ ︽ᠬᠤᠶᠠᠷ ᠵᠦᠢᠯ ᠤᠨ ᠨᠥᠬᠦᠪᠦᠷᠢ︾᠂ ᠲᠦᠷ ᠴᠠᠭ ᠤᠨ ᠠᠪᠤᠷᠠᠨ ᠲᠤᠰᠠᠯᠠᠬᠤ ᠵᠡᠷᠭᠡ ᠨᠥᠬᠦᠪᠦᠷᠢ ᠶᠢ 1.65 ᠳ᠋ᠦᠩᠰᠢᠭᠤᠷ ᠲᠥᠭᠦᠷᠢᠭ ᠲᠠᠷᠬᠠᠭᠠᠪᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ 97.58% ᠳᠤ ᠬᠥᠷᠪᠡ᠂ ᠡᠭᠦᠨ ᠳᠤ ᠲᠤᠯᠤᠭᠠᠨ ᠲᠥᠷᠥᠯ ᠤᠨ ᠬᠦᠴᠢᠷᠳᠡᠯᠲᠡᠢ ᠬᠠᠮᠲᠤᠯᠢᠭ 100% ᠪᠠᠷ ᠳᠠᠭᠠᠳᠬᠠᠯ ᠳᠤ ᠣᠷᠣᠯᠴᠠᠵᠤ᠂ ᠪᠥᠬᠦ ᠬᠤᠲᠠ ᠶᠢᠨ ᠴᠣᠷ ᠤᠨ ᠭᠠᠭᠴᠠ ᠬᠦᠴᠢᠷᠳᠡᠯᠲᠡᠢ ᠬᠠᠮᠲᠤᠯᠢᠭ ᠤᠨ ᠳᠠᠭᠠᠳᠬᠠᠯ ᠳᠤ ᠣᠷᠣᠯᠴᠠᠬᠤ ᠶᠢ ᠪᠦᠬᠦᠨ ᠢ ᠬᠠᠮᠤᠷᠤᠭᠰᠠᠨ ᠬᠤᠰᠢᠭᠤ ᠰᠢᠶᠠᠨ ᠲᠣᠭᠤᠷᠢᠭ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠵᠤ᠂ ᠱᠤᠭ ᠵᠦᠴᠦᠭᠡ ︽ᠳᠤᠷᠠᠰᠬᠠᠯ ᠤᠨ ᠡᠳᠦᠷ︾ ᠨᠢ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠷᠠᠨ ᠰᠠᠶᠢᠬᠠᠨ ᠤ ᠪᠦᠲᠦᠭᠡᠯ ᠤᠨ ᠦᠵᠡᠭᠦᠯᠦᠯᠭᠡ ᠶᠢᠨ ᠬᠤᠶᠠᠳᠤᠭᠠᠷ ᠳᠡᠰ ᠤᠨ ᠱᠠᠩᠨᠠᠯ ᠢ ᠭᠥᠷᠳᠡᠪᠡ᠃ ᠬᠥᠷᠥᠩᠭᠡ ᠪᠠᠷ ᠥᠷᠢ ᠪᠠᠨ ᠲᠥᠯᠥᠬᠦ᠂ ᠬᠢᠨᠠᠨ ᠬᠠᠰᠤᠬᠤ ᠬᠠᠷᠭᠤᠭᠤᠯᠤᠨ ᠬᠠᠰᠤᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠰᠠᠭ ᠤᠨ ᠣᠷᠳᠣᠨ ᠤ ᠥᠷᠢ ᠥᠭᠴᠡᠭᠡ ᠶᠢ 8.47 ᠳ᠋ᠦᠩᠰᠢᠭᠤᠷ ᠲᠥᠭᠦᠷᠢᠭ ᠠᠷᠢᠯᠭᠠᠵᠤ᠂ ᠥᠷᠢ ᠥᠭᠴᠡᠭᠡ ᠶᠢᠨ ᠬᠡᠪᠴᠢᠶ᠎ᠡ ᠪᠠ ᠲᠦᠭᠰᠢᠭᠦᠷᠢ ᠶᠢ ᠢᠯᠡᠳᠲᠡ ᠪᠠᠭᠤᠷᠠᠭᠤᠯᠪᠠ᠃ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠢᠯᠭᠠᠷᠠᠭᠤᠯᠤᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠪᠡ᠃ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠠᠳᠡᠯ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠦᠨ᠂ ᠪᠦᠬᠦ ᠵᠢᠯ ᠳᠤ ᠠᠶᠤᠯᠭᠦᠢ ᠦᠢᠯᠡᠳᠪᠦᠷᠢᠯᠡᠯ ᠤᠨ ᠨᠡᠯᠢᠶᠡᠳ ᠶᠡᠭᠡ ᠠᠳᠡᠯ ᠭᠠᠷᠤᠭᠰᠠᠨ ᠦᠭᠡᠢ᠃ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ 273 ᠪᠦᠯᠦᠭ ᠤᠳᠠᠭ᠎ᠠ ᠰᠢᠢᠳᠪᠦᠷᠢᠯᠡᠵᠦ᠂ ᠰᠢᠢᠳᠪᠦᠷᠢᠯᠡᠭᠰᠡᠨ ᠨᠤᠷᠮ᠎ᠠ 100% ᠳᠤ ᠬᠦᠷᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠠᠮᠲᠤᠷᠠᠭᠰᠠᠨ ᠬᠤᠷᠠᠯ ᠤᠨ ᠰᠢᠢᠳᠪᠦᠷᠢᠯᠡᠭᠦᠯᠬᠦ ᠪᠠᠷ ᠲᠤᠰᠢᠶᠠᠭᠰᠠᠨ ᠭᠤᠷᠪᠠᠳᠤᠭᠠᠷ ᠪᠦᠯᠦᠭ ᠤᠨ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠪᠦᠬᠦᠨ ᠢ ᠰᠢᠢᠳᠪᠦᠷᠢᠯᠡᠵᠦ᠂ ᠨᠡᠶᠢᠭᠡᠮ ᠤᠨ ᠶᠡᠭᠡ ᠲᠠᠯ᠎ᠠ ᠶᠢ ᠡᠶ᠎ᠡ ᠵᠣᠬᠢᠴᠠᠯ ᠲᠠᠢ ᠲᠣᠭᠲᠠᠭᠤᠨ ᠪᠠᠶᠢᠯᠭᠠᠪᠠ᠃      ᠲᠤᠯᠤᠭ᠎ᠠ ᠳᠤ᠂ ᠵᠠᠰᠠᠭ ᠤᠨ ᠣᠷᠳᠣᠨ ᠤ ᠬᠦᠴᠦᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ︽ᠳᠥᠷᠪᠡ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠬᠦ︾ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ 986 ᠵᠦᠢᠯ ᠢ ᠪᠡᠶᠡᠯᠡᠭᠦᠯᠵᠦ᠂ ᠠᠷᠠᠳ ᠲᠤ ᠪᠣᠳᠠᠲᠠᠢ ᠶᠠᠪᠤᠳᠠᠯ ᠬᠢᠵᠦ ᠰᠠᠶᠢᠨ ᠶᠠᠪᠤᠳᠠᠯ ᠬᠢᠵᠦ ᠥᠭᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ 42 ᠬᠤᠪᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 60 ᠬᠤᠪᠢ ᠴᠢᠨᠠᠷ ᠰᠠᠶᠢᠲᠠᠢ ᠪᠡᠶᠡᠯᠡᠭᠦᠯᠪᠡ᠃ ᠵᠠᠰᠠᠭ ᠤᠨ ᠣᠷᠳᠣᠨ ᠤ ᠰᠢᠰᠲ᠋ᠧᠮ ᠤᠨ ︽ᠰᠤᠷᠲᠠᠯ ᠢ ᠰᠠᠶᠢᠵᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠨᠠᠶᠢᠳᠠᠪᠤᠷᠢᠵᠢᠭᠤᠯᠤᠯᠲᠠ ᠶᠢ ᠠᠳᠬᠤᠬᠤ︾ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠰᠤᠷᠲᠠᠯ ᠤᠨ ᠠᠷᠬᠠᠭ ᠭᠡᠮ ᠢ ᠢᠯᠡᠳᠲᠡ ᠴᠡᠭᠴᠡᠯᠡᠨ ᠵᠠᠰᠠᠪᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠠᠬᠢᠭᠤᠯᠵᠤ᠂ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠪᠦᠬᠦ ᠬᠤᠲᠠ ᠶᠢᠨ ᠣᠨ ᠤ ᠬᠢᠨᠠᠨ ᠰᠢᠯᠭᠠᠯᠲᠠ ᠳᠤ ᠬᠤᠶᠠᠳᠤᠭᠠᠷ ᠲᠤ ᠵᠢᠭᠰᠠᠭᠠᠭᠳᠠᠪᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠪᠠ᠃      ᠡᠭᠦᠨ ᠤ ᠬᠠᠮᠲᠤ᠂ ᠲᠤᠭ᠎ᠠ ᠪᠦᠷᠢᠳᠬᠡᠯ ᠤᠨ ᠬᠢᠨᠠᠨ ᠪᠣᠳᠣᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠷᠠᠳ ᠤᠨ ᠠᠭᠤᠰᠤᠯᠴᠠᠯ᠂ ᠬᠤᠶᠠᠷ ᠢ ᠬᠦᠷᠢᠶᠡᠯᠡᠵᠦ ᠠᠰᠠᠷᠠᠨ ᠬᠠᠷᠠᠭᠠᠯᠵᠠᠬᠤ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠵᠠᠷ ᠬᠥᠳᠡᠯᠦᠯᠲᠡ ᠴᠠᠭ ᠠᠭᠤᠷ᠂ ᠭᠠᠯ ᠤᠨᠲᠠᠷᠠᠭᠠᠬᠤ᠂ ᠭᠠᠶᠢᠯᠢ ᠶᠢᠨ ᠶᠠᠪᠤᠳᠠᠯ᠂ ᠪᠠᠶᠢᠴᠠᠭᠠᠯᠲᠠ ᠵᠡᠷᠭᠡ ᠠᠵᠢᠯ ᠳᠤ ᠴᠥᠮ ᠰᠢᠨ᠎ᠡ ᠦᠷ᠎ᠡ ᠪᠦᠲᠦᠮᠵᠢ ᠣᠯᠵᠤ᠂ ᠠᠵᠢᠯᠴᠢᠨ ᠵᠠᠯᠠᠭᠤᠴᠤᠳ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠵᠠᠭᠠᠯᠳᠤᠯᠭ᠎ᠠ ᠶᠢ ᠬᠦᠯᠢᠶᠡᠨ ᠠᠪᠤᠭᠰᠠᠨ ᠳᠠᠷᠤᠢ ᠭᠦᠢᠴᠡᠳᠬᠡᠬᠦ᠂ ᠬᠠᠷᠢᠶᠠᠲᠤ ᠨᠠᠷ ᠤᠨ ᠬᠤᠯᠪᠣᠭ᠎ᠠ᠂ ᠬᠤᠪᠢᠰᠬᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠣᠯᠲᠠ ᠶᠢᠨ ᠠᠬᠢᠭᠤᠯᠬᠤ ᠬᠤᠷᠠᠯ᠂ ᠨᠡᠶᠢᠭᠡᠮ ᠤᠨ ᠵᠣᠬᠢᠶᠠᠨ ᠪᠠᠶᠢᠭᠤᠯᠣᠯᠲᠠ ᠶᠢᠨ ᠠᠬᠢᠭᠤᠯᠬᠤ ᠬᠤᠷᠠᠯ᠂ ᠨᠪᠤᠶᠠᠨᠴᠢ ᠦᠢᠯᠡᠰ ᠤᠨ ᠶᠡᠷᠦᠩᠬᠡᠢ ᠨᠡᠶᠢᠭᠡᠮᠯᠢᠭ ᠪᠠ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠭᠡ ᠠᠵᠢᠯ ᠦᠢᠯᠡᠰ ᠴᠥᠮ ᠰᠢᠨ᠎ᠡ ᠲᠠᠪᠰᠢᠯᠳᠠ ᠲᠠᠢ ᠪᠣᠯᠪᠠ᠃     ᠡᠳᠡᠭᠡᠷ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ ᠮᠥᠨ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠰᠢᠶᠠᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠬᠦᠴᠦᠲᠡᠢ ᠬᠢᠨᠠᠯᠲᠠ ᠲᠠᠯᠪᠢᠵᠤ᠂ ᠬᠦᠴᠦᠲᠡᠢ ᠬᠠᠪᠰᠤᠷᠤᠯᠴᠠᠭᠰᠠᠨ ᠦᠷ᠎ᠡ ᠳ᠋ᠦᠩ ᠮᠥᠨ᠂ ᠨᠡᠩ ᠴᠤ ᠪᠦᠬᠦ ᠰᠢᠶᠠᠨ ᠤ ᠠᠷᠠᠳ ᠲᠦᠮᠡᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠤᠷᠤᠭᠰᠢᠯᠠᠭᠰᠠᠨ ᠤ ᠦᠷ᠎ᠡ ᠳ᠋ᠦᠩ ᠮᠥᠨ᠃ ᠠᠳᠡ᠂ ᠪᠢ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠦᠴᠦᠸᠠᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕      ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠲᠤᠯᠭᠠᠷᠠᠵᠤ ᠪᠠᠶᠢᠭ᠎ᠠ ᠠᠰᠠᠭᠤᠳᠠᠯ ᠪᠠ ᠥᠷᠢᠰᠦᠯᠳᠦᠭᠡᠨ ᠢ ᠰᠡᠷᠭᠡᠭ ᠢᠶᠠᠷ ᠣᠯᠵᠤ ᠬᠠᠷᠠᠪᠠ᠂ ᠭᠤᠣᠯᠳᠠᠭᠤ᠄ ᠰᠢᠶᠠᠨ ᠤ ᠬᠡᠪᠴᠢᠶᠡᠨ ᠤ ᠠᠵᠤ ᠠᠬᠤᠢ ᠶᠢᠨ ᠪᠠᠭᠲᠠᠭᠠᠮᠵᠢ ᠪᠠᠭ᠎ᠠ᠂ ᠠᠵᠤ ᠦᠢᠯᠡᠰ ᠤᠨ ᠪᠦᠲᠦᠴᠡ ᠰᠢᠯᠢᠳᠡᠭ ᠪᠤᠰᠤ᠂ ᠠᠵᠤ ᠦᠢᠯᠡᠳᠪᠦᠷᠢ ᠶᠢᠨ ᠠᠵᠤ ᠦᠢᠯᠡᠰ ᠬᠠᠷᠠᠬᠠᠨ ᠬᠦᠴᠦᠲᠡᠢ ᠲᠤᠯᠭᠠᠭᠤᠷᠢᠯᠠᠯ ᠪᠣᠯᠣᠭᠠᠳᠤᠢ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠣᠶᠢᠮ᠎ᠠ᠂ ᠥᠷᠢ ᠥᠭᠴᠡᠭᠡ ᠶᠢ ᠠᠷᠢᠯᠭᠠᠬᠤ ᠪᠠ ︽ᠭᠤᠷᠪᠠ ᠶᠢ ᠪᠠᠲᠤᠯᠠᠬᠤ︾ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠨ᠎ᠠ︔ ᠡᠬᠢ ᠪᠠᠶᠠᠯᠢᠭ ᠢ ᠨᠡᠭᠡᠭᠡᠨ ᠠᠰᠢᠭᠯᠠᠬᠤ ᠲᠠᠯ᠎ᠠ ᠪᠠᠷ ᠬᠦᠷᠦᠯᠴᠡᠬᠦ ᠦᠭᠡᠢ ᠪᠠᠶᠢᠵᠤ᠂ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠳᠠᠶᠢᠴᠢᠯᠠᠯᠲᠠ ᠶᠢ ᠮᠥᠨ ᠬᠦ ᠴᠢᠩᠭᠠᠳᠬᠠᠬᠤ ᠴᠢᠬᠤᠯᠠᠲᠠᠢ ᠪᠠᠶᠢᠨ᠎ᠠ︔ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠳᠠᠪᠤᠷᠢ ᠴᠢᠩᠭ᠎ᠠ ᠪᠢᠰᠢ᠂ ᠬᠥᠭᠵᠢᠯᠲᠡ ᠶᠢᠨ ᠳᠤᠲᠠᠭᠤᠳᠠᠯ ᠮᠥᠨ ᠬᠦ ᠣᠷᠣᠰᠢᠵᠤ ᠪᠠᠶᠢᠨ᠎ᠠ︔ ᠬᠡᠰᠡᠭ ᠺᠠᠳ᠋ᠷ ᠤᠨ ᠲᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ ᠴᠢᠩᠭ᠎ᠠ ᠪᠤᠰᠤ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠬᠦᠴᠦᠨ ᠪᠦᠬᠦᠢ ᠠᠷᠭ᠎ᠠ ᠬᠡᠮᠵᠢᠶ᠎ᠡ ᠠᠪᠴᠤ ᠪᠠᠶᠢᠭᠠᠳ ᠦᠨᠡᠨᠬᠦ ᠰᠢᠢᠳᠪᠦᠷᠢᠯᠡᠨ᠎ᠡ᠃      ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ      ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 9% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 18% ᠠᠴᠠ ᠳᠡᠭᠡᠭᠰᠢ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠠᠴᠠ ᠳᠡᠭᠡᠭᠰᠢ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 10% ᠠᠴᠠ ᠳᠡᠭᠡᠭᠰᠢ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 12% ᠢᠶᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 7% ᠪᠠ 9% ᠪᠠᠷ ᠨᠡᠮᠡᠭᠳᠡᠭᠦᠯᠦᠨ᠎ᠡ᠃ ᠡᠨᠧᠷᠭᠢ ᠶᠢᠨ ᠬᠤᠷᠣᠭᠳᠠᠯ ᠤᠨ ︽ᠬᠤᠤᠰ ᠡᠵᠡᠮᠳᠡᠯ︾ ᠤᠨ ᠡᠯ᠎ᠡ ᠵᠦᠢᠯ ᠤᠨ ᠭᠦᠢᠴᠡᠳᠬᠡᠯ ᠲᠤᠭ᠎ᠠ ᠬᠤᠲᠠ ᠶᠢᠨ ᠬᠠᠷᠠᠯᠲᠠ ᠡᠭᠦᠷᠭᠡ ᠶᠢ ᠪᠡᠶᠡᠯᠡᠭᠦᠯᠦᠨ᠎ᠡ᠃ ᠨᠠᠢᠮᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄      ︵ᠨᠢᠭᠡ︶ ᠪᠥᠬᠦ ᠬᠦᠴᠦᠨ ᠢᠶᠠᠷ ᠢᠶᠠᠨ ᠲᠥᠷᠥᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠥᠷᠭᠡᠳᠬᠡᠨ᠂ ᠴᠢᠨᠠᠷ ᠰᠠᠶᠢᠲᠠᠢ ᠬᠥᠭᠵᠢᠯᠲᠡ ᠶᠢᠨ ᠬᠠᠲᠠᠭᠤ ᠲᠤᠯᠭᠠᠭᠤᠷᠢᠯᠠᠯ ᠢ ᠪᠠᠲᠤᠳᠬᠠᠨ᠎ᠠ      ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠡᠮᠡᠭᠳᠡᠯ ᠢ ᠲᠣᠭᠲᠠᠪᠤᠷᠢᠵᠢᠭᠤᠯᠬᠤ᠂ ᠳᠤᠲᠠᠭᠤᠳᠠᠯ ᠢ ᠨᠥᠬᠦᠪᠦᠷᠢᠯᠡᠬᠦ᠂ ᠬᠡᠯᠬᠢᠶ᠎ᠡ ᠶᠢ ᠤᠷᠲᠤᠳᠬᠠᠬᠤ ᠪᠦᠲᠦᠮᠵᠢᠲᠡᠶ ᠠᠷᠭ᠎ᠠ ᠵᠠᠮ ᠪᠣᠯᠭᠠᠬᠤ ᠶᠢ ᠢᠮᠠᠭᠲᠠ ᠪᠠᠷᠢᠮᠲᠠᠯᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠶᠡᠭᠡ ᠪᠠᠷ ᠠᠳᠬᠤᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠠᠳᠬᠤᠵᠤ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠪᠥᠬᠦ ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ 101 ᠲᠥᠷᠥᠯ ᠵᠦᠢᠯ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠶᠢ 201.39 ᠳ᠋ᠦᠩᠰᠢᠭᠤᠷ ᠲᠥᠭᠦᠷᠢᠭ ᠲᠤ ᠬᠦᠷᠭᠡᠵᠦ᠂ ᠵᠢᠯ ᠳᠤ 85.15 ᠳ᠋ᠦᠩᠰᠢᠭᠤᠷ ᠲᠥᠭᠦᠷᠢᠭ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠳᠤᠲᠠᠭᠤ ᠶᠢ ᠬᠦᠯᠢᠶᠡᠨ ᠠᠪᠴᠤ ᠰᠢᠢᠳᠪᠦᠷᠢᠯᠡᠬᠦ᠂ ᠮᠡᠳᠡᠭᠳᠡᠨ ᠠᠮᠠᠯᠠᠬᠤ᠂ ᠱᠠᠲᠤ ᠬᠤᠪᠢᠶᠠᠨ ᠬᠢᠨᠠᠨ ᠵᠥᠪᠰᠢᠶᠡᠷᠡᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ︽ᠭᠠᠵᠠᠷ ᠠᠪᠤᠭᠰᠠᠨ ᠳᠠᠷᠤᠢ ᠠᠵᠢᠯ ᠡᠬᠢᠯᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ 3 ᠰᠠᠷ᠎ᠠ ᠶᠢᠨ ᠰᠡᠭᠦᠯᠴᠢ ᠠᠴᠠ ᠡᠮᠦᠨ᠎ᠡ ᠦᠨᠳᠦᠰᠦᠨ ᠳᠡᠭᠡᠨ ᠭᠦᠢᠴᠡᠳᠬᠡᠵᠦ᠂ 4 ᠰᠠᠷ᠎ᠠ ᠳᠤ 30% ᠠᠴᠠ ᠳᠡᠭᠡᠭᠰᠢ ᠠᠵᠢᠯ ᠢ ᠡᠬᠢᠯᠡᠭᠦᠯᠦᠨ᠂ 6 ᠰᠠᠷ᠎ᠠ ᠳᠤ ᠪᠦᠬᠦᠨ ᠢ ᠠᠵᠢᠯ ᠡᠬᠢᠯᠡᠭᠦᠯᠦᠨ᠎ᠡ᠃ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ᠂ ᠲᠤᠰᠬᠠᠢ ᠠᠩᠭᠢ ᠪᠠᠷ ᠠᠬᠢᠭᠤᠯᠬᠤ᠂ ᠰᠢᠮᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠠᠰᠠᠭᠤᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠰᠠᠷ᠎ᠠ ᠪᠠᠷ ᠵᠠᠳᠠᠯᠵᠤ᠂ ᠪᠥᠬᠦ ᠶᠠᠪᠤᠴᠠ ᠶᠢ ᠪᠢᠲᠡᠭᠦᠦ ᠴᠠᠭᠠᠷᠢᠭ ᠢᠶᠠᠷ ᠲᠦᠯᠬᠢᠨ ᠠᠬᠢᠭᠤᠯᠬᠤ᠂ ᠨᠠᠷᠢᠯᠢᠭᠵᠢᠭᠤᠯᠤᠭᠰᠠᠨ ᠦᠢᠯᠡᠴᠢᠯᠡᠭᠡᠨ ᠤ ᠪᠠᠲᠤᠯᠠᠭ᠎ᠠ ᠶᠢ ᠪᠡᠶᠡᠯᠡᠭᠦᠯᠵᠦ᠂ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃      ᠤᠷᠢᠳᠴᠢᠯᠠᠨ ᠲᠥᠯᠥᠪᠯᠡᠨ ᠨᠥᠭᠡᠴᠡᠯᠡᠬᠦ ᠲᠥᠷᠥᠯ ᠵᠦᠢᠯ᠃ ᠤᠯᠤᠰ ᠤᠨ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢ ᠭᠦᠨᠵᠡᠭᠡᠢ ᠰᠤᠳᠤᠯᠤᠨ ᠡᠵᠡᠮᠰᠢᠵᠦ᠂ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠲᠣᠭᠤᠷᠢᠨ ᠳᠤ ︽ᠣᠷᠣᠨ ᠤ ᠲᠥᠪ ᠬᠤᠲᠠ ᠶᠢ ᠬᠦᠴᠦᠷᠬᠡᠭᠵᠢᠭᠦᠯᠬᠦ︾ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠭᠤᠣᠯᠯᠠᠬᠤ ᠠᠵᠤ ᠦᠢᠯᠡᠰ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ᠂ ᠲᠤᠰᠬᠠᠢ ᠵᠢᠭᠡᠯᠡᠯᠭᠡ ᠶᠢᠨ ᠲᠡᠮᠳᠡᠭᠲᠦ ᠪᠠ ᠪᠤᠰᠤᠳ ᠲᠤᠰᠬᠠᠢ ᠪᠡᠯᠡ ᠮᠥᠩᠭᠦ ᠶᠢ ᠪᠥᠬᠦ ᠬᠦᠴᠦᠨ ᠢᠶᠠᠷ ᠢᠶᠠᠨ ᠲᠡᠮᠡᠴᠡᠨ ᠣᠯᠵᠤ᠂ ᠲᠥᠷᠥᠯ ᠵᠦᠢᠯ ᠤᠨ ᠲᠥᠯᠥᠪᠯᠡᠨ ᠨᠥᠭᠡᠴᠡᠯᠡᠬᠦ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ︽ᠨᠢᠭᠡ ᠪᠦᠯᠦᠭ ᠢ ᠲᠥᠯᠥᠪᠯᠡᠨ ᠨᠥᠭᠡᠴᠡᠯᠡᠬᠦ᠂ ᠨᠢᠭᠡ ᠪᠦᠯᠦᠭ ᠢ ᠠᠵᠢᠯ ᠡᠬᠢᠯᠡᠭᠦᠯᠬᠦ᠂ ᠨᠢᠭᠡ ᠪᠦᠯᠦᠭ ᠢ ᠠᠰᠢᠭᠯᠠᠯᠲᠠ ᠳᠤ ᠣᠷᠣᠭᠤᠯᠬᠤ︾ ᠦᠷᠭᠦᠯᠵᠢᠯᠡᠨ ᠬᠥᠭᠵᠢᠭᠦᠯᠬᠦ ᠪᠠᠶᠢᠷᠢᠰᠢᠯ ᠢ ᠲᠦᠷᠭᠡᠳᠬᠡᠨ ᠪᠣᠶ ᠪᠣᠯᠭᠠᠵᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠦᠨᠳᠦᠰᠦᠨ ᠪᠠᠶᠢᠳᠠᠯ ᠢ ᠪᠠᠬᠢᠵᠢᠭᠦᠯᠦᠨ᠎ᠡ᠃ ᠪᠦᠬᠦ ᠵᠢᠯ ᠳᠤ ᠨᠥᠭᠡᠴᠡᠯᠡᠬᠦ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠤᠨ ᠲᠥᠷᠥᠯ ᠵᠦᠢᠯ ᠢ 55  ᠠᠴᠠ ᠳᠡᠭᠡᠭᠰᠢ ᠨᠥᠭᠡᠴᠡᠯᠡᠬᠦ ᠪᠠᠷ ᠴᠢᠷᠮᠠᠶᠢᠨ᠎ᠠ᠃      ᠣᠯᠠᠨ ᠠᠷᠭ᠎ᠠ ᠬᠡᠮᠵᠢᠶ᠎ᠡ ᠠᠪᠴᠤ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ︽ᠨᠢᠭᠡᠳᠦᠭᠡᠷ ᠭᠠᠷ ᠤᠨ ᠢᠨᠵᠧᠨᠧᠷᠢᠩ︾ ᠪᠣᠯᠭᠠᠬᠤ ᠶᠢ ᠪᠠᠷᠢᠮᠲᠠᠯᠠᠵᠤ᠂ ᠲᠦᠷᠪᠡᠨ ᠠᠵᠤ ᠦᠢᠯᠡᠰ ᠤᠨ ᠰᠠᠭᠤᠷᠢᠨ ᠭᠠᠵᠠᠷ ᠤᠨ ᠲᠣᠭᠤᠷᠢᠨ ᠳᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠵᠠᠩᠭᠢᠯᠠᠭ᠎ᠠ ᠶᠢᠨ ᠭᠤᠭᠴᠤᠭ᠎ᠠ᠂ ᠠᠵᠢᠯ ᠲᠦᠷᠦᠯ ᠤᠨ ᠳᠠᠭᠠᠭᠤᠯᠤᠭᠴᠢ᠂ ᠶᠡᠷᠦᠩᠬᠡᠢ ᠬᠡᠯᠲᠡᠰ ᠤᠨ ᠠᠵᠤ ᠠᠬᠤᠶᠢᠯᠠᠯ ᠢ ᠴᠢᠩᠭ᠎ᠠ ᠠᠩᠬᠠᠷᠴᠤ᠂ ᠡᠷᠴᠢᠮ ᠢᠶᠠᠨ ᠴᠢᠩᠭᠠᠷᠠᠭᠤᠯᠵᠤ᠂ ᠠᠶᠢᠵᠠᠮ ᠢᠶᠠᠨ ᠲᠦᠷᠭᠡᠳᠬᠡᠵᠦ᠂ ᠤᠨᠢᠨ ᠳᠡᠭᠡᠷ᠎ᠡ  ᠨᠢ ᠬᠤᠳᠠᠯᠳᠤᠭᠠᠴᠢᠨ ᠤᠷᠢᠵᠤ᠂ ᠮᠠᠨ ᠤ ᠰᠢᠶᠠᠨ ᠤ ᠲᠦᠷᠪᠡᠨ ᠠᠵᠤ ᠦᠢᠯᠡᠰ ᠤᠨ ᠬᠡᠯᠬᠢᠶ᠎ᠡ ᠶᠢᠨ ᠡᠯ᠎ᠡ ᠲᠦᠷᠦᠯ ᠤᠨ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠲᠠᠰᠤᠷᠠᠯᠲᠠ ᠦᠭᠡᠢ ᠠᠬᠢᠭᠤᠯᠵᠤ᠂ ᠳᠠᠪᠠᠭᠤᠯᠢᠭ ᠠᠵᠤ ᠦᠢᠯᠡᠰ ᠤᠨ ᠪᠦᠯᠦᠭᠵᠢᠯ ᠢ ᠪᠤᠢ ᠪᠣᠯᠭᠠᠨ᠎ᠠ᠃ ᠭᠠᠵᠠᠷ ᠰᠢᠷᠣᠢ ᠶᠢᠨ ᠬᠠᠩᠭᠠᠯᠭ᠎ᠠ᠂ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠵᠡᠷᠭᠡ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠷᠥᠯ ᠵᠦᠢᠯ ᠤᠨ ︽ᠡᠮᠦᠨᠡᠬᠢ ᠬᠤᠭᠤᠴᠠᠭᠠᠨ ᠤ ᠲᠥᠯᠦᠪᠵᠢᠭᠦᠯᠭᠡ - ᠵᠥᠪᠳᠡᠯᠴᠡᠨ ᠭᠡᠷ᠎ᠡ ᠲᠣᠭᠲᠠᠬᠤ - ᠨᠠᠶᠢᠳᠠᠪᠤᠷᠢᠵᠢᠭᠤᠯᠤᠨ ᠪᠠᠶᠢᠭᠤᠯᠬᠤ - ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ︾ ᠪᠦᠷᠢᠨ ᠪᠦᠲᠦᠨ ᠪᠢᠲᠡᠭᠦᠦ ᠴᠠᠭᠠᠷᠢᠭ ᠢ ᠪᠣᠶ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠥᠷᠭᠡᠳᠬᠡᠨ᠎ᠡ᠃ ᠪᠦᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ 25 ᠠᠴᠠ ᠳᠤᠲᠠᠭᠤ ᠦᠭᠡᠢ ᠭᠡᠷ᠎ᠡ ᠲᠣᠭᠲᠠᠨ᠎ᠠ᠃ ᠰᠢᠶᠠᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠢᠨ ︽ᠭᠤᠷᠪᠠᠨ ᠭᠤᠷᠪᠠ︾ ᠶᠢᠨ ᠬᠠᠷᠠᠯᠲᠠ ᠶᠢ ᠴᠢᠩᠭ᠎ᠠ ᠠᠩᠬᠠᠷᠴᠤ᠂ ᠵᠢᠯ ᠤᠨ ᠳᠣᠲᠣᠷ᠎ᠠ ᠪᠡᠯᠡ ᠮᠥᠩᠭᠦ ᠶᠢᠨ ᠶᠡᠷᠦᠩᠬᠡᠢ ᠬᠡᠮᠵᠢᠶ᠎ᠡ ᠪᠣᠯᠣᠨ ᠲᠦᠷᠦᠯ ᠵᠦᠢᠯ ᠤᠨ ᠲᠤᠭ᠎ᠠ ᠬᠡᠮᠵᠢᠶ᠎ᠡ ᠶᠢ ᠲᠤᠰ ᠲᠤᠰ ᠨᠢᠳᠤᠨᠤᠨ ᠤ 30% ᠠᠴᠠ ᠥᠨᠳᠥᠷ ᠪᠠᠶᠢᠯᠭᠠᠵᠤ᠂ ᠣᠨ ᠤ ᠬᠢᠨᠠᠨ ᠰᠢᠯᠭᠠᠯᠲᠠ ᠶᠢᠨ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠪᠦᠬᠦ ᠬᠤᠳᠠ ᠶᠢᠨ ᠡᠮᠦᠨ᠎ᠡ ᠭᠤᠷᠪᠠ ᠳᠤ ᠣᠷᠣᠬᠤ ᠪᠠᠷ ᠴᠢᠷᠮᠠᠶᠢᠨ᠎ᠠ᠃      ︵ᠬᠤᠶᠠᠷ︶ ᠪᠦᠬᠦ ᠬᠦᠴᠦᠨ ᠢᠶᠠᠷ ᠢᠶᠠᠨ ᠬᠡᠯᠬᠢᠶ᠎ᠡ ᠶᠢ ᠤᠷᠲᠤᠳᠬᠠᠨ ᠪᠦᠯᠦᠭᠵᠢᠯ ᠢ ᠪᠣᠶᠢᠵᠢᠭᠤᠯᠵᠤ᠂ ᠠᠵᠤ ᠦᠢᠯᠡᠰ ᠤᠨ ᠰᠢᠨ᠎ᠡ ᠰᠢᠪᠲᠤᠯᠤᠯᠲᠠ ᠲᠠᠢ ᠪᠣᠯᠬᠤ ᠶᠢ ᠲᠦᠯᠬᠢᠨ ᠠᠬᠢᠭᠤᠯᠤᠨ᠎ᠠ      ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠦᠨ ᠤᠯᠠᠷᠢᠭᠤᠯᠬᠤ ᠠᠵᠢᠯ ᠢ ᠠᠬᠢᠭᠤᠯᠤᠨ᠎ᠠ᠃ ᠠᠵᠤ ᠦᠢᠯᠡᠳᠪᠦᠷᠢᠵᠢᠯᠲᠡ᠂ ᠵᠠᠬ᠎ᠠ ᠳᠡᠯᠭᠡᠭᠦᠷᠴᠢᠯᠡᠯᠲᠡ ᠶᠢᠨ ᠰᠡᠳᠬᠢᠬᠦᠢ ᠪᠠᠷ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠢ ᠡᠳ᠋ᠰᠢᠭᠦᠯᠬᠦ ᠠᠵᠢᠯ ᠢ ᠨᠠᠷᠢᠯᠢᠭ ᠰᠢᠯᠢᠳᠡᠭ ᠬᠢᠵᠦ᠂ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠯᠠᠩ ᠤᠨ ᠲᠠᠯ᠎ᠠ ᠪᠠᠷ ᠰᠢᠶᠠᠨ ᠢ ᠬᠦᠴᠦᠷᠬᠡᠭᠵᠢᠭᠦᠯᠬᠦ᠂ ᠮᠠᠯ ᠠᠵᠤ ᠠᠬᠤᠢ ᠪᠠᠷ ᠰᠢᠶᠠᠨ ᠢ ᠬᠦᠴᠦᠷᠬᠡᠭᠵᠢᠭᠦᠯᠬᠦ ᠶᠢ ᠪᠣᠶ ᠪᠣᠯᠭᠠᠵᠤ᠂ ᠵᠢᠯ ᠤᠨ ᠳᠣᠲᠣᠷ᠎ᠠ 19 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠦᠨ᠎ᠡ᠃ ᠬᠤᠸᠠ ᠯᠠᠢ ᠱᠢ᠂ ᠰᠢᠨ ᠬᠤᠸᠠ ᠣᠯᠠᠨ ᠤᠯᠤᠰ ᠤᠨ ᠬᠦᠢᠲᠡᠨ ᠬᠡᠯᠬᠢᠶ᠎ᠡ᠂ ᠵᠢᠶᠧ ᠲᠠᠢ ᠨᠥᠸᠧ ᠨᠢᠭᠡᠳᠦᠭᠡᠷ ᠬᠤᠭᠤᠴᠠᠭᠠᠨ ᠤ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠱᠦ ᠶᠤᠸᠠᠨ ᠺᠠᠩ ᠤᠨ ᠬᠤᠶᠠᠳᠤᠭᠠᠷ ᠬᠤᠭᠤᠴᠠᠭ᠎ᠠ᠂ ᠳᠤᠮᠳᠠᠳᠤ ᠤᠯᠤᠰ ᠤᠨ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠲᠣᠭᠠᠴᠢᠯᠠᠭᠰᠠᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ᠂ ᠳ᠋ᠠ ᠴᠢᠶᠠᠨ ᠳ᠋ᠢ ᠲᠥᠮᠥᠰᠥ ᠶᠢ ᠪᠣᠯᠪᠠᠰᠤᠷᠠᠭᠤᠯᠬᠤ ᠲᠤᠷᠰᠢᠯᠲᠠ ᠶᠢᠨ ᠲᠠᠰᠤᠭ᠂ ᠬᠠᠷᠠᠭᠤᠯ ᠪᠠᠯᠭᠠᠰᠤᠨ ᠤ ᠲᠠᠷᠢᠶᠠᠯᠠᠩ ᠤᠨ ᠪᠦᠲᠦᠭᠡᠭᠳᠡᠬᠦᠨ ᠤ ᠠᠵᠤ ᠦᠢᠯᠡᠰ ᠤᠨ ᠬᠦᠷᠢᠶᠡᠯᠡᠩ ᠵᠡᠷᠭᠡ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠰᠢᠦᠢ ᠹᠧᠩ᠂ ᠶᠤᠸᠠᠨ ᠺᠠᠩ ᠵᠡᠷᠭᠡ ᠲᠥᠮᠥᠰᠥ ᠦᠷᠡᠵᠢᠭᠦᠯᠦᠨ ᠪᠣᠶᠢᠵᠢᠭᠤᠯᠬᠤ ᠪᠠ ᠡᠳ᠋ᠰᠢᠭᠦᠯᠬᠦ ᠠᠵᠤ ᠠᠬᠤᠶᠢᠯᠠᠯ ᠢ ᠲᠡᠳᠬᠦᠵᠦ᠂ ᠦᠷ᠎ᠡ ᠶᠢᠨ ᠲᠥᠮᠥᠰᠥ᠂ ᠡᠳ᠋ᠰᠢᠭᠦᠯᠬᠦ ᠲᠥᠮᠥᠰᠥ᠂ ᠰᠢᠨ᠎ᠡ ᠰᠣᠷᠭᠤᠭ ᠲᠥᠮᠥᠰᠥ ᠶᠢᠨ ︽ᠭᠤᠷᠪᠠᠨ ᠲᠥᠮᠥᠰᠥ ᠶᠢ ᠵᠡᠷᠭᠡᠪᠡᠷ ᠴᠢᠬᠤᠯᠠᠴᠢᠯᠠᠬᠤ︾ ᠪᠠ ᠰᠢᠨᠵᠢᠯᠡᠬᠦ ᠤᠬᠠᠭᠠᠨ ᠤ ᠰᠤᠳᠤᠯᠭᠠᠨ᠂ ᠲᠠᠷᠢᠮᠠᠯ᠂ ᠡᠳ᠋ᠰᠢᠭᠦᠯᠬᠦ᠂ ᠵᠣᠭᠤᠷᠢᠯᠠᠵᠤ ᠬᠤᠷᠢᠶᠠᠬᠤ᠂ ᠪᠣᠷᠤᠯᠠᠭᠤᠯᠭ᠎ᠠ ︽ᠲᠠᠪᠤᠨ ᠵᠠᠮ ᠢ ᠵᠡᠷᠭᠡᠪᠡᠷ ᠶᠠᠪᠤᠭᠤᠯᠬᠤ︾ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠣᠷᠣᠯᠭ᠎ᠠ ᠶᠢᠨ ᠨᠡᠮᠡᠭᠳᠡᠯ ᠢ ᠪᠡᠶᠡᠯᠡᠭᠦᠯᠦᠨ᠎ᠡ᠃ ᠵᠦᠩ ᠵᠢᠶᠠᠨ ᠪᠦᠦ᠂ ᠶᠠᠨ ᠴᠤᠸᠠᠨ ᠶᠤᠸᠠᠨ ᠵᠡᠷᠭᠡ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠨᠣᠬᠠᠢ ᠶᠢᠨ ᠬᠤᠰᠢᠭᠤ᠂ ᠨᠣᠶᠢᠯ ᠪᠤᠭᠤᠳᠠᠢ᠂ ᠤᠯᠠᠭᠠᠨ ᠪᠤᠭᠤᠳᠠᠢ ᠶᠢᠨ ᠰᠢᠷᠢᠰ ᠪᠡᠯᠡᠨ ᠢᠳᠡᠭᠡᠨ᠂ ᠤᠮᠳᠠᠭᠠᠨ ᠵᠡᠷᠭᠡ ᠨᠠᠷᠢᠯᠢᠭ ᠡᠳ᠋ᠰᠢᠭᠦᠯᠦᠭᠰᠡᠨ ᠥᠨᠳᠥᠷ ᠨᠡᠮᠡᠯᠲᠡ ᠦᠷᠳᠡᠭ ᠲᠠᠢ ᠦᠢᠯᠡᠳᠬᠦᠨ ᠢ ᠨᠡᠭᠡᠭᠡᠨ ᠬᠥᠭᠵᠢᠭᠦᠯᠦᠨ᠎ᠡ᠃  ᠶᠢᠨ ᠼᠤᠤ ᠶᠤᠸᠠᠨ ᠣᠳᠣ ᠦᠶ᠎ᠡ ᠶᠢᠨ ᠮᠠᠯ ᠠᠵᠤ ᠠᠬᠤᠢ ᠶᠢᠨ ᠬᠦᠷᠢᠶᠡᠯᠡᠩ ᠲᠣᠭᠤᠷᠢᠭ ᠤᠨ ᠮᠢᠬᠠᠨ ᠤ ᠲᠥᠷᠥᠯ ᠢ ᠨᠠᠷᠢᠯᠢᠭ ᠬᠡᠰᠡᠭᠯᠡᠬᠦ᠂ ᠬᠦᠢᠲᠡᠨ ᠰᠣᠷᠭᠤᠭ ᠮᠢᠬ᠎ᠠ ᠵᠡᠷᠭᠡ ᠶᠢ ᠨᠠᠷᠢᠯᠢᠭ ᠡᠳ᠋ᠰᠢᠭᠦᠯᠬᠦ ᠶᠢ ᠠᠬᠢᠭᠤᠯᠵᠤ᠂ ︽ᠲᠡᠵᠢᠭᠡᠨ ᠦᠷᠡᠵᠢᠭᠦᠯᠬᠦ - ᠠᠯᠠᠵᠤ ᠨᠢᠲᠤᠯᠬᠤ - ᠨᠠᠷᠢᠯᠢᠭ ᠬᠡᠰᠡᠭᠯᠡᠬᠦ - ᠤᠷᠢᠳᠴᠢᠯᠠᠨ ᠬᠢᠭᠰᠡᠨ ᠨᠣᠭᠤᠭ᠎ᠠ - ᠲᠤᠰᠠᠯᠠᠬᠤ ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ︾ ᠠᠵᠤ ᠠᠬᠤᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠦᠴᠦᠸᠠᠨ ᠰᠢᠶᠠᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃      ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠲᠡᠦᠬᠡ ᠰᠣᠶᠣᠯ᠂ ᠬᠤᠪᠢᠰᠬᠠᠯ ᠤᠨ ᠰᠣᠶᠣᠯ᠂ ᠲᠠᠷᠢᠶᠠᠯᠠᠬᠤ ᠰᠣᠶᠣᠯ᠂ ᠲᠠᠯ᠎ᠠ ᠨᠤᠲᠤᠭ ᠤᠨ ᠰᠣᠶᠣᠯ᠂ ᠤᠷᠳᠤ ᠴᠠᠭᠠᠨ ᠬᠡᠷᠡᠮ ᠤᠨ ᠰᠣᠶᠣᠯ ᠢ ᠭᠦᠢᠴᠡᠳ ᠠᠭᠤᠳᠠᠯᠵᠤ᠂ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠪᠦᠬᠦ ᠬᠦᠴᠦᠨ ᠢᠶᠠᠷ ᠢᠶᠠᠨ ᠡᠭᠦᠳᠴᠦ᠂ 11 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠦᠨ᠎ᠡ᠃ ᠬᠠᠳᠠᠲᠤ ᠬᠠᠭᠠᠯᠭ᠎ᠠ᠂ ᠨᠠᠭᠤᠷ ᠤᠨ ᠨᠢᠷᠤᠭᠤ ᠶᠢᠨ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠪᠠ ᠨᠢᠭᠡᠳᠦᠭᠡᠷ ᠬᠤᠭᠤᠴᠠᠭᠠᠨ ᠤ ᠡᠵᠡᠩᠨᠡᠯᠲᠡ ᠶᠢ ᠠᠬᠢᠭᠤᠯᠤᠨ᠎ᠠ᠃ ᠦᠴᠦᠸᠠᠨ ᠤ ᠤᠮᠠᠷᠠᠲᠤ ᠬᠢᠯᠢ ᠶᠢᠨ ᠰᠣᠶᠣᠯ ᠤᠨ ᠠᠮᠢ ᠠᠬᠤᠢ ᠶᠢᠨ ᠬᠦᠷᠢᠶᠡᠯᠡᠩ᠂ ᠾᠧᠦ ᠱᠠᠨ ᠰᠣᠳᠣᠨ ᠲᠠᠯ᠎ᠠ ᠨᠤᠲᠤᠭ᠂ ᠰᠢᠶᠠᠩ ᠹᠧᠢ ᠵᠢᠦ ᠹᠧᠢ ᠳᠤᠤᠷ᠎ᠠ ᠤᠭᠲᠠᠷᠭᠤᠢ ᠶᠢᠨ ᠠᠵᠤ ᠦᠢᠯᠡᠰ ᠤᠨ ᠰᠠᠭᠤᠷᠢᠨ ᠭᠠᠵᠠᠷ᠂ ᠸᠠᠨ ᠰᠢᠩ ᠶᠤᠸᠠᠨ ᠤᠮᠠᠷᠠᠲᠤ ᠸᠧᠢ ᠰᠣᠶᠣᠯ ᠵᠠᠩ ᠦᠢᠯᠡ ᠶᠢᠨ ᠲᠣᠰᠬᠤᠨ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠣᠩᠭᠤᠨ ᠳᠠᠪᠠᠭᠠᠨ ᠣᠷᠤᠢ ᠶᠢᠨ ᠤᠮᠠᠷᠠᠲᠤ ᠸᠧᠢ ᠤᠯᠤᠰ ᠤᠨ ᠲᠠᠬᠢᠯᠭ᠎ᠠ ᠶᠢᠨ ᠪᠠᠷᠢᠯᠭ᠎ᠠ ᠶᠢᠨ ᠪᠠᠭᠤᠷᠢ ᠪᠠ ᠠᠯᠲᠠᠨ ᠤᠯᠤᠰ ᠤᠨ ᠬᠢᠯᠢ ᠶᠢᠨ ᠬᠡᠷᠡᠮ ᠤᠨ ᠣᠷᠳᠣ ᠴᠠᠭᠠᠨ ᠬᠡᠷᠡᠮ ᠤᠨ ᠪᠠᠭᠤᠷᠢ ᠶᠢ ᠬᠠᠮᠠᠭᠠᠯᠠᠨ ᠠᠰᠢᠭᠯᠠᠬᠤ ᠶᠢ ᠡᠮᠬᠢ ᠵᠢᠷᠤᠮ ᠲᠠᠢ ᠠᠬᠢᠭᠤᠯᠤᠨ᠎ᠠ᠃ ᠦ᠋ ᠳ᠋ᠣᠣ ᠭᠧᠦ᠂ ᠳ᠋ᠦᠩ ᠫᠥᠸᠧ᠂ ᠹᠦ᠋ ᠿᠦ ᠳ᠋ᠦᠩ ᠵᠡᠷᠭᠡ 9 ᠰᠣᠶᠣᠯ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠤᠨ᠎ᠠ᠃ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠲᠠᠶᠢᠨ ᠤ ᠰᠠᠭᠤᠷᠢᠨ ᠭᠠᠵᠠᠷ ᠢᠶᠠᠷ ᠭᠤᠣᠯ ᠴᠣᠭᠴᠠ ᠪᠣᠯᠭᠠᠵᠤ᠂ ᠪᠦᠬᠦ ᠤᠯᠤᠰ ᠤᠨ ᠬᠤᠪᠢᠰᠬᠠᠯ ᠤᠨ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠤᠨ᠎ᠠ᠃ ᠵᠤᠭᠠᠴᠠᠭᠰᠠᠳ ᠢ 100 ᠲᠦᠮᠡᠨ ᠬᠥᠮᠥᠨ ᠤᠳᠠᠭ᠎ᠠ ᠠᠴᠠ ᠳᠠᠪᠠᠭᠤᠯᠬᠤ ᠪᠠᠷ ᠴᠢᠷᠮᠠᠶᠢᠵᠤ᠂ ᠵᠢᠭᠤᠯᠴᠢᠯᠠᠯ ᠤᠨ ᠣᠷᠣᠯᠭ᠎ᠠ ᠶᠢ 1.5 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃      ᠴᠡᠪᠡᠷ ᠡᠨᠧᠷᠭᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠰᠢᠶᠠᠨ ᠤ ᠬᠡᠪᠴᠢᠶᠡᠨ ᠤ ᠪᠥᠬᠦ ᠲᠠᠯ᠎ᠠ ᠠᠴᠠ ᠴᠡᠪᠡᠷ ᠡᠨᠧᠷᠭᠢ ᠶᠢᠨ ᠬᠥᠭᠵᠢᠯᠲᠡ ᠶᠢ ᠪᠥᠬᠦ ᠲᠠᠯ᠎ᠠ ᠪᠠᠷ ᠲᠥᠯᠥᠪᠵᠢᠭᠦᠯᠵᠦ᠂ ᠪᠣᠬᠢᠷᠲᠤᠯ ᠦᠭᠡᠢ ᠡᠨᠧᠷᠭᠢ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠰᠢᠰᠲ᠋ᠧᠮ ᠲᠠᠢ ᠨᠠᠶᠢᠷᠠᠭᠤᠯᠤᠨ ᠵᠣᠬᠢᠶᠠᠵᠤ᠂ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠤᠨ᠂ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠰᠢᠨ᠎ᠡ ᠡᠨᠧᠷᠭᠢ ᠶᠢᠨ ᠲᠥᠷᠥᠯ ᠵᠦᠢᠯ ᠪᠠ ᠪᠣᠬᠢᠷᠲᠤᠯ ᠦᠭᠡᠢ ᠴᠠᠬᠢᠯᠭᠠᠨ ᠬᠦᠷᠭᠡᠬᠦ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠬᠤᠯᠪᠤᠭᠠᠯᠠᠨ ᠬᠥᠳᠡᠯᠦᠯᠴᠡᠵᠦ ᠰᠠᠶᠢᠲᠤᠷ ᠠᠳᠬᠤᠨ᠎ᠠ᠃ 10 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 80 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ᠃ ᠪᠧᠢ ᠯᠢᠶᠠᠨ ᠴᠠᠬᠢᠯᠭᠠᠨ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷᠲᠠᠢ ᠥᠭᠡᠷᠡᠴᠢᠯᠡᠯᠲᠡ ᠶᠢᠨ ᠲᠥᠷᠥᠯ ᠵᠦᠢᠯ ᠪᠣᠯᠣᠨ ᠯᠦᠩ ᠾᠧ ᠰᠢᠨ᠎ᠡ ᠡᠨᠧᠷᠭᠢ ᠵᠡᠷᠭᠡ 3 ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠦᠨ᠎ᠡ᠃ ᠡᠨᠧᠷᠭᠢ ᠬᠠᠳᠠᠭᠠᠯᠠᠬᠤ ᠵᠢᠱᠢᠶ᠎ᠡ ᠦᠵᠡᠭᠦᠯᠬᠦ ᠲᠥᠷᠥᠯ ᠵᠦᠢᠯ ᠪᠣᠯᠣᠨ ᠴᠡᠪᠡᠷ ᠡᠨᠧᠷᠭᠢ ᠪᠠᠷ ᠳᠤᠯᠠᠭᠠᠯᠠᠬᠤ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠭᠤᠣ ᠳ᠋ᠧᠩ ᠰᠠᠢ ︵ᠭᠥᠸᠧ ᠷᠦᠨ︶ ᠰᠠᠯᠬᠢᠨ ᠬᠦᠴᠦᠨ ᠤ ᠴᠠᠬᠢᠯᠭᠠᠨ᠂ ᠱᠤᠸᠠᠩ ᠵᠢᠶᠧ ᠴᠠᠬᠢᠯᠭᠠᠨ ᠬᠡᠢ ᠰᠠᠯᠬᠢᠨ ᠬᠦᠴᠦᠨ ᠤ ᠴᠠᠬᠢᠯᠭᠠᠨ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠴᠠᠬᠢᠯᠭᠠᠨ ᠤ ᠲᠣᠣᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠦᠴᠦᠸᠠᠨ ᠠᠴᠠ ᠬᠤᠩ ᠱᠧᠩ ᠬᠦᠷᠬᠦ 500 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠪᠣᠯᠣᠨ ᠬᠤ᠋ ᠹᠧᠩ ᠦᠴᠦᠸᠠᠨ ᠤ ᠤᠮᠠᠷᠠᠲᠤ ᠬᠡᠰᠡᠭ ᠤᠨ 500 ᠺᠢᠯᠣᠸᠠᠲ ᠤᠨ ᠴᠠᠬᠢᠯᠭᠠᠨ ᠬᠦᠷᠭᠡᠬᠦ᠂ ᠪᠠᠷᠠᠭᠤᠨ ᠬᠡᠰᠡᠭ ᠤᠨ 500 ᠺᠢᠯᠣᠸᠠᠲ ᠤᠨ ᠴᠤᠭᠯᠠᠷᠠᠯ ᠤᠨ ᠥᠷᠲᠡᠭᠡ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠳ᠋ᠠ ᠳ᠋ᠧᠦ ᠫᠦ᠋ ᠤᠨ 500 ᠺᠢᠯᠣᠸᠠᠲ ᠤᠨ ᠳᠥᠷᠪᠡᠳᠦᠭᠡᠷ ᠰᠠᠭᠤᠷᠢ ᠭᠤᠣᠯ ᠬᠤᠪᠢᠰᠤᠯᠲᠠ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃      ᠠᠭᠤᠷᠬᠠᠢ ᠶᠢᠨ ᠡᠬᠢ ᠪᠠᠶᠠᠯᠢᠭ ᠢ ᠥᠨᠳᠥᠷ ᠦᠷ᠎ᠡ ᠠᠰᠢᠭ ᠲᠠᠢ ᠠᠰᠢᠭᠯᠠᠬᠤ ᠶᠢ ᠠᠬᠢᠭᠤᠯᠤᠨ᠎ᠠ᠃ ︽ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠥᠨᠳᠥᠷ ᠪᠦᠲᠦᠮᠵᠢᠲᠡᠢ ᠠᠰᠢᠭᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ︾ ᠦᠨᠳᠦᠰᠦᠨ ᠵᠠᠷᠴᠢᠮ ᠢ ᠪᠠᠷᠢᠮᠲᠠᠯᠠᠵᠤ᠂ ᠤᠯᠠᠮᠵᠢᠯᠠᠯᠲᠤ ᠮᠠᠯᠲᠠᠬᠤ ᠰᠢᠯᠢᠬᠦ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠳᠡᠰ ᠳᠡᠪᠰᠢᠬᠦ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ 13 ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠦᠨ᠎ᠡ᠃ ᠮᠧᠩ ᠯᠢ᠂ ᡁᠢ ᠴᠧᠩ᠂ ᠬᠤᠩ ᠳ᠋ᠠ ᠵᠡᠷᠭᠡ ᠠᠵᠤ ᠠᠬᠤᠶᠢᠯᠠᠯ ᠤᠨ ᠠᠯᠢ ᠲᠦᠷᠭᠡᠨ ᠢᠶᠠᠷ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠵᠢᠯ ᠤᠨ ᠳᠣᠲᠣᠷ᠎ᠠ 30 ᠲᠦᠮᠡᠨ ᠲᠣᠨ ᠠᠴᠠ ᠳᠡᠭᠡᠭᠰᠢ ᠲᠡᠮᠦᠷ ᠤᠨ ᠨᠠᠷᠢᠨ ᠨᠤᠨᠳᠠᠭ ᠦᠢᠯᠡᠳᠪᠦᠷᠢᠯᠡᠨ᠎ᠡ᠃ ᠾᠧᠦ ᠪᠥᠸᠧ ᠽᠢ ᠲᠡᠮᠦᠷ ᠤᠨ ᠠᠭᠤᠷᠬᠠᠢ᠂ ᠵᠤᠤ ᠵᠢᠩ ᠭᠧᠦ ᠨᠢᠤᠪᠢ ᠲᠠᠨᠲ᠋ᠠᠯ ᠤᠨ ᠠᠭᠤᠷᠬᠠᠢ ᠶᠢᠨ ︽ᠭᠤᠷᠪᠠ ᠶᠢ ᠬᠠᠮᠳᠦ ᠳᠤᠨᠢ︾ ᠪᠦᠲᠦᠭᠡᠨ ᠪᠠᠶᠢᠭᠤᠯᠬᠤ ᠶᠢ ᠲᠦᠷᠭᠡᠳᠬᠡᠨ᠎ᠡ᠃ ᠴᠢᠮᠡᠭᠯᠡᠯ ᠤᠨ ᠪᠣᠷᠵᠢᠨ ᠴᠢᠯᠠᠭᠤᠯᠢᠭ ᠤᠨ ᠬᠦᠳᠡᠷ ᠢᠶᠠᠷ ᠦᠢᠯᠡᠳᠪᠦᠷᠢᠯᠡᠬᠦ ᠴᠢᠳᠠᠪᠤᠷᠢ ᠪᠠᠨ ᠥᠷᠭᠡᠳᠬᠡᠬᠦ ᠶᠢ ᠠᠬᠢᠭᠤᠯᠵᠤ᠂ ᠱᠠᠩ ᠱᠢ ᠶᠤᠸᠠᠨ ᠴᠢᠯᠠᠭᠤᠨ ᠮᠠᠲ᠋ᠧᠷᠢᠶᠠᠯ ᠤᠨ ᠣᠷᠴᠢᠯ ᠠᠵᠤ ᠦᠢᠯᠡᠰ ᠤᠨ ᠬᠦᠷᠢᠶᠡᠯᠡᠩ ᠤᠨ ᠠᠰᠢᠭᠯᠠᠯᠲᠠ ᠳᠤ ᠣᠷᠣᠵᠤ ᠡᠵᠡᠩᠨᠡᠬᠦ ᠶᠢ ᠬᠤᠯᠪᠤᠭᠠᠯᠠᠨ ᠠᠬᠢᠭᠤᠯᠤᠨ᠎ᠠ᠃ ᠵᠢᠦᠢ ᠶᠢᠨ ᠱᠠᠨ ᠱᠦᠢᠨᠢ ᠳᠤ ᠲᠦᠰᠢᠭᠯᠡᠨ ᠭᠠᠨᠳᠢᠭ ᠴᠢᠯᠠᠭᠤᠯᠢᠭ ᠤᠨ ᠠᠭᠤᠷᠬᠠᠢ ᠶᠢ ᠬᠡᠷᠡᠭᠯᠡᠵᠦ᠂ ᠵᠢᠢ ᠳ᠋ᠦᠩ ᠺᠤᠮᠫᠠᠨᠢ ᠶᠢᠨ ᠶᠠᠰᠤᠨ ᠤ ᠲᠣᠭᠲᠠᠴᠠ ᠶᠢᠨ ᠡᠯᠡᠰᠦᠨ ᠦᠢᠯᠡᠳᠪᠦᠷᠢᠯᠡᠯ ᠤᠨ ᠱᠤᠭᠤᠮ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠦᠷᠭᠡᠳᠬᠡᠨ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠥᠪᠥᠷ ᠮᠣᠩᠭᠤᠯ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠬᠤ ᠺᠣᠮᠫᠠᠨᠢ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠰᠢᠨ᠎ᠡ ᠨᠢᠭᠡᠨ ᠡᠭᠡᠯᠵᠢ ᠶᠢᠨ ᠠᠭᠤᠷᠬᠠᠢ ᠬᠠᠶᠢᠬᠤ ᠠᠵᠢᠯᠯᠠᠭ᠎ᠠ ᠶᠠᠪᠤᠭᠳᠠᠭᠤᠯᠤᠨ᠎ᠠ᠃      ᠨᠡᠭᠡᠭᠡᠯᠲᠡ ᠶᠢᠨ ᠣᠷᠣᠨ ᠢ ᠰᠡᠷᠭᠦᠭᠡᠨ ᠪᠠᠶᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ︽ᠡᠭᠦᠷ ᠪᠠᠷᠢᠵᠤ ᠭᠠᠷᠤᠳᠢ ᠲᠠᠲᠠᠬᠤ᠂ ᠪᠥᠭᠡᠮᠨᠡᠷᠡᠨ ᠬᠥᠭᠵᠢᠭᠦᠯᠬᠦ︾ ᠰᠡᠳᠬᠢᠴᠡ ᠪᠠ ︽ᠨᠢᠭᠡ ᠬᠦᠷᠢᠶᠡᠯᠡᠩ ᠬᠤᠶᠠᠷ ᠲᠣᠭᠤᠷᠢᠭ︾ ᠤᠨ ᠬᠥᠭᠵᠢᠯᠲᠡ ᠶᠢᠨ ᠵᠠᠭᠪᠤᠷ ᠶᠣᠰᠣᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠰᠡᠷᠭᠦᠭᠡᠨ ᠪᠠᠶᠢᠭᠤᠯᠬᠤ ᠶᠢ ᠡᠷᠡᠰ ᠭᠤᠶᠢᠪᠢᠰᠢ ᠦᠭᠡᠢ ᠠᠬᠢᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠲᠡᠶᠢᠨ ᠤ ᠲᠠᠯᠠᠪᠤᠷ ᠢ ᠪᠣᠶ ᠪᠣᠯᠭᠠᠨ᠎ᠠ᠃ ᠰᠢᠨ ᠴᠤᠸᠠᠨ ᠶᠡᠭᠡ ᠵᠠᠮ᠂ ᠦᠢᠯᠡᠴᠢᠯᠡᠭᠡᠨ ᠤ ᠵᠡᠭᠡᠯᠢ ᠬᠤᠶᠠᠷ ᠵᠠᠮ ᠢ ᠥᠭᠡᠷᠡᠴᠢᠯᠡᠨ ᠳᠡᠭᠡᠭᠰᠢᠯᠡᠭᠦᠯᠬᠦ ᠶᠢ ᠪᠡᠶᠡᠯᠡᠭᠦᠯᠵᠦ᠂ ᠵᠠᠮ ᠢ ᠬᠠᠲᠠᠭᠤᠷᠠᠭᠤᠯᠬᠤ᠂ ᠤᠰᠤ ᠬᠠᠩᠭᠠᠬᠤ ᠤᠰᠤ ᠵᠠᠯᠠᠬᠤ᠂ ᠢᠯᠴᠢ ᠬᠠᠩᠭᠠᠬᠤ᠂ ᠴᠠᠬᠢᠯᠭᠠᠨ ᠬᠦᠴᠦᠨ ᠢ ᠨᠡᠭᠦᠯᠭᠡᠨ ᠥᠭᠡᠷᠡᠴᠢᠯᠡᠬᠦ᠂ ᠪᠣᠬᠢᠷ ᠤᠰᠤ ᠶᠢ ᠰᠢᠢᠳᠪᠦᠷᠢᠯᠡᠬᠦ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠴᠡᠴᠡᠷᠯᠢᠭ ᠲᠤ ᠰᠠᠭᠤᠭ᠎ᠠ ᠠᠵᠤ ᠠᠬᠤᠶᠢᠯᠠᠯ ᠤᠨ ᠦᠢᠯᠡᠳᠪᠦᠷᠢ ᠶᠢᠨ ᠳᠦᠷᠰᠦ ᠪᠠᠶᠢᠳᠠᠯ ᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠵᠡᠷᠭᠡᠪᠡᠷ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠳᠦᠷᠢ ᠲᠥᠷᠬᠦ ᠶᠢ ᠦᠨᠡᠨᠬᠦ ᠳᠡᠭᠡᠭᠰᠢᠯᠡᠭᠦᠯᠦᠨ᠎ᠡ᠃ ᠳᠥᠷᠪᠡᠳᠦᠭᠡᠷ ᠳᠤᠮᠳᠠᠳᠤ ᠰᠤᠷᠭᠠᠭᠤᠯᠢ᠂ ᠨᠡᠭᠦᠷᠡᠰᠦᠲᠥ᠋ᠷᠥᠭᠴᠢ ᠶᠢᠨ ᠡᠳ᠋ ᠤᠨ ᠦᠢᠯᠡᠳᠪᠦᠷᠢ᠂ ᠮᠧᠩ ᠯᠠᠨ ᠲᠡᠮᠦᠷ ᠤᠨ ᠬᠠᠶᠢᠯᠤᠰᠢ ᠵᠡᠷᠭᠡ ︽ᠦᠬᠦᠰᠢᠷᠡᠮᠡᠯ ᠠᠵᠤ ᠠᠬᠤᠶᠢᠯᠠᠯ︾ ᠤᠨ ᠰᠤᠯᠠ ᠪᠠᠶᠢᠬᠤ ᠭᠠᠵᠠᠷ ᠰᠢᠷᠣᠢ ᠶᠢ ᠲᠦᠷᠭᠡᠨ ᠰᠢᠢᠳᠪᠦᠷᠢᠯᠡᠵᠦ᠂ ᠬᠦᠷᠢᠶᠡᠯᠡᠩ ᠲᠣᠭᠤᠷᠢᠭ ᠤᠨ ᠭᠠᠵᠠᠷ ᠰᠢᠷᠣᠢ ᠶᠢ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠤᠨ᠎ᠠ᠃ ᠵᠢᠯ ᠤᠨ ᠳᠣᠲᠣᠷ᠎ᠠ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠲᠣᠭᠤᠷᠢᠭ᠂ ᠪᠣᠬᠢᠷᠲᠤᠯ ᠦᠭᠡᠢ ᠠᠵᠤ ᠦᠢᠯᠡᠳᠪᠦᠷᠢ ᠶᠢᠨ ᠪᠥᠭᠡᠮᠨᠡᠷᠡᠯ ᠳᠤ ᠲᠣᠰ ᠲᠣᠰ 5000 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭ᠎ᠠ ᠲᠠᠢ ᠲᠥᠷᠥᠯ ᠵᠦᠢᠯ ᠢ 10 ᠠᠴᠠ ᠳᠡᠭᠡᠭᠰᠢ ᠨᠠᠶᠢᠳᠠᠪᠤᠷᠢᠵᠢᠭᠤᠯᠵᠤ᠂ ᠦᠢᠯᠡᠳᠬᠦᠨ ᠤ ᠶᠡᠷᠦᠩᠬᠡᠢ ᠥᠷᠲᠡᠭ ᠢ ᠲᠣᠰ ᠲᠣᠰ 15.2 ᠳ᠋ᠦᠩᠰᠢᠭᠤᠷ ᠲᠥᠭᠦᠷᠢᠭ ᠪᠠ 9 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠦᠨ᠎ᠡ᠃      ︵ᠭᠤᠷᠪᠠ︶ ᠪᠦᠬᠦ ᠬᠦᠴᠦᠨ ᠢᠶᠠᠷ ᠢᠶᠠᠨ ᠬᠤᠷᠢᠭ᠎ᠠ ᠱᠤᠭᠤᠮ ᠢ ᠰᠠᠬᠢᠵᠤ᠂ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠪᠠᠶᠢᠳᠠᠯ ᠢ ᠨᠡᠭᠡᠭᠡᠨ᠎ᠡ      ᠬᠤᠷᠢᠭ᠎ᠠ ᠱᠤᠭᠤᠮ ᠤᠨ ᠡᠭᠦᠷᠭᠡ ᠶᠢ ᠡᠷᠡᠰ ᠪᠠᠲᠤ ᠰᠠᠬᠢᠨ᠎ᠠ᠃ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠤᠨ ᠬᠥᠳᠡᠯᠦᠩᠭᠦᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠵᠤ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ ᠭᠦᠢᠴᠡᠳ ᠰᠠᠶᠢᠲᠤᠷ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 46 ᠲᠦᠷᠦᠯ ᠵᠦᠢᠯ ᠢ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠨᠡᠶᠢᠳᠡᠮ ᠬᠡᠷᠡᠭᠯᠡᠬᠦ ᠮᠡᠷᠭᠡᠵᠢᠯ ᠤᠨ ᠪᠦᠯᠦᠭᠯᠡᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠ ︽ᠪᠦᠯᠬᠦᠮ ᠪᠠᠶᠢᠭᠤᠯᠬᠤ ᠬᠡᠯᠪᠡᠷᠢ︾ ᠪᠠᠷ ᠬᠠᠪᠰᠤᠷᠤᠨ ᠲᠡᠳᠬᠦᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠨ᠎ᠠ᠃ ︽ᠳᠠᠭᠠᠭᠤᠯᠤᠭᠴᠢ︾ ᠶᠢ ᠪᠣᠶᠢᠵᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ︽ᠬᠠᠷᠠᠭᠠᠯᠵᠠᠬᠤ︾ ᠠᠵᠢᠯᠯᠠᠭ᠎ᠠ ᠶᠢ ᠥᠷᠨᠢᠭᠦᠯᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠭᠠᠭᠤᠯᠤᠭᠴᠢ ᠶᠢ ᠬᠥᠮᠥᠵᠢᠭᠦᠯᠬᠦ᠂ ᠥᠨᠳᠥᠷ ᠬᠡᠪ ᠪᠣᠯᠪᠠᠰᠤᠷᠠᠯ ᠲᠠᠢ ᠲᠠᠷᠢᠶᠠᠴᠢᠳ ᠢ ᠬᠥᠮᠥᠵᠢᠭᠦᠯᠬᠦ᠂ ᠦᠨᠳᠦᠰᠦᠨ ᠱᠠᠲᠤᠨ ᠤ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠪᠣᠯᠪᠠᠰᠤᠷᠠᠭᠤᠯᠤᠯ ᠢ ᠰᠠᠶᠢᠲᠤᠷ ᠠᠳᠬᠤᠵᠤ᠂ ᠪᠦᠲᠦᠴᠡ ᠨᠢ ᠵᠦᠢ ᠵᠣᠬᠢᠰᠲᠠᠢ᠂ ᠬᠡᠪ ᠴᠢᠨᠠᠷ ᠨᠢ ᠰᠢᠯᠢᠳᠡᠭ ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠴᠢᠳᠠᠪᠤᠷᠢᠲᠠᠨ ᠤ ᠡᠩᠨᠡᠭᠡ ᠶᠢ ᠪᠠᠶᠢᠭᠤᠯᠤᠨ᠎ᠠ᠃      ᠬᠥᠳᠡᠭᠡ ᠠᠵᠤ ᠠᠬᠤᠢ ᠶᠢᠨ ᠣᠨᠴᠠᠯᠢᠭ ᠲᠤ ᠠᠵᠤ ᠦᠢᠯᠡᠰ ᠢ ᠪᠠᠶᠢᠭᠤᠯᠤᠨ ᠬᠦᠴᠦᠷᠬᠡᠭᠵᠢᠭᠦᠯᠦᠨ᠎ᠡ᠃ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ᠎ᠡ᠃ ᠲᠠᠷᠢᠮᠠᠯ ᠤᠨ ᠵᠦᠢᠯ ᠲᠠᠷᠢᠬᠤ ᠲᠠᠯᠠᠪᠠᠶ ᠶᠢ 185 ᠲᠦᠮᠡᠨ ᠮᠦ ᠠᠴᠠ ᠳᠡᠭᠡᠭᠰᠢ ᠲᠣᠭᠲᠠᠭᠤᠨ ᠪᠠᠶᠢᠯᠭᠠᠵᠤ᠂ ᠡᠭᠦᠨ ᠳᠤ ᠨᠣᠬᠠᠢ ᠶᠢᠨ ᠬᠤᠰᠢᠭᠤ 35 ᠲᠦᠮᠡᠨ ᠮᠦ᠂ ᠨᠣᠶᠢᠯ ᠪᠤᠭᠤᠳᠠᠢ 15 ᠲᠦᠮᠡᠨ ᠮᠦ᠂ ᠲᠥᠮᠥᠰᠥ 75 ᠲᠦᠮᠡᠨ ᠮᠦ᠂ ᠤᠯᠠᠭᠠᠨ ᠪᠤᠭᠤᠳᠠᠢ 10 ᠲᠦᠮᠡᠨ ᠮᠦ᠂ ᠢᠳᠡᠰᠢᠨ ᠬᠤᠨᠢ ᠲᠡᠵᠢᠭᠡᠬᠦ ᠬᠡᠪᠴᠢᠶ᠎ᠡ ᠶᠢ 120 ᠲᠦᠮᠡ ᠣᠷᠴᠢᠮ ᠳᠤ ᠲᠣᠭᠲᠠᠪᠤᠷᠢᠵᠢᠭᠤᠯᠤᠨ᠎ᠠ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠬᠦᠢᠲᠡᠨ ᠰᠡᠷᠢᠭᠦᠨ ᠢᠳᠡᠰᠢᠨ ᠨᠣᠭᠤᠭ᠎ᠠ 2000 ᠮᠦ᠂ ᠵᠠᠳᠠᠭᠠᠢ ᠢᠳᠡᠰᠢᠨ ᠨᠣᠭᠤᠭ᠎ᠠ 8.5 ᠲᠦᠮᠡᠨ ᠮᠦ ᠲᠠᠷᠢᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ 3 ᠲᠦᠮᠡᠨ ᠮᠦ ᠪᠦᠲᠦᠭᠡᠨ ᠪᠠᠶᠢᠭᠤᠯᠵᠤ ᠥᠭᠡᠷᠡᠴᠢᠯᠡᠨ ᠰᠠᠶᠢᠵᠢᠷᠠᠭᠤᠯᠤᠨ᠎ᠠ᠃ ᠳᠠᠷᠢᠵᠤ ᠲᠡᠵᠢᠭᠡᠨ ᠦᠷᠡᠵᠢᠭᠦᠯᠬᠦ 9 ᠵᠢᠱᠢᠶ᠎ᠡ ᠦᠵᠡᠭᠦᠯᠬᠦ ᠲᠣᠰᠬᠤᠨ᠂ ᠬᠠᠰᠢᠶᠠᠯᠠᠨ ᠲᠡᠵᠢᠭᠡᠬᠦ 9 ᠵᠢᠱᠢᠶ᠎ᠡ ᠦᠵᠡᠭᠦᠯᠬᠦ ᠲᠣᠰᠬᠤᠨ᠂ 9 ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠰᠬᠤᠨ ᠢ ᠲᠥᠪᠯᠡᠷᠡᠭᠦᠯᠦᠨ ᠪᠠᠶᠢᠭᠤᠯᠵᠤ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ 9 ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠣᠨᠴᠠᠯᠢᠭᠲᠤ ᠠᠵᠤ ᠦᠢᠯᠡᠰ ᠤᠨ ᠪᠠᠷᠢᠮᠵᠢᠶᠠᠵᠢᠭᠤᠯᠤᠯᠲᠠ᠂ ᠡᠷᠴᠢᠮᠵᠢᠭᠦᠯᠦᠭᠰᠡᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠶᠢ ᠭᠦᠨᠵᠡᠭᠡᠶᠢᠷᠡᠭᠦᠯᠦᠨ᠂ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠳᠡᠭᠡᠭᠰᠢᠯᠡᠭᠦᠯᠵᠦ᠂ ᠪᠠᠶᠢᠭᠠᠯᠢᠯᠢᠭ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠨᠦᠷ ᠠᠮᠲᠠ ᠶᠢ ᠲᠦᠮᠡᠨ ᠭᠠᠵᠠᠷ ᠬᠦᠷᠭᠡᠨ᠎ᠡ᠃      ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠨ᠎ᠡ᠃ ︽ᠲᠤᠯᠤᠭᠠᠨ ᠨᠢᠭᠡ︾ ᠶᠢᠨ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠡᠯ᠎ᠡ ᠲᠣᠰᠬᠤᠨ ᠤ ᠲᠣᠰ ᠪᠡᠶ᠎ᠡ ᠶᠢᠨ ᠣᠨᠴᠠᠯᠢᠭ ᠲᠠᠢ ᠪᠠᠨ ᠤᠶᠠᠯᠳᠤᠭᠤᠯᠤᠨ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠭᠵᠢᠯᠲᠡ ᠶᠢ ᠰᠦᠪᠡᠭᠴᠢᠯᠡᠨ᠎ᠡ᠃ ︽ᠬᠤᠭᠤᠰᠤᠨ ᠲᠣᠰᠬᠤᠨ︾ ᠢ ᠬᠦᠴᠦᠯᠡᠨ ᠴᠡᠭᠴᠡᠯᠡᠨ ᠵᠠᠰᠠᠵᠤ᠂ ᠳᠣᠣᠷ᠎ᠠ ᠠᠰᠢᠭᠯᠠᠮᠵᠢ ᠲᠠᠢ ᠰᠤᠯᠠ ᠪᠠᠶᠢᠭ᠎ᠠ ᠣᠷᠣᠨ ᠰᠠᠭᠤᠴᠠ ᠶᠢᠨ ᠭᠠᠵᠠᠷ ᠢ ᠠᠮᠢᠳᠤᠯᠢᠭ ᠪᠣᠯᠭᠠᠵᠤ᠂ ᠵᠢᠯ ᠤᠨ ᠳᠣᠲᠣᠷ᠎ᠠ 18 ᠲᠣᠰᠬᠤᠨ ᠤ 600 ᠭᠠᠷᠤᠢ ᠮᠦ ᠬᠠᠭᠤᠴᠢᠨ ᠢ ᠨᠤᠷᠠᠭᠠᠨ ᠳᠠᠬᠢᠨ ᠬᠠᠭᠠᠯᠪᠤᠷᠢᠯᠠᠬᠤ ᠡᠭᠦᠷᠭᠡ ᠶᠢ ᠪᠡᠶᠡᠯᠡᠭᠦᠯᠦᠨ᠎ᠡ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠬᠢᠭᠡᠳ ᠠᠷᠠᠴᠢᠯᠠᠯᠲᠠ ᠬᠠᠮᠠᠭᠠᠯᠠᠯᠲᠠ ᠶᠢ ᠴᠢᠩᠭᠠᠳᠬᠠᠵᠤ᠂ ᠨᠠᠭᠤᠷ ᠤᠨ ᠨᠢᠷᠤᠭᠤ᠂ ᠴᠦᠨ ᠺᠦᠨ ᠱᠠᠨ᠂ ᠳ᠋ᠧ ᠱᠧᠩ ᠴᠢᠤᠸᠠᠨ ᠵᠡᠷᠭᠡ 17 ᠲᠥᠷᠥᠯ ᠵᠦᠢᠯ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ 81.55 ᠺᠢᠯᠣᠮᠧᠲᠷ ᠪᠦᠲᠦᠭᠡᠨ ᠪᠠᠶᠢᠭᠤᠯᠵᠤ᠂ 34.35 ᠺᠢᠯᠣᠮᠧᠲᠷ ᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠵᠤ᠂ ︽ᠳᠥᠷᠪᠡᠨ ᠰᠠᠶᠢᠨ ᠬᠥᠳᠡᠭᠡ ᠲᠣᠰᠬᠤᠨ ᠤ ᠵᠠᠮ︾ ᠤᠨ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠦᠨ᠎ᠡ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠠᠷᠢᠭᠤᠨ ᠴᠡᠪᠡᠷ ᠢ ᠵᠠᠰᠠᠬᠤ ᠰᠢᠰᠲ᠋ᠧᠮ ᠢ ᠪᠠᠶᠢᠭᠤᠯᠵᠤ᠂ 142 ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠶᠢ ᠪᠡᠶᠡᠯᠡᠭᠦᠯᠦᠨ᠎ᠡ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠵᠡᠷᠭᠡ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠠᠰᠢᠭᠯᠠᠬᠤ ᠨᠣᠷᠮ᠎ᠠ ᠶᠢ ᠲᠣᠰ ᠲᠣᠰ 95%᠂ 92% ᠠᠴᠠ ᠳᠡᠭᠡᠭᠰᠢ ᠳᠤ ᠬᠦᠷᠦᠭᠦᠯᠦᠨ᠎ᠡ᠃      ︵ᠳᠥᠷᠪᠡ︶ ᠪᠦᠬᠦ ᠬᠦᠴᠦᠨ ᠢᠶᠠᠷ ᠢᠶᠠᠨ ᠬᠠᠮᠠᠭᠠᠯᠠᠯᠲᠠ ᠶᠢ ᠠᠳᠬᠤᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠢ ᠶᠢᠨ ᠬᠦᠴᠦᠷᠬᠡᠭ ᠰᠢᠶᠠᠨ ᠢ ᠪᠦᠲᠦᠭᠡᠨ ᠪᠠᠶᠢᠭᠤᠯᠬᠤ ᠳᠡᠭᠡᠷ᠎ᠡ ᠰᠢᠨ᠎ᠡ ᠠᠮᠵᠢᠯᠲᠠ ᠪᠦᠲᠦᠮᠵᠢ ᠭᠠᠷᠭᠠᠨ᠎ᠠ      ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠨ᠎ᠠ᠃ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠ ᠨᠢᠯᠬ᠎ᠠ ᠮᠣᠳᠣ ᠶᠢ 5 ᠲᠦᠮᠡᠨ ᠮᠦ ᠠᠷᠠᠴᠢᠯᠠᠨ ᠪᠣᠶᠢᠵᠢᠭᠤᠯᠵᠤ᠂ 2 ᠲᠦᠮᠡᠨ ᠮᠦ ᠲᠠᠴᠢᠷᠳᠠᠭᠰᠠᠨ ᠮᠣᠳᠣ ᠶᠢ ᠵᠠᠰᠠᠨ ᠰᠡᠷᠭᠦᠭᠡᠵᠦ᠂ 5000 ᠮᠦ ᠣᠶ ᠰᠢᠭᠤᠢ ᠶᠢᠨ ᠶᠠᠰᠤ ᠴᠢᠨᠠᠷ ᠢ ᠨᠠᠷᠢᠯᠢᠭ ᠣᠨᠣᠴᠠᠲᠠᠢ ᠪᠠᠷ ᠳᠡᠭᠡᠭᠰᠢᠯᠡᠭᠦᠯᠵᠦ᠂ 30 ᠲᠦᠮᠡᠨ ᠮᠦ ᠨᠤᠲᠤᠭ ᠪᠡᠯᠴᠢᠭᠡᠷ ᠢ ᠰᠠᠶᠢᠵᠢᠷᠠᠭᠤᠯᠵᠤ᠂ 10 ᠲᠦᠮᠡᠨ ᠮᠦ ᠨᠤᠲᠤᠭ ᠪᠡᠯᠴᠢᠭᠡᠷ ᠢ ᠬᠦᠷᠢᠶᠡᠯᠡᠨ ᠪᠢᠲᠡᠭᠦᠮᠵᠢᠯᠡᠵᠦ᠂ 1 ᠲᠦᠮᠡᠨ ᠮᠦ ᠰᠢᠨ᠎ᠡ ᠪᠠᠷ ᠣᠶᠢᠵᠢᠭᠤᠯᠤᠭᠰᠠᠨ ᠣᠢ ᠶᠢ ᠬᠠᠮᠢᠶᠠᠷᠤᠨ ᠬᠠᠮᠠᠭᠠᠯᠠᠨ᠎ᠠ᠃ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ 15 ᠲᠦᠮᠡᠨ ᠮᠦ ᠰᠡᠷᠭᠦᠭᠡᠬᠦ ᠶᠢ ᠪᠡᠶᠡᠯᠡᠭᠦᠯᠦᠨ᠎ᠡ᠃ 3.18 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠲᠡᠮᠡᠴᠡᠨ ᠣᠯᠵᠤ᠂ ᠳᠠᠯᠠᠨ ᠬᠠᠷ᠎ᠠ ᠠᠭᠤᠯᠠ ᠶᠢᠨ ᠣᠶ ᠰᠢᠭᠤᠢ ᠶᠢᠨ ᠭᠠᠯ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠵᠠᠮ ᠢ 569.72 ᠺᠢᠯᠣᠮᠧᠲᠷ ᠪᠦᠲᠦᠭᠡᠨ ᠪᠠᠶᠢᠭᠤᠯᠤᠨ᠎ᠠ᠃ ᠣᠶ ᠰᠢᠭᠤᠢ ᠨᠤᠲᠤᠭ ᠪᠡᠯᠴᠢᠭᠡᠷ ᠤᠨ ᠬᠠᠤᠯᠢ ᠬᠡᠷᠡᠭᠵᠢᠭᠦᠯᠬᠦ ᠰᠢᠰᠲ᠋ᠧᠮ ᠢ ᠰᠢᠯᠤᠭᠤᠳᠬᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠢ ᠡᠪᠳᠡᠭᠰᠡᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠲᠥᠪ ᠤᠨ ᠲᠤᠰᠠᠯᠠᠮᠵᠢ ᠶᠢᠨ ᠪᠡᠯᠡ ᠮᠥᠩᠭᠦ ᠶᠢ 1527 ᠲᠦᠮᠡᠨ ᠲᠥᠭᠦᠷᠢᠭ ᠲᠡᠮᠡᠴᠡᠨ ᠣᠯᠵᠤ᠂ 5 ᠭᠤᠣᠯ ᠪᠤᠰᠤ ᠦᠯᠡᠳᠡᠭᠳᠡᠯ ᠬᠦᠳᠡᠷ ᠤᠨ ᠬᠥᠮᠥᠷᠭᠡ ᠳᠤ ᠬᠥᠮᠥᠷᠭᠡ ᠶᠢ ᠪᠢᠲᠡᠭᠦᠮᠵᠢᠯᠡᠨ ᠵᠠᠰᠠᠬᠤ ᠶᠢ ᠬᠡᠷᠡᠭᠵᠢᠭᠦᠯᠦᠨ᠎ᠡ᠃ ᠲᠡᠦᠬᠡᠨ ᠠᠴᠠ ᠦᠯᠡᠳᠡᠭᠳᠡᠵᠦ ᠢᠷᠡᠭᠰᠡᠨ 36 ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠎ᠡ᠃ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠣᠨ ᠵᠠᠢ ᠶᠢ ᠵᠠᠬᠢᠷᠤᠨ ᠬᠠᠮᠢᠶᠠᠷᠬᠤ᠂ ᠶᠡᠷᠦᠩᠬᠡᠢ ᠬᠡᠮᠵᠢᠶ᠎ᠡ ᠶᠢ ᠬᠠᠮᠢᠶᠠᠷᠤᠨ ᠡᠵᠡᠮᠳᠡᠬᠦ ᠪᠠ ᠣᠷᠴᠢᠨ ᠲᠣᠭᠤᠷᠢᠨ ᠢ ᠵᠥᠪᠰᠢᠶᠡᠷᠡᠨ ᠣᠷᠣᠭᠤᠯᠬᠤ ᠶᠢ ᠴᠢᠩᠭᠠᠳᠬᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ︽ᠲᠠᠪᠤᠨ ᠲᠤᠷ᠎ᠠ ᠪᠠᠷ ᠢᠶᠠᠨ ᠢ ᠠᠷᠢᠯᠭᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ 16.1 ᠺᠢᠯᠣᠮᠧᠲᠷ ᠭᠤᠣᠯ ᠤᠨ ᠵᠠᠮ ᠢ ᠶᠡᠷᠦᠩᠬᠡᠶᠢᠯᠡᠨ ᠵᠠᠰᠠᠬᠤ᠂ 80 ᠲᠡᠭᠰᠢ ᠳᠥᠷᠪᠡᠯᠵᠢᠨ ᠺᠢᠯᠣᠮᠧᠲᠷ ᠤᠰᠤ ᠬᠥᠷᠥᠰᠥ ᠶᠢ ᠬᠠᠮᠠᠭᠠᠯᠠᠵᠤ ᠶᠡᠷᠦᠩᠬᠡᠶᠢᠯᠡᠨ ᠵᠠᠰᠠᠬᠤ᠂ 5000 ᠮᠦ ᠲᠠᠷᠢᠶᠠᠨ ᠭᠠᠵᠠᠷ ᠤᠨ ᠬᠥᠷᠥᠰᠥ ᠰᠢᠷᠣᠢ ᠶᠢ ᠬᠠᠮᠠᠭᠠᠯᠠᠨ ᠵᠠᠰᠠᠬᠤ ᠶᠢ ᠬᠡᠷᠡᠭᠵᠢᠭᠦᠯᠦᠨ᠎ᠡ᠃      ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠰᠠᠶᠢᠲᠤᠷ ᠠᠳᠬᠤᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠭᠠᠭᠰᠠᠨ ᠰᠠᠨᠠᠯ ᠤᠨ ᠣᠨ ᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠦᠨ᠎ᠡ᠃ ᠰᠢᠯᠵᠢᠮᠡᠯ ᠡᠬᠢ ᠰᠤᠷᠪᠤᠯᠵᠢ᠂ ᠲᠣᠭᠤᠰᠣ ᠳᠡᠭᠳᠡᠬᠦ ᠡᠬᠢ ᠰᠤᠷᠪᠤᠯᠵᠢ᠂ ᠠᠮᠢᠳᠤᠷᠠᠯ ᠤᠨ ᠡᠬᠢ ᠰᠤᠷᠪᠤᠯᠵᠢ᠂ ᠠᠵᠤ ᠦᠢᠯᠡᠳᠪᠦᠷᠢ ᠶᠢᠨ ᠡᠬᠢ ᠰᠤᠷᠪᠤᠯᠵᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠭᠠᠳᠠᠭᠰᠢᠯᠠᠭᠤᠯᠤᠯᠲᠠ ᠶᠢ ᠴᠢᠩᠭ᠎ᠠ ᠠᠩᠬᠠᠷᠴᠤ᠂ ᠦ᠋ ᠯᠠᠨ᠂ ᠵᠢᠢ ᠳ᠋ᠦᠩ ᠤᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ ᠶᠠᠩ ᠭᠤᠸᠠᠩ ᠨᠡᠶᠢᠭᠡᠮ ᠲᠣᠭᠤᠷᠢᠭ ᠪᠠ ᠰᠢᠨ ᠳ᠋ᠦᠩ ᠵᠡᠭᠡᠯᠢ ᠨᠡᠶᠢᠭᠡᠮ ᠲᠣᠭᠤᠷᠢᠭ ᠤᠨ 900 ᠡᠷᠦᠬᠡ ᠰᠠᠭᠤᠭᠠᠯᠢ ᠠᠷᠠᠳ ᠤᠨ ᠨᠡᠭᠦᠷᠡᠰᠦ ᠶᠢ ᠴᠠᠬᠢᠯᠭᠠᠨ ᠪᠣᠯᠭᠠᠨ ᠥᠭᠡᠷᠡᠴᠢᠯᠡᠬᠦ ᠡᠭᠦᠷᠭᠡ ᠶᠢ ᠪᠡᠶᠡᠯᠡᠭᠦᠯᠵᠦ᠂ PM2.5 ᠶᠢᠨ ᠥᠳᠬᠡᠴᠡ ᠪᠠ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠶᠡᠷᠦᠩᠬᠡᠶᠢᠯᠡᠭᠰᠡᠨ ᠬᠢᠨᠠᠨ ᠰᠢᠯᠭᠠᠯᠲᠠ ᠶᠢᠨ ᠨᠡᠷᠡᠰ ᠤᠨ ᠵᠢᠭᠰᠠᠭᠠᠯᠲᠠ ᠳᠤ ᠪᠥᠬᠦ ᠬᠤᠲᠠ ᠶᠢᠨ ᠨᠢᠭᠡᠳᠦᠭᠡᠷ ᠲᠤ ᠣᠷᠣᠬᠤ ᠪᠠᠷ ᠴᠢᠷᠮᠠᠶᠢᠨ᠎ᠠ᠃ ᠬᠥᠬᠡ ᠡᠷᠭᠢ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢ ᠥᠷᠭᠡᠳᠬᠡᠨ ᠪᠠᠶᠢᠭᠤᠯᠬᠤ ᠪᠠ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠰᠢᠨ᠎ᠡ ᠪᠠᠷ ᠪᠠᠶᠢᠭᠤᠯᠬᠤ ᠢᠨᠵᠧᠨᠧᠷᠢᠩ ᠢ ᠡᠬᠢᠯᠡᠭᠦᠯᠵᠦ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢᠨ ᠬᠠᠮᠢᠶᠠᠷᠤᠯᠲᠠ ᠪᠠ ᠤᠰᠤᠨ ᠳᠤ ᠬᠤᠯᠪᠣᠭᠳᠠᠬᠤ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠭᠲᠣᠯᠣᠭᠠᠰᠤ ᠶᠢᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ 6 ᠭᠠᠵᠠᠷ ᠤᠨ ᠬᠥᠷᠥᠰᠥ ᠰᠢᠷᠣᠢ ᠶᠢ ᠨᠠᠷᠢᠨ ᠪᠠᠶᠢᠴᠠᠭᠠᠬᠤ ᠵᠢᠴᠢ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠠᠶᠤᠯᠲᠠᠢ ᠬᠠᠶᠠᠭᠳᠠᠮᠠᠯ ᠪᠣᠳᠠᠰ᠂ ᠬᠦᠨᠳᠦ ᠲᠡᠮᠦᠷᠯᠢᠭ ᠤᠨ ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠪᠠ ᠡᠮᠴᠢᠯᠡᠭᠡᠨ ᠤ ᠬᠠᠶᠠᠭᠳᠠᠮᠠᠯ ᠪᠣᠳᠠᠰ ᠢ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ︽ᠬᠠᠶᠠᠭᠳᠠᠮᠠᠯ ᠪᠣᠳᠠᠰ ᠦᠭᠡᠢ ᠬᠤᠲᠠ︾ ᠶᠢ ᠪᠣᠶ ᠪᠣᠯᠭᠠᠨ᠎ᠠ᠃      ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠢᠳᠡᠪᠬᠢᠲᠡᠢ ᠠᠬᠢᠭᠤᠯᠤᠨ᠎ᠠ᠃ ︽ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠴᠢᠩᠭ᠎ᠠ ᠬᠢᠵᠠᠭᠠᠷᠯᠠᠵᠤ᠂ ᠶᠡᠷᠦᠩᠬᠡᠢ ᠬᠡᠮᠵᠢᠶ᠎ᠡ ᠶᠢ ᠬᠠᠷᠢᠮᠠᠬᠠᠢ ᠴᠢᠨᠠᠷᠲᠠᠢ ᠬᠠᠮᠢᠶᠠᠷᠬᠤ︾ ᠶᠢ ᠬᠡᠷᠡᠭᠵᠢᠭᠦᠯᠵᠦ᠂ ᠬᠤᠲᠠ ᠶᠢᠨ ᠪᠠᠭᠤᠯᠭᠠᠭᠰᠠᠨ ᠨᠢᠭᠡᠴᠢ ᠶᠢᠨ GDP ᠶᠢᠨ ᠡᠨᠧᠷᠭᠢ ᠶᠢᠨ ᠬᠤᠷᠣᠭᠳᠠᠯ ᠪᠠᠭᠤᠷᠠᠭᠤᠯᠬᠤ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠵᠡᠷᠭᠡ ᠬᠦᠷᠢᠶᠡᠨ ᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠷᠭᠡᠳᠬᠡᠵᠦ᠂ ᠬᠤᠩ ᠳ᠋ᠠ ᠠᠭᠤᠷᠬᠠᠢ ᠶᠢᠨ ᠦᠢᠯᠡᠰ᠂ ᡁᠢ ᠴᠧᠩ ᠠᠭᠤᠷᠬᠠᠢ ᠶᠢᠨ ᠦᠢᠯᠡᠰ ᠤᠨ ᠬᠦᠳᠡᠷ ᠰᠣᠩᠭᠤᠬᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠵᠡᠷᠭᠡ 7 ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠦᠷᠦᠯ ᠵᠦᠢᠯ ᠢ ᠬᠡᠷᠡᠭᠵᠢᠭᠦᠯᠵᠦ᠂ ᠣᠶᠤᠨᠲᠤ ᠵᠠᠮ ᠬᠠᠷᠢᠯᠴᠠᠭᠠᠨ ᠤ ᠲᠣᠭᠠᠴᠢᠯᠠᠭᠰᠠᠨ ᠠᠵᠤ ᠠᠬᠤᠢ ᠶᠢᠨ ᠲᠦᠷᠦᠯ ᠵᠦᠢᠯ ᠤᠨ ᠭᠡᠷ᠎ᠡ ᠲᠣᠭᠲᠠᠬᠤ᠂ ᠪᠦᠲᠦᠭᠡᠨ ᠪᠠᠶᠢᠭᠤᠯᠬᠤ ᠶᠢ ᠠᠬᠢᠭᠤᠯᠵᠤ᠂ ᠬᠠᠭᠤᠴᠢᠨ ᠬᠤᠷᠢᠶᠠᠯᠠᠯ ᠲᠣᠭᠤᠷᠢᠭ ᠪᠣᠯᠣᠨ ᠰᠢᠨ᠎ᠡ ᠪᠠᠷ ᠪᠠᠶᠢᠭᠤᠯᠤᠭᠰᠠᠨ ᠬᠤᠷᠢᠶᠠᠯᠠᠯ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠮᠠᠲ᠋ᠧᠷᠢᠶᠠᠯ ᠢᠶᠠᠷ ᠣᠷᠣᠯᠠᠭᠤᠯᠬᠤ ᠶᠢ ᠠᠬᠢᠭᠤᠯᠤᠨ᠎ᠠ᠃ ᠣᠶ ᠰᠢᠭᠤᠢ ᠡᠪᠡᠰᠦ ᠪᠡᠯᠴᠢᠭᠡᠷ ᠤᠨ ᠲᠠᠷᠢᠶᠠᠯᠠᠩ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠢᠯ ᠤᠨ ᠳᠣᠲᠣᠷᠠᠬᠢ ᠠᠩᠬᠠᠨ ᠤ ᠠᠷᠠᠯᠵᠢᠶ᠎ᠠ ᠶᠢ ᠪᠡᠶᠡᠯᠡᠭᠦᠯᠬᠦ ᠪᠠᠷ ᠴᠢᠷᠮᠠᠶᠢᠨ᠎ᠠ᠃      ︵ᠲᠠᠪᠤ︶ ᠪᠦᠬᠦ ᠬᠦᠴᠦᠨ ᠢᠶᠠᠷ ᠢᠶᠠᠨ ᠰᠠᠭᠤᠷᠢ ᠶᠢ ᠴᠢᠩᠭᠠᠳᠬᠠᠵᠤ᠂ ᠠᠭᠤᠯᠤᠭᠳᠠᠬᠤᠨ ᠢ ᠳᠡᠭᠡᠭᠰᠢᠯᠡᠭᠦᠯᠵᠦ᠂ ᠬᠤᠲᠠ ᠪᠠᠯᠭᠠᠰᠤᠨ ᠤ ᠴᠢᠨᠠᠷ ᠳᠡᠰ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ      ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠦᠨ᠎ᠡ᠃ ᠬᠤᠲᠠ ᠶᠢᠨ ᠰᠢᠨᠡᠴᠢᠯᠡᠵᠦ ᠥᠭᠡᠷᠡᠴᠢᠯᠡᠨ ᠳᠡᠭᠡᠭᠰᠢᠯᠡᠭᠦᠯᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ 13 ᠬᠠᠭᠤᠴᠢᠨ ᠬᠤᠷᠢᠶᠠᠯᠠᠯ ᠤᠨ ᠥᠭᠡᠷᠡᠴᠢᠯᠡᠯᠲᠡ ᠪᠠ 8 ᠬᠤᠷᠢᠶᠠᠯᠠᠯ ᠤᠨ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠦᠨ᠎ᠡ᠃ ᠵᠢᠨᠱᠠᠨ ᠶᠡᠭᠡ ᠵᠡᠭᠡᠯᠢ᠂ ᠴᠡᠴᠡᠷᠯᠢᠭ ᠤᠨ ᠵᠠᠮ ᠵᠡᠷᠭᠡ 5 ᠵᠤᠷᠪᠤᠰ ᠵᠠᠮ ᠢ ᠰᠢᠨ᠎ᠡ ᠪᠠᠷ ᠪᠠᠶᠢᠭᠤᠯᠵᠤ᠂ ᠵᠢᠶᠠᠨ ᠺᠠᠩ ᠵᠡᠭᠡᠯᠢ ᠶᠢᠨ ᠪᠠᠷᠠᠭᠤᠨ ᠲᠠᠯ᠎ᠠ᠂ ᠯᠦᠩ ᠹᠧᠩ ᠵᠠᠮ ᠤᠨ ᠡᠮᠦᠨᠡᠬᠢ ᠬᠤᠶᠠᠷ ︽ᠮᠤᠬᠤᠷ ᠵᠠᠮ︾ ᠢ ᠨᠠᠪᠲᠠᠷᠡᠭᠦᠯᠵᠦ᠂ ᠤᠯᠠᠨ ᠲᠦᠮᠡᠨ ᠤ ᠶᠠᠪᠤᠵᠤ ᠰᠠᠭᠤᠬᠤ ᠳᠤ ᠨᠡᠩ ᠳᠥᠭᠦᠮ ᠳᠥᠲᠡ ᠪᠣᠯᠭᠠᠨ᠎ᠠ᠃ ᠵᠡᠭᠦᠨ ᠪᠠᠷᠠᠭᠤᠨ ᠨᠢᠷᠤᠭᠤ ᠶᠢᠨ ᠵᠠᠯᠭᠠᠯᠳᠤᠭᠰᠠᠨ ᠣᠷᠣᠨ ᠤ ᠤᠰᠤ ᠬᠠᠩᠭᠠᠬᠤ ᠬᠤᠭᠤᠯᠠᠢ ᠶᠢᠨ ᠲᠣᠣᠷ ᠢ 4.5 ᠺᠢᠯᠣᠮᠧᠲᠷ ᠥᠭᠡᠷᠡᠴᠢᠯᠡᠵᠦ᠂ ᠬᠤᠲᠠ ᠪᠠᠯᠭᠠᠰᠤ ᠶᠢᠨ ᠤᠰᠤ ᠬᠠᠩᠭᠠᠬᠤ ᠭᠤᠭᠤᠵᠢᠬᠤ ᠠᠰᠠᠭᠤᠳᠠᠯ ᠢ ᠰᠢᠢᠳᠪᠦᠷᠢᠯᠡᠨ᠎ᠡ᠃ ᠪᠸᠢ ᠳ᠋ᠠ ᠵᠡᠭᠡᠯᠢ᠂ ᠦ᠋ ᠵᠥᠩ ᠬᠤᠶᠢᠲᠤ ᠵᠡᠭᠡᠯᠢ᠂ ᠹᠧᠩ ᠨᠢᠩ ᠭᠤᠳᠤᠮᠵᠢ᠂ ᠶᠦᠩ ᠺᠠᠩ ᠭᠤᠳᠤᠮᠵᠢ ᠵᠡᠷᠭᠡ 13 ᠵᠢᠵᠢᠭ ᠵᠡᠭᠡᠯᠢ ᠭᠤᠳᠤᠮᠵᠢ ᠶᠢᠨ ᠪᠣᠷᠣᠭᠠᠨ ᠤ ᠤᠰᠤ ᠪᠠ ᠪᠣᠬᠢᠷᠲᠤᠯ ᠢ ᠰᠠᠯᠭᠠᠨ ᠲᠣᠬᠢᠷᠠᠭᠤᠯᠬᠤ ᠥᠭᠡᠷᠡᠴᠢᠯᠡᠯᠲᠡ ᠶᠢ ᠠᠬᠢᠭᠤᠯᠵᠤ᠂ ᠾᠧ ᠲᠠᠢ ᠵᠡᠭᠦᠨ ᠪᠠᠷᠠᠭᠤᠨ ᠲᠣᠭᠤᠷᠢᠭ᠂ ᠳ᠋ᠢ ᠶᠢᠨ ᠴᠧᠩ ᠭᠤᠷᠪᠠᠳᠤᠭᠠᠷ ᠬᠤᠭᠤᠴᠠᠭ᠎ᠠ ᠵᠡᠷᠭᠡ 5 ᠬᠤᠷᠢᠶᠠᠯᠠᠯ ᠤᠨ 800 ᠡᠷᠦᠬᠡ ᠰᠠᠭᠤᠭᠠᠯᠢ ᠠᠷᠠᠳ ᠲᠤ ᠪᠠᠶᠢᠭᠠᠯᠢ ᠶᠢᠨ ᠰᠢᠲᠠᠮᠠᠬᠠᠢ ᠬᠡᠢ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠤᠮᠠᠷᠠᠲᠤ ᠸᠧᠢ ᠤᠯᠤᠰ ᠤᠨ ᠰᠣᠶᠣᠯ ᠤᠨ ᠠᠮᠢ ᠠᠬᠤᠢ ᠶᠢᠨ ᠬᠦᠷᠢᠶᠡᠯᠡᠩ ᠤᠨ ᠬᠠᠷᠢᠶᠠᠲᠤ ᠬᠤᠭᠤᠯᠠᠢ ᠶᠢᠨ ᠲᠣᠣᠷ ᠤᠨ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ ᠵᠢᠷᠤᠵᠤ ᠲᠥᠯᠥᠪᠯᠡᠬᠦ ᠶᠢᠨ ᠬᠠᠮᠲᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃      ︽ᠳᠤᠯᠠᠭᠠᠯᠠᠭ᠎ᠠ ᠶᠢᠨ ᠢᠨᠵᠧᠨᠧᠷᠢᠩ︾ ᠢ ᠬᠡᠷᠡᠭᠵᠢᠭᠦᠯᠦᠨ᠎ᠡ᠃ ᠬᠤᠲᠠ ᠶᠢᠨ ᠲᠣᠭᠤᠷᠢᠭ ᠤᠨ ᠢᠯᠴᠢ ᠬᠠᠩᠭᠠᠬᠤ ᠪᠠ ᠬᠥᠳᠡᠭᠡ ᠲᠣᠰᠬᠤᠨ ᠤ ᠳᠤᠯᠠᠭᠠᠯᠠᠭ᠎ᠠ ᠶᠢᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠬᠤᠭᠤᠯᠠᠢ ᠶᠢᠨ ᠲᠣᠣᠷ ᠢ ᠥᠭᠡᠷᠡᠴᠢᠯᠡᠬᠦ ᠲᠥᠷᠥᠯ ᠵᠦᠢᠯ ᠤᠨ ᠪᠡᠯᠡ ᠮᠥᠩᠭᠦ ᠶᠢ ᠢᠳᠡᠪᠬᠢᠲᠡᠢ ᠴᠢᠷᠮᠠᠶᠢᠨ ᠣᠯᠵᠤ᠂ ᠠᠷᠭ᠎ᠠ ᠪᠦᠬᠦᠨ ᠢ ᠰᠦᠪᠡᠭᠴᠢᠯᠡᠨ ᠣᠷᠣᠭᠤᠯᠤᠯᠲᠠ ᠪᠠᠨ ᠨᠡᠮᠡᠭᠳᠡᠭᠦᠯᠦᠨ᠂ ᠣᠯᠠᠨ ᠲᠦᠮᠡᠨ ᠤ ᠲᠤᠰᠬᠠᠯ ᠶᠡᠬᠡᠲᠡᠢ ᠳᠤᠯᠠᠭᠠᠯᠠᠭ᠎ᠠ ᠶᠢᠨ ᠠᠰᠠᠭᠤᠳᠠᠯ ᠢ ᠴᠢᠬᠤᠯᠠ ᠶᠠᠪᠤᠳᠠᠯ ᠪᠣᠯᠭᠠᠨ ᠲᠤᠶᠢᠯᠪᠤᠷᠢᠲᠠᠢ ᠰᠢᠢᠳᠪᠦᠷᠢᠯᠡᠨ᠎ᠡ᠃ ︽ᠳᠤᠯᠠᠭᠠᠯᠠᠭ᠎ᠠ ᠶᠢᠨ ᠢᠨᠵᠧᠨᠧᠷᠢᠩ︾ ᠤᠨ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠭᠤᠷᠪᠠ᠂ ᠳᠥᠷᠪᠡᠨ ᠢᠯᠴᠢ ᠶᠢᠨ ᠰᠤᠷᠪᠤᠯᠵᠢ ᠶᠢᠨ ᠦᠢᠯᠡᠳᠪᠦᠷᠢ ᠶᠢᠨ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠢᠨᠵᠧᠨᠧᠷᠢᠩ ᠢ ᠬᠡᠷᠡᠭᠵᠢᠭᠦᠯᠵᠦ᠂ ᠪᠥᠬᠦ ᠰᠢᠶᠠᠨ ᠤ ︽ᠣᠯᠠᠨ ᠰᠤᠷᠪᠤᠯᠵᠢ ᠨᠢᠭᠡ ᠲᠣᠣᠷ︾ ᠤᠨ ᠢᠯᠴᠢ ᠶᠢᠨ ᠰᠤᠷᠪᠤᠯᠵᠢ ᠶᠢᠨ ᠬᠠᠩᠭᠠᠯᠭ᠎ᠠ ᠶᠢᠨ ᠰᠢᠰᠲ᠋ᠧᠮ ᠢ ᠪᠦᠷᠢᠯᠳᠦᠭᠦᠯᠦᠨ᠎ᠡ᠃ ᠪᠣᠶ ᠪᠦᠬᠦᠢ ᠢᠯᠴᠢ ᠬᠠᠩᠭᠠᠬᠤ ᠬᠤᠭᠤᠯᠠᠢ ᠶᠢᠨ ᠲᠣᠣᠷ᠂ ᠢᠯᠴᠢ ᠰᠣᠯᠢᠯᠴᠠᠬᠤ ᠥᠷᠲᠡᠭᠡ᠂ ᠬᠠᠯᠠᠭᠤᠨ ᠤᠰᠤᠨ ᠤ ᠭᠦᠸᠧᠯᠦ ᠶᠢ ᠵᠢᠭᠰᠠᠭᠠᠨ ᠪᠠᠶᠢᠴᠠᠭᠠᠵᠤ᠂ ᠭᠤᠭᠤᠵᠢᠬᠤ ᠳᠠᠯᠳᠠ ᠬᠡᠮ ᠣᠷᠣᠰᠢᠵᠤ ᠪᠠᠶᠢᠭ᠎ᠠ ᠪᠠ ᠢᠯᠴᠢ ᠶᠢᠨ ᠬᠤᠬᠢᠷᠠᠯ ᠤᠨ ᠶᠡᠭᠡ ᠬᠤᠭᠤᠯᠠᠢ ᠶᠢᠨ ᠲᠣᠣᠷ ᠢ ᠪᠥᠬᠦ ᠲᠠᠯ᠎ᠠ ᠪᠠᠷ ᠰᠢᠨᠡᠳᠬᠡᠨ ᠥᠭᠡᠷᠡᠴᠢᠯᠡᠵᠦ᠂ ᠳᠠᠬᠢᠨ ᠳᠠᠪᠲᠠᠨ ᠵᠠᠪᠳᠤᠨ ᠵᠠᠰᠠᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠎ᠡ᠃ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠪᠡᠯᠡᠳᠬᠡᠯ ᠲᠥᠰᠥᠯ ᠢ ᠲᠣᠭᠲᠠᠭᠠᠵᠤ᠂ ᠢᠯᠴᠢ ᠬᠠᠩᠭᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠪᠠᠶᠢᠭᠤᠯᠤᠨ᠂ ᠢᠯᠴᠢ ᠬᠠᠩᠭᠠᠬᠤ ᠶᠠᠰᠤ ᠴᠢᠨᠠᠷ ᠤᠨ ᠠᠰᠠᠭᠤᠳᠠᠯ ᠢ ᠬᠠᠮᠤᠭ ᠤᠨ ᠲᠡᠷᠢᠭᠦᠨ ᠳᠤ ᠰᠢᠢᠳᠪᠦᠷᠢᠯᠡᠵᠦ᠂ ᠳᠤᠯᠠᠭᠠᠯᠠᠭ᠎ᠠ ᠬᠠᠩᠭᠠᠬᠤ ᠬᠠᠩᠭᠠᠯᠭ᠎ᠠ ᠶᠢ ᠡᠷᠡᠰ ᠰᠠᠶᠢᠲᠤᠷ ᠬᠠᠩᠭᠠᠵᠤ᠂ ᠤᠯᠠᠨ ᠲᠦᠮᠡᠨ ᠢ ᠶᠠᠭᠠᠬᠢᠭᠰᠠᠨ ᠴᠤ ᠵᠣᠪᠠᠭᠠᠵᠤ ᠪᠣᠯᠬᠤ ᠦᠭᠡᠢ᠃      ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠬᠤᠲᠠ ᠶᠢᠨ ᠳᠦᠷᠰᠦ ᠪᠠᠶᠢᠳᠠᠯ ᠢ ᠴᠡᠪᠡᠷ ᠲᠡᠭᠰᠢ ᠡᠮᠬᠢ ᠵᠢᠷᠤᠮ ᠲᠠᠢ ᠪᠠᠶᠢᠯᠭᠠᠬᠤ᠂ ᠬᠤᠲᠠ ᠶᠢᠨ ᠡᠮᠬᠢ ᠳᠢᠭᠯᠢᠮ ᠢ ᠰᠢᠯᠢᠳᠡᠭᠵᠢᠭᠦᠯᠦᠨ ᠳᠡᠭᠡᠭᠰᠢᠯᠡᠭᠦᠯᠬᠦ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠨᠡᠮᠡᠭᠳᠡᠯ ᠤᠨ ᠬᠡᠮᠵᠢᠶ᠎ᠡ ᠶᠠᠰᠤ ᠴᠢᠨᠠᠷ ᠢ ᠳᠡᠭᠡᠭᠰᠢᠯᠡᠭᠦᠯᠬᠦ᠂ ᠬᠤᠲᠠ ᠶᠢᠨ ᠬᠠᠮᠢᠶᠠᠷᠤᠯᠲᠠ ᠶᠢ ᠨᠠᠷᠢᠯᠢᠭ ᠪᠥᠭᠡᠳ ᠵᠢᠷᠤᠮᠵᠢᠭᠤᠯᠬᠤ ᠶᠢ ᠦᠷᠭᠦᠯᠵᠢᠯᠡᠨ ᠠᠬᠢᠭᠤᠯᠵᠤ᠂ ᠬᠤᠲᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠮᠵᠢ ᠪᠠ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠥᠬᠡ ᠡᠷᠭᠢ ᠪᠠᠯᠭᠠᠰᠤᠨ ᠤ ᠴᠡᠴᠡᠷᠯᠢᠭ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠨᠡᠶᠢᠲᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ᠂ ᠬᠤᠲᠠ ᠶᠢᠨ ᠲᠣᠭᠤᠷᠢᠭ ᠤᠨ ᠵᠠᠮ ᠤᠨ ᠳ᠋ᠧᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠵᠡᠷᠭᠡ ᠲᠥᠷᠥᠯ ᠵᠦᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ︽ᠴᠡᠪᠡᠷ ᠴᠡᠮᠴᠡᠭᠡᠷ᠂ ᠡᠮᠬᠢ ᠵᠢᠷᠤᠮ ᠲᠠᠢ᠂ ᠪᠣᠬᠢᠷᠲᠤᠯ ᠦᠭᠡᠢ᠂ ᠠᠮᠤᠷ ᠲᠦᠪᠰᠢᠨ︾ ᠬᠤᠲᠠ ᠶᠢᠨ ᠣᠷᠴᠢᠨ ᠲᠣᠭᠤᠷᠢᠨ ᠢ ᠪᠣᠶ ᠪᠣᠯᠭᠠᠨ᠎ᠠ᠃      ︵ᠵᠢᠷᠭᠤᠭ᠎ᠠ︶ ᠪᠦᠬᠦ ᠬᠦᠴᠦᠨ ᠢᠶᠠᠷ ᠢᠶᠠᠨ ᠥᠭᠡᠷᠡᠴᠢᠯᠡᠯᠲᠡ ᠶᠢ ᠠᠬᠢᠭᠤᠯᠵᠤ ᠣᠷᠴᠢᠨ ᠠᠬᠤᠢ ᠶᠢ ᠰᠢᠯᠢᠳᠡᠭᠵᠢᠭᠦᠯᠵᠦ᠂ ᠬᠥᠭᠵᠢᠯᠲᠡ ᠶᠢ ᠲᠦᠷᠭᠡᠳᠬᠡᠬᠦ ᠲᠠᠯ᠎ᠠ ᠪᠠᠷ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ      ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠤᠨ᠎ᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ᠪᠦᠰᠡᠯᠡᠯᠲᠡ ᠶᠢ ᠰᠢᠪᠲᠤᠯᠬᠤ︾ ᠲᠤᠬᠠᠢ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠴᠢᠨᠠᠷᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠤᠨ᠂ ᠠᠰᠢᠭ ᠣᠯᠵᠠᠪᠤᠷᠢ ᠶᠢᠨ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠷᠬᠡ ᠲᠡᠭᠰᠢ ᠪᠠᠷ ᠬᠥᠭᠵᠢᠬᠦ ᠣᠷᠴᠢᠨ ᠨᠥᠬᠦᠴᠡᠯ ᠢ ᠪᠣᠶ ᠪᠣᠯᠭᠠᠵᠤ᠂ ︽ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠠᠵᠤ ᠠᠬᠤᠶᠢᠯᠠᠯ ᠪᠣᠯᠵᠤ ᠬᠤᠪᠢᠷᠠᠬᠤ︾᠂ ︽ᠵᠢᠵᠢᠭ ᠪᠢᠴᠢᠯ ᠠᠴᠠ ᠬᠡᠪᠴᠢᠶᠡᠵᠢᠯ ᠠᠴᠠ ᠳᠡᠭᠡᠭᠰᠢᠬᠢ ᠳᠤ ᠳᠡᠪᠰᠢᠭᠦᠯᠬᠦ︾ ᠶᠢ ᠦᠷᠭᠦᠯᠵᠢᠯᠡᠨ ᠠᠬᠢᠭᠤᠯᠤᠨ᠎ᠠ᠃ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠢᠭᠡ ᠰᠢᠶᠠᠨ ᠨᠢᠭᠡ ᠭᠠᠵᠠᠷ︾ ᠢ ᠡᠭᠦᠳᠦᠨ ᠪᠠᠶᠢᠭᠤᠯᠬᠤ ᠠᠯᠬᠤᠴᠠ ᠶᠢ ᠲᠦᠷᠭᠡᠳᠬᠡᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ᠂ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠲᠥᠷᠥᠯ ᠬᠤᠪᠢᠶᠠᠨ ᠬᠠᠮᠢᠶᠠᠷᠬᠤ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠭᠠᠵᠠᠷ ᠰᠢᠷᠣᠢ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠡᠯ ᠹᠧᠨ ᠽᠢ ᠰᠢᠶᠠᠩ ᠤᠨ ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠶᠢ ᠲᠣᠯᠣᠭᠠᠳ ᠳᠠᠬᠢᠨ 30 ᠵᠢᠯ ᠤᠷᠲᠤᠳᠬᠠᠬᠤ ᠲᠤᠷᠰᠢᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃      ᠨᠡᠩ ᠰᠢᠯᠢᠳᠡᠭ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠪᠤᠢ ᠪᠣᠯᠭᠠᠨ᠎ᠠ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾ ᠢ ᠶᠡᠬᠡᠪᠡᠷ ᠥᠷᠨᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠢᠲᠡᠭᠡᠮᠵᠢ ᠲᠠᠢ ᠪᠠᠶᠢᠬᠤ ᠶᠢ ᠬᠠᠮᠲᠤᠷᠠᠨ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠳᠦᠷᠢᠮ ᠢ ᠪᠦᠷᠢᠨᠰᠢᠭᠦᠯᠦᠨ᠂ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ ᠵᠥᠪ ᠲᠠᠯ᠎ᠠ ᠶᠢᠨ ᠳᠦᠷᠢ ᠲᠥᠷᠬᠦ ᠶᠢ ᠳᠠᠬᠢᠨ ᠪᠠᠶᠢᠭᠤᠯᠤᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠤᠶᠠᠷ  ᠢ ᠰᠤᠭᠤᠴᠢᠵᠤ ᠨᠢᠭᠡ ᠶᠢ ᠢᠯᠡ ᠪᠤᠯᠭᠠᠬᠤ︾ ᠬᠤᠯᠪᠤᠭᠠᠯᠠᠨ ᠬᠢᠨᠠᠨ ᠬᠠᠮᠢᠶᠠᠷᠬᠤ᠂ ︽ᠢᠨᠲ᠋ᠧᠷ ᠰᠦᠯᠵᠢᠶ᠎ᠡ ᠪᠠᠷ ᠬᠢᠨᠠᠨ ᠬᠠᠮᠢᠶᠠᠷᠬᠤ︾ ᠪᠠ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠡᠷᠬᠡ ᠲᠡᠭᠰᠢ ᠲᠥᠪ ᠭᠤᠤᠯᠴᠢ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠢ ᠪᠣᠯᠭᠠᠨ᠎ᠠ᠃ ︽ᠠᠵᠤ ᠠᠬᠤᠶᠢᠯᠠᠯ ᠠᠵᠢᠯ ᠶᠠᠪᠤᠳᠠᠯ ᠰᠢᠢᠳᠪᠦᠷᠢᠯᠡᠬᠦ ᠳᠤ ᠵᠣᠪᠠᠨᠢᠯ ᠦᠭᠡᠢ᠂ ᠵᠠᠰᠠᠭ ᠤᠨ ᠣᠷᠳᠣᠨ ᠶᠠᠪᠤᠳᠠᠯ ᠦᠭᠡᠢ ᠪᠣᠯ ᠨᠥᠯᠥᠭᠡᠯᠡᠬᠦ ᠦᠭᠡᠢ︾ ᠪᠠᠶᠢᠬᠤ ᠵᠠᠷᠴᠢᠮ ᠢ ᠪᠠᠷᠢᠮᠲᠠᠯᠠᠵᠤ᠂ ᠠᠵᠤ ᠠᠬᠤᠶᠢᠯᠠᠯ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠴᠢᠩᠭᠠᠳᠬᠠᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ᠂ ᠴᠢᠨᠠᠷ ᠰᠠᠶᠢᠲᠠᠢ ᠦᠢᠯᠡᠴᠢᠯᠡᠭᠡ ᠪᠠᠷ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠨᠡᠮᠡᠭᠳᠡᠭᠦᠯᠦᠨ᠎ᠡ᠃ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃      ︵ᠳᠤᠯᠤᠭ᠎ᠠ︶ ᠪᠦᠬᠦ ᠬᠦᠴᠦᠨ ᠢᠶᠠᠷ ᠢᠶᠠᠨ ᠠᠶᠤᠯ ᠲᠦᠭᠰᠢᠭᠦᠷᠢ ᠶᠢ ᠰᠡᠷᠭᠡᠶᠢᠯᠡᠨ᠂ ᠠᠮᠤᠷ ᠲᠦᠪᠰᠢᠨ ᠢ ᠪᠠᠲᠤᠯᠠᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠣᠨ᠎ᠠ      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠬᠤ ᠶᠢ ᠪᠠᠷᠢᠮᠲᠠᠯᠠᠵᠤ᠂ ᠪᠠᠶᠢᠩᠭᠤᠵᠢᠭᠤᠯᠤᠨ ᠳᠦᠷᠢᠮᠵᠢᠭᠦᠯᠵᠦ ᠴᠥᠬᠦᠷᠡᠰᠢ ᠦᠭᠡᠢ ᠪᠠᠶᠢᠩᠭᠤ ᠠᠳᠬᠤᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠤᠨ᠎ᠠ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠪᠣᠯᠣᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠬᠤᠶᠠᠷ ᠢ ᠬᠦᠷᠢᠶᠡᠯᠡᠵᠦ ᠬᠠᠮᠲᠤᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠰᠢᠰᠲ᠋ᠧᠮᠵᠢ ᠪᠠ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠬᠦ ᠵᠢᠱᠢᠶᠡᠴᠢ ᠰᠢᠶᠠᠨ ᠢ ᠠᠮᠵᠢᠯᠲᠠ ᠲᠠᠢ ᠪᠠᠶᠢᠭᠤᠯᠤᠨ᠎ᠠ᠃      ᠡᠳ᠋ ᠤᠨ ᠵᠠᠰᠠᠭ ᠤᠨ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠦᠨᠡᠯᠡᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠥᠷᠢ ᠲᠠᠯᠪᠢᠬᠤ ᠪᠣᠭᠤᠮᠲᠠ ᠶᠢ ᠰᠠᠶᠢᠲᠤᠷ ᠠᠳᠬᠤᠨ᠂ ᠵᠠᠰᠠᠭ ᠤᠨ ᠣᠷᠳᠣᠨ ᠤ ᠴᠢᠨᠠᠷᠲᠠᠢ ᠥᠷᠢ ᠥᠭᠴᠡᠭᠡ ᠶᠢᠨ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠥᠷᠢ ᠲᠥᠯᠥᠬᠦ ᠡᠳ᠋ ᠤᠨ ᠬᠦᠴᠦᠨ ᠢ ᠪᠠᠲᠤᠳᠬᠠᠨ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠲᠥᠰᠥᠪ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠴᠢᠬᠤᠯᠠ ᠶᠡᠭᠡ ᠡᠭᠦᠷᠭᠡ ᠪᠠ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠪᠠᠲᠤᠯᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠨ᠎ᠠ᠃ ᠤᠯᠤᠰ ᠤᠨ ᠥᠮᠴᠢᠯᠡᠯᠲᠦ ᠰᠤᠯᠠ ᠪᠠᠶᠢᠬᠤ ᠡᠳ᠋ ᠬᠥᠷᠥᠩᠭᠡ ᠶᠢ ᠪᠡᠯᠡᠨ ᠵᠣᠭᠤᠰ ᠪᠣᠯᠭᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠪᠡᠯᠡ ᠮᠥᠩᠭᠦ ᠶᠢ ᠢᠳᠡᠪᠬᠢᠲᠡᠢ ᠪᠠᠷ ᠴᠤᠭᠯᠠᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠨᠠᠮᠳᠠᠭᠤᠯᠤᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠠᠮᠲᠤᠷᠠᠨ ᠬᠠᠤᠯᠢ ᠬᠡᠷᠡᠭᠵᠢᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠦᠢᠯᠡᠰ ᠤᠨ ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠠᠵᠢᠯ  ᠢ ᠦᠨᠡᠨᠬᠦ ᠲᠦᠷᠭᠡᠳᠬᠡᠵᠦ᠂ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠡᠭᠦᠷᠭᠡ ᠶᠢ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ 50% ᠠᠴᠠ ᠳᠡᠭᠡᠭᠰᠢᠬᠢ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃      ᠠᠶᠤᠯᠭᠦᠢ ᠦᠢᠯᠡᠳᠪᠦᠷᠢᠯᠡᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠠᠷᠪᠠᠨ ᠲᠠᠪᠤᠨ ᠵᠦᠢᠯ ᠤᠨ ᠠᠷᠭ᠎ᠠ ᠬᠡᠮᠵᠢᠶ᠎ᠡ ᠪᠠ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ᠂ ᠨᠡᠭᠦᠷᠡᠰᠦᠨ ᠤ ᠪᠤᠰᠤ ᠠᠭᠤᠷᠬᠠᠢ᠂ ᠠᠶᠤᠯᠲᠠᠢ ᠬᠢᠮᠢ ᠶᠢᠨ ᠪᠣᠳᠠᠰ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠣᠳᠠᠲᠤ ᠪᠠᠶᠢᠯᠳᠤᠭᠠᠨ ᠤ ᠰᠣᠷᠢᠯᠲᠠ᠂ ᠰᠢᠷᠡᠭᠡᠨ ᠳᠡᠭᠡᠷᠡᠬᠢ ᠰᠣᠷᠢᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠢ ᠭᠦᠢᠴᠡᠳ ᠲᠣᠬᠢᠷᠠᠭᠤᠯᠵᠤ᠂ ᠤᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠠᠵᠠᠷ ᠬᠥᠳᠡᠯᠦᠯᠲᠡ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ᠂ ᠣᠨᠴᠠᠭᠠᠶ ᠴᠠᠭ ᠠᠭᠤᠷ ᠢ ᠠᠷᠭᠠᠴᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠨ᠎ᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠢᠳᠡᠭᠡᠨ ᠤ ᠠᠮᠤᠷ ᠲᠦᠪᠰᠢᠨ ᠤ ᠳᠠᠭᠠᠭᠠᠴᠢᠯᠠᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠠᠷᠠᠳ ᠣᠯᠠᠨ ᠤ ᠢᠳᠡᠭᠡᠨ ᠤᠮᠳᠠᠭᠠᠨ ᠪᠠ ᠡᠮ ᠤᠨ ᠵᠦᠢᠯ ᠤᠨ ᠠᠮᠤᠷ ᠲᠦᠪᠰᠢᠨ ᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠰᠢᠶᠠᠨ ᠢ ᠢᠳᠡᠪᠬᠢᠲᠡᠢ ᠪᠠᠷ ᠡᠭᠦᠳᠦᠨ ᠪᠠᠶᠢᠭᠤᠯᠤᠨ᠎ᠠ᠃      ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠳᠦᠷᠢᠮ ᠢ ᠪᠦᠬᠦ ᠲᠠᠯ᠎ᠠ ᠪᠠᠷ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠦᠨᠡᠨᠬᠦ ᠦᠨᠳᠦᠰᠦᠨ ᠱᠠᠲᠤᠨ ᠳᠤ ᠠᠷᠢᠯᠭᠠᠵᠤ᠂ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠨ᠎ᠠ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠪᠠ ︽ᠭᠡᠭᠡᠨ ᠲᠤᠩᠭᠠᠯᠠᠭ ᠢᠨᠵᠧᠨᠧᠷᠢᠩ︾ ᠤᠨ ᠪᠠᠶᠢᠭᠤᠯᠤᠯᠲᠠ ᠶᠢ ᠲᠦᠷᠭᠡᠳᠬᠡᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢᠶᠠᠨ ᠨᠡᠩ ᠰᠠᠶᠢᠲᠤᠷ ᠪᠠᠳᠠᠷᠠᠭᠤᠯᠬᠤ ᠶᠢ ᠳᠡᠮᠵᠢᠨ᠎ᠡ᠃ ︽12345︾ ᠬᠠᠯᠠᠮᠰᠢᠯ ᠤᠲᠠᠰᠤ ᠪᠠᠷ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠠᠩᠬᠠᠷᠤᠯ ᠳᠤ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠬᠠᠷᠢᠭᠤᠯᠲᠠ ᠥᠭᠭᠦᠨ᠎ᠡ᠃    ︵ᠨᠠᠢᠮᠠ︶ ᠪᠦᠬᠦ ᠬᠦᠴᠦᠨ ᠢᠶᠠᠷ ᠢᠶᠠᠨ ᠠᠵᠠ ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠨᠡᠶᠢᠭᠡᠮ ᠤᠨ ᠦᠢᠯᠡᠰ ᠢ ᠠᠬᠢᠭᠤᠯᠬᠤ ᠲᠠᠯ᠎ᠠ ᠪᠠᠷ ᠰᠢᠨ᠎ᠡ ᠬᠠᠭᠤᠳᠠᠰᠤ ᠶᠢ ᠪᠢᠴᠢᠭᠯᠡᠨ᠎ᠡ      ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠲᠠᠢ ᠤᠶᠠᠯᠳᠤᠭᠤᠯᠤᠨ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠮᠡᠳᠡᠭᠡ ᠵᠠᠩᠭᠢ᠂ ᠪᠣᠯᠪᠠᠰᠤᠷᠠᠭᠤᠯᠤᠯ ᠤᠨ ᠵᠢᠯᠣᠭᠤᠳᠤᠯᠭ᠎ᠠ ᠵᠡᠷᠭᠡ ᠦᠢᠯᠡᠴᠢᠯᠡᠭᠡ ᠬᠠᠩᠭᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠦᠨ ᠠᠵᠢᠯᠴᠢᠳ᠂ ᠴᠡᠷᠢᠭ ᠠᠴᠠ ᠬᠠᠯᠠᠭᠳᠠᠭᠰᠠᠳ᠂ ᠭᠠᠵᠠᠷ ᠰᠢᠷᠣᠢ ᠪᠠᠨ ᠲᠠᠲᠠᠪᠤᠷᠢᠯᠠᠭᠤᠯᠤᠭᠰᠠᠨ ᠲᠠᠷᠢᠶᠠᠴᠢᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠵᠤ ᠬᠠᠪᠰᠤᠷᠤᠨ ᠲᠡᠳᠬᠦᠬᠦ ᠪᠠ ᠠᠳᠠᠯ ᠦᠢᠯᠡᠰ ᠴᠣᠭᠴᠠᠯᠠᠬᠤ ᠶᠢ ᠲᠡᠳᠬᠦᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠣᠯᠠᠨ ᠠᠰᠢᠭ ᠬᠦᠷᠲᠡᠭᠡᠨ᠎ᠡ᠃ ᠵᠢᠯ ᠤᠨ ᠳᠣᠲᠣᠷ᠎ᠠ ᠬᠤᠲᠠ ᠪᠠᠯᠭᠠᠰᠤ ᠶᠢᠨ ᠠᠵᠢᠯ ᠣᠯᠭᠤᠯᠲᠠ ᠶᠢ 800 ᠬᠥᠮᠥᠨ ᠰᠢᠨ᠎ᠡ ᠪᠠᠷ ᠨᠡᠮᠡᠭᠳᠡᠭᠦᠯᠵᠦ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠳᠤ 4.9 ᠲᠦᠮᠡᠨ ᠬᠥᠮᠥᠨ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠠᠵᠢᠯ ᠲᠠᠢ ᠬᠥᠮᠥᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠦᠭᠡᠶᠢᠰᠬᠡᠬᠦ ᠶᠢ ᠦᠨᠡᠨᠬᠦ ᠪᠠᠲᠤᠯᠠᠨ᠎ᠠ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠥᠯᠥᠰᠦᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ᠃      ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠣᠷᠣᠯᠴᠠᠬᠤ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠨᠣᠷᠮ᠎ᠠ ᠶᠢ 97% ᠠᠴᠠ ᠳᠡᠭᠡᠭᠰᠢ ᠳᠤ ᠪᠠᠶᠢᠯᠭᠠᠬᠤ ᠶᠢ ᠪᠠᠲᠤᠯᠠᠵᠤ᠂ ᠰᠠᠭᠤᠭᠠᠯᠢ ᠠᠷᠠᠳ ᠤᠨ ᠡᠮᠨᠡᠯᠭᠡ ᠳᠤ ᠰᠠᠭᠤᠵᠤ ᠲᠠᠩᠰᠠ ᠲᠠᠶᠢᠯᠬᠤ ᠬᠠᠷᠢᠴᠠᠯ ᠢ 75% ᠣᠷᠴᠢᠮ ᠪᠠᠶᠢᠯᠭᠠᠨ᠎ᠠ᠃ 135 ᠦᠨᠳᠦᠰᠦᠨ ᠱᠠᠲᠤᠨ ᠤ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠥᠷᠲᠡᠭᠡ ᠴᠡᠭ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠡᠮᠴᠢᠯᠡᠭᠡᠨ ᠤ ᠳᠠᠭᠠᠳᠬᠠᠯ ᠤᠨ ᠬᠠᠤᠯᠢ ᠬᠡᠷᠡᠭᠵᠢᠭᠦᠯᠦᠯᠲᠡ ᠶᠢ ᠨᠡᠶᠢᠳᠡᠮ ᠪᠦᠷᠬᠦᠭᠦᠯᠬᠦ ᠶᠢ ᠠᠬᠢᠭᠤᠯᠵᠤ᠂ ᠰᠠᠭᠤᠷᠢ ᠮᠥᠩᠭᠦ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠨ᠎ᠠ᠃ ᠰᠢᠶᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ 3 ᠰᠢᠶᠠᠩ ᠪᠠᠯᠭᠠᠰᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ᠂ 15 ᠲᠣᠰᠬᠤᠨ ᠤ ᠱᠠᠲᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠴᠡᠭ ᠢ ᠥᠭᠡᠷᠡᠴᠢᠯᠡᠵᠦ᠂ 9 ᠨᠠᠰᠤᠵᠢᠯ ᠤᠨ ᠠᠰᠠᠷᠠᠮᠵᠢ ᠶᠢᠨ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠵᠤ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠲᠠᠰ ᠳᠡᠪᠰᠢᠬᠦ ᠶᠢ ᠠᠬᠢᠭᠤᠯᠤᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ᠂ ᠥᠨᠥᠴᠢᠨ ᠬᠡᠦᠬᠡᠳ ᠢ ᠠᠰᠠᠷᠠᠨ ᠲᠡᠵᠢᠭᠡᠬᠦ᠂ ᠬᠡᠷᠡᠭ ᠥᠳᠥᠭᠡᠵᠦ ᠤᠷᠰᠢᠭ ᠲᠠᠲᠠᠭᠰᠠᠨ ᠤᠶᠤᠨ ᠮᠡᠲᠡᠷᠡᠯ ᠤᠨ ᠲᠣᠳᠬᠠᠷ ᠲᠠᠢ ᠡᠪᠡᠳᠴᠢᠲᠡᠨ ᠵᠡᠷᠭᠡ ᠬᠥᠮᠥᠰ ᠤᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠡᠮᠡᠭᠲᠡᠶᠢᠴᠦᠳ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠮᠡᠭᠲᠡᠶᠢᠴᠦᠳ ᠬᠡᠦᠬᠡᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ᠎ᠠ᠃      ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠡ᠃ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠰᠢᠶᠠᠨ ᠢ ᠪᠥᠬᠦ ᠬᠦᠴᠦᠨ ᠢᠶᠠᠷ ᠢᠶᠠᠨ ᠴᠢᠷᠮᠠᠶᠢᠨ ᠡᠭᠦᠳᠴᠦ᠂ ᠰᠤᠷᠭᠠᠭᠤᠯᠢ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠡᠭᠦᠳᠦᠨ ᠪᠠᠶᠢᠭᠤᠯᠬᠤ ᠪᠠᠷ ᠳᠡᠭᠡᠭᠰᠢᠯᠡᠯᠲᠡ ᠶᠢ ᠠᠬᠢᠭᠤᠯᠵᠤ᠂ ᠬᠥᠭᠵᠢᠯᠲᠡ ᠶᠢ ᠠᠬᠢᠭᠤᠯᠤᠨ᠎ᠠ᠃ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠭᠤᠷᠪᠠᠨ ᠵᠢᠯ ᠤᠨ ᠲᠤᠷᠰᠢᠬᠢ ᠲᠤᠷᠰᠢᠯᠭ᠎ᠠ ᠠᠷᠭ᠎ᠠ ᠬᠢᠳᠡᠯ ᠢ ᠪᠥᠬᠦ ᠲᠠᠯ᠎ᠠ ᠪᠠᠷ ᠳ᠋ᠦᠩᠨᠡᠵᠦ᠂ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠠᠰ ᠤᠨ ᠳᠦᠷᠢᠮ ᠤᠨ ᠬᠠᠮᠢᠶᠠᠷᠤᠯᠲᠠ᠂ ᠮᠡᠷᠭᠡᠵᠢᠯ ᠤᠨ ᠴᠣᠯᠠ ᠪᠠᠷ ᠤᠷᠢᠵᠤ ᠬᠡᠷᠡᠭᠯᠡᠬᠦ᠂ ᠵᠢᠭᠠᠨ ᠰᠤᠳᠤᠯᠭᠠᠨ ᠤ ᠪᠠᠭᠰᠢ ᠶᠢ ᠳᠠᠬᠢᠨ ᠤᠷᠢᠬᠤ ᠵᠡᠷᠭᠡ ᠠᠵᠢᠯ ᠢ ᠰᠠᠶᠢᠲᠤᠷ ᠬᠢᠵᠦ᠂ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠨ᠎ᠡ᠃ ᠬᠠᠮᠲᠤᠷᠠᠨ ᠰᠤᠷᠭᠠᠭᠤᠯᠢ ᠡᠷᠭᠢᠯᠡᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠨᠡᠶᠢᠰᠯᠡᠯ ᠤᠨ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠠᠶᠢᠲᠤᠷ ᠬᠡᠷᠡᠭᠯᠡᠨ ᠠᠮᠢᠳᠤᠯᠢᠭ ᠬᠡᠷᠡᠭᠯᠡᠵᠦ᠂ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠰᠤᠷᠭᠠᠭᠤᠯᠢ ᠡᠷᠭᠢᠯᠡᠬᠦ ᠲᠠᠰ ᠳᠠᠪᠬᠤᠷᠭ᠎ᠠ ᠶᠢ ᠳᠡᠭᠡᠭᠰᠢᠯᠡᠭᠦᠯᠦᠨ᠂ ᠪᠥᠬᠦ ᠰᠢᠶᠠᠨ ᠤ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠰᠤᠷᠭᠠᠭᠤᠯᠢ ᠳᠡᠪᠰᠢᠬᠦ ᠨᠣᠷᠮ᠎ᠠ᠂ ᠳᠡᠭᠡᠲᠦ ᠰᠤᠷᠭᠠᠭᠤᠯᠢ ᠳᠤ ᠰᠢᠯᠭᠠᠭᠤᠯᠬᠤ ᠵᠢᠩᠬᠢᠨᠢ ᠠᠩᠭᠢ ᠶᠢᠨ ᠨᠢᠭᠡᠳᠦᠭᠡᠷ ᠬᠤᠶᠠᠳᠤᠭᠠᠷ ᠬᠢᠵᠠᠭᠠᠷ ᠬᠤᠪᠢ ᠶᠢ ᠳᠠᠪᠠᠭᠰᠠᠨ ᠨᠣᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠪᠠ ᠠᠵᠤ ᠠᠬᠤᠶᠢᠯᠠᠯ ᠬᠤᠯᠪᠣᠭᠠᠯᠠᠬᠤ᠂ ᠦᠢᠯᠡᠳᠪᠦᠷᠢᠯᠡᠯ ᠪᠠ ᠵᠢᠭᠠᠨ ᠰᠤᠷᠭᠠᠯᠲᠠ ᠶᠢᠨ ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭ ᠢ ᠪᠣᠶᠢᠵᠢᠭᠤᠯᠵᠤ ᠬᠥᠭᠵᠢᠭᠦᠯᠬᠦ ᠶᠢ ᠠᠬᠢᠭᠤᠯᠤᠨ᠎ᠠ᠃ ︽ᠳᠥᠷᠪᠡᠨ ᠨᠢᠭᠡ︾ ᠶᠢᠨ ᠢᠨᠵᠧᠨᠧᠷᠢᠩ ᠢ ᠪᠥᠬᠦ ᠲᠠᠯ᠎ᠠ ᠪᠠᠷ ᠬᠡᠷᠡᠭᠵᠢᠭᠦᠯᠵᠦ᠂ ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠢ ᠲᠣᠰ ᠪᠦᠷᠢ 1 ᠪᠠᠶᠢᠭᠤᠯᠵᠤ᠂ ᠪᠥᠬᠦ ᠬᠤᠲᠠ ᠶᠢᠨ ᠰᠢᠶᠠᠨ ᠤ ᠬᠡᠪᠴᠢᠶᠡᠨ ᠤ ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠴᠢᠷᠮᠠᠶᠢᠨ ᠪᠠᠶᠢᠭᠤᠯᠤᠨ᠎ᠠ᠃      ᠠᠷᠠᠳ ᠲᠦᠮᠡᠨ ᠤ ᠡᠷᠡᠭᠦᠯ ᠮᠡᠨᠳᠦ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠬᠤᠯᠪᠣᠭᠠᠲᠤ ᠴᠣᠭᠴᠠ  ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠣᠨᠣᠰᠢᠯᠠᠨ ᠡᠮᠨᠡᠬᠦ ᠴᠢᠳᠠᠪᠤᠷᠢ ᠬᠢᠭᠡᠳ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠴᠢᠨᠠᠷ ᠰᠠᠶᠢᠲᠠᠢ ᠡᠬᠢ ᠪᠠᠶᠠᠯᠢᠭ ᠢ ᠳᠣᠷᠣᠭᠰᠢ ᠪᠠᠭᠤᠯᠭᠠᠬᠤ ᠠᠵᠢᠯᠯᠠᠭ᠎ᠠ ᠪᠠ ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ︽ᠪᠠᠭ᠎ᠠ ᠡᠪᠡᠳᠴᠢᠨ ᠢ ᠰᠢᠶᠠᠩ ᠪᠠᠯᠭᠠᠰᠤ ᠠᠴᠠ ᠭᠠᠷᠭᠠᠬᠤ ᠦᠭᠡᠢ᠂ ᠡᠩ ᠤᠨ ᠡᠪᠡᠳᠴᠢᠨ ᠢ ᠰᠢᠶᠠᠨ ᠤ ᠬᠤᠲᠠ ᠠᠴᠠ ᠭᠠᠷᠭᠠᠬᠤ ᠦᠭᠡᠢ︾ ᠪᠠᠶᠢᠬᠤ ᠶᠢ ᠦᠨᠡᠨᠬᠦ ᠪᠡᠶᠡᠯᠡᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠶᠡᠬᠡᠪᠡᠷ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠤᠯᠤᠰ ᠤᠨ ᠰᠤᠭᠤᠴᠢᠨ ᠪᠠᠶᠢᠴᠠᠭᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠨ᠎ᠡ᠃ ᠡᠮᠨᠡᠬᠦ ᠪᠠ ᠰᠡᠷᠭᠡᠶᠢᠯᠡᠬᠦ ᠶᠢ ᠬᠠᠮᠵᠢᠯᠴᠠᠭᠤᠯᠬᠤ᠂ ᠡᠮᠨᠡᠬᠦ ᠪᠠ ᠰᠡᠷᠭᠡᠶᠢᠯᠡᠬᠦ ᠶᠢ ᠠᠭᠤᠰᠤᠯᠴᠠᠭᠤᠯᠬᠤ ᠲᠣᠭᠲᠠᠴᠠ ᠶᠢ ᠪᠦᠬᠦ ᠲᠠᠯ᠎ᠠ ᠪᠠᠷ ᠰᠢᠨ᠎ᠡ ᠶᠢ ᠡᠭᠦᠳᠴᠦ᠂ ᠪᠷᠦ᠋ᠼᠧᠯ ᠡᠪᠡᠳᠴᠢᠨ ᠢ ᠰᠡᠷᠭᠡᠶᠢᠯᠡᠨ ᠡᠵᠡᠮᠳᠡᠬᠦ ᠪᠠ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠰᠢᠶᠠᠨ ᠤ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠪᠠ ᠬᠦᠨᠳᠦ ᠶᠡᠭᠡ ᠭᠡᠨᠡᠳᠲᠡ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃    ᠰᠣᠶᠣᠯ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ︽ᠤᠮᠠᠷᠠᠲᠤ ᠬᠢᠯᠢ ᠶᠢᠨ ᠰᠣᠶᠣᠯ︾ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠭᠠᠵᠤ᠂ ᠦᠴᠦᠸᠠᠨ ᠤ ᠦᠯᠢᠭᠡᠷ ᠢ ᠦᠷᠭᠦᠯᠵᠢᠯᠡᠨ ᠰᠠᠶᠢᠲᠤᠷ ᠶᠠᠷᠢᠨ᠎ᠠ᠃ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ᠂ ᠨᠣᠬᠠᠢ ᠶᠢᠨ ᠬᠤᠰᠢᠭᠤ ᠶᠢᠨ ᠰᠣᠶᠣᠯ ᠤᠨ ᠨᠠᠶᠢᠷ᠂ ᠨᠦᠢᠯ ᠪᠤᠭᠤᠳᠠᠢ ᠶᠢᠨ ᠬᠤᠷᠢᠶᠠᠯᠲᠠ ᠶᠢᠨ ᠪᠠᠶᠠᠷ ᠢ ᠦᠷᠭᠦᠯᠵᠢᠯᠡᠨ ᠡᠷᠬᠢᠯᠡᠵᠦ᠂ ᠲᠥᠮᠥᠰᠥ ᠶᠢᠨ ᠰᠣᠶᠣᠯ ᠤᠨ ᠨᠠᠶᠢᠷ ᠢ ᠲᠥᠯᠥᠪᠯᠡᠨ᠂ ᠦᠴᠦᠸᠠᠨ ᠢ ᠪᠦᠬᠦ ᠲᠠᠯ᠎ᠠ ᠪᠠᠷ ᠤᠬᠠᠭᠤᠯᠤᠨ ᠲᠠᠨᠢᠯᠴᠠᠭᠤᠯᠤᠨ᠎ᠠ᠃ ᠰᠣᠶᠣᠯ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠶᠢ ᠵᠣᠷᠢᠭᠵᠢᠭᠤᠯᠤᠨ ᠳᠡᠮᠵᠢᠵᠦ᠂ ︽ᠬᠤᠶᠠᠷ ᠢ ᠪᠣᠶ ᠪᠣᠯᠭᠠᠬᠤ︾ ᠬᠠᠷᠠᠯᠲᠠ ᠡᠭᠦᠷᠭᠡ ᠶᠢᠨ ᠪᠦᠲᠦᠭᠡᠯ ᠢ 1 - 2 ᠪᠡᠶᠡᠯᠡᠭᠦᠯᠵᠦ᠂ ᠮᠠᠩᠬᠠᠨ ᠳᠠᠭᠤᠣ ᠶᠢᠨ ᠣᠲᠣ ᠦᠶ᠎ᠡ ᠶᠢᠨ ᠵᠦᠴᠦᠭᠡ ︽ᠳᠠᠯᠠᠨ ᠬᠠᠷ᠎ᠠ ᠠᠭᠤᠯᠠ ᠶᠢᠨ ᠭᠤᠷᠪᠠᠨ ᠳᠠᠭᠤ︾ ᠶᠢ ᠴᠢᠷᠮᠠᠶᠢᠨ ᠳᠡᠭᠡᠭᠰᠢᠯᠡᠭᠦᠯᠵᠦ᠂ ᠤᠮᠠᠷᠠᠲᠤ ᠸᠧᠢ ᠤᠯᠤᠰ ᠤᠨ ᠲᠡᠦᠬᠡ ᠶᠢᠨ ᠦᠵᠡᠭᠳᠡᠯᠲᠦ ᠵᠦᠴᠦᠭᠡ ᠶᠢᠨ ᠲᠣᠭᠯᠠᠯᠲᠠ ᠶᠢ ᠴᠢᠨᠠᠷ ᠰᠠᠶᠢᠲᠠᠢ ᠪᠣᠶ ᠪᠣᠯᠭᠠᠨ᠎ᠠ᠃ ᠳᠥᠷᠪᠡᠳᠦᠭᠡᠷ ᠤᠳᠠᠭᠠᠨ ᠤ ᠲᠡᠦᠬᠡ ᠶᠢᠨ ᠳᠤᠷᠠᠰᠬᠠᠯᠲᠤ ᠵᠦᠢᠯ ᠢ ᠨᠡᠶᠢᠳᠡᠮ ᠪᠠᠶᠢᠴᠠᠭᠠᠬᠤ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠤᠨ᠎ᠠ᠃ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠠᠷᠠᠳ ᠣᠯᠠᠨ ᠤ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ ᠲᠠᠰᠤᠷᠠᠯᠲᠠ ᠤᠶᠢᠭᠡᠢ ᠳᠡᠭᠡᠭᠰᠢᠯᠡᠭᠦᠯᠦᠨ᠎ᠡ᠃      ᠡᠭᠦᠨ ᠤ ᠬᠠᠮᠲᠤ᠂ ᠠᠬᠠᠮᠠᠳ ᠺᠠᠳ᠋ᠷ ᠤᠨ ᠲᠤᠪᠴᠢᠶ᠎ᠠ᠂ ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠤ ᠪᠦᠲᠦᠭᠡᠨ ᠪᠠᠶᠢᠭᠤᠯᠣᠯᠲᠠ ᠶᠢᠨ ᠠᠬᠢᠭᠤᠯᠬᠤ ᠬᠤᠷᠠᠯ᠂ ᠨᠡᠶᠢᠭᠡᠮ ᠤᠨ ᠠᠵᠢᠯ ᠢ ᠠᠬᠢᠭᠤᠯᠬᠤ ᠨᠡᠶᠢᠭᠡᠮᠯᠢᠭ᠂ ᠪᠤᠶᠠᠨᠴᠢ ᠦᠢᠯᠡᠰ ᠤᠨ ᠶᠡᠷᠦᠩᠬᠡᠢ ᠨᠡᠶᠢᠭᠡᠮᠯᠢᠭ ᠵᠡᠷᠭᠡ ᠬᠠᠮᠲᠤᠯᠢᠭ ᠪᠠ ᠵᠣᠬᠢᠶᠠᠨ ᠪᠠᠶᠢᠭᠤᠯᠤᠯᠲᠠ ᠶᠢᠨ ᠢᠳᠡᠪᠬᠢ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠤᠭ᠎ᠠ ᠪᠦᠷᠢᠳᠬᠡᠯ᠂ ᠬᠢᠨᠠᠨ ᠪᠣᠳᠣᠯᠲᠠ᠂ ᠭᠠᠵᠠᠷ ᠬᠥᠳᠡᠯᠦᠯᠲᠡ᠂ ᠴᠠᠭ ᠠᠭᠤᠷ᠂ ᠳᠠᠩᠰᠠ ᠡᠪᠬᠡᠮᠡᠯ᠂ ᠬᠠᠩᠭᠠᠨ ᠪᠣᠷᠣᠯᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠡᠯ᠎ᠡ ᠵᠦᠢᠯ ᠤᠨ ᠨᠡᠶᠢᠭᠡᠮ ᠤᠨ ᠦᠢᠯᠡᠰ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃      ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ      ᠰᠢᠨ᠎ᠡ ᠨᠢᠭᠡ ᠵᠢᠯ ᠳᠤ᠂ ᠪᠢᠳᠡ ᠬᠥᠭᠵᠢᠯᠲᠡ ᠶᠢᠨ ᠰᠢᠨ᠎ᠡ ᠪᠠᠶᠢᠳᠠᠯ ᠪᠣᠯᠣᠨ ᠠᠷᠠᠳ ᠲᠦᠮᠡᠨ ᠤ ᠰᠢᠨ᠎ᠡ ᠬᠦᠰᠡᠯ ᠡᠷᠡᠮᠡᠯᠵᠡᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃      ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠢᠮᠠᠭᠲᠠ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠶᠢ ᠪᠡᠶᠡᠯᠡᠭᠦᠯᠦᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠪᠣᠯᠣᠨ ᠠᠷᠠᠳ ᠲᠦᠮᠡᠨ ᠳᠤ ᠬᠠᠷᠢᠴᠠᠯᠠᠰᠢᠭᠦᠢ ᠦᠨᠡᠨᠴᠢ ᠰᠢᠳᠤᠷᠭᠤ ᠶᠢ ᠲᠠᠶᠢᠯᠪᠤᠷᠢᠯᠠᠨ᠎ᠠ᠃      ᠬᠠᠤᠯᠢ ᠪᠠᠷ ᠵᠠᠰᠠᠬᠤ ᠰᠡᠳᠬᠢᠬᠦᠢ ᠶᠢ ᠪᠣᠶ ᠪᠣᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠡᠶᠡᠯᠡᠭᠦᠯᠦᠨ᠎ᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠠᠵᠢᠯ ᠶᠠᠪᠤᠳᠠᠯ ᠡᠷᠬᠢᠯᠡᠬᠦ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠲᠠᠯᠪᠢᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠢ ᠭᠦᠢᠴᠡᠳᠬᠡᠨ᠎ᠡ᠃ ᠠᠷᠠᠳ ᠠᠴᠠ ᠡᠵᠡᠩᠨᠡᠭᠰᠡᠨ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠤ ᠵᠣᠭᠤᠰ ᠢ ᠪᠦᠬᠦ ᠬᠦᠴᠦᠨ ᠢᠶᠠᠷ ᠢᠶᠠᠨ ᠲᠥᠯᠥᠵᠦ ᠳᠠᠭᠤᠰᠬᠠᠨ᠂ ᠵᠠᠰᠠᠭ ᠤᠨ ᠣᠷᠳᠣᠨ ᠤ ᠨᠡᠶᠢᠲᠡ ᠶᠢᠨ ᠢᠲᠡᠭᠡᠮᠵᠢ ᠶᠢᠨ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃      ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠢᠮᠠᠭᠲᠠ ᠪᠡᠶᠡᠯᠡᠭᠦᠯᠦᠨ᠎ᠡ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠨᠢᠭᠡᠳᠦᠭᠡᠷ ᠡᠭᠦᠷᠭᠡ ᠬᠠᠷᠢᠭᠤᠴᠠᠯᠭ᠎ᠠ ᠪᠣᠯᠭᠠᠵᠤ᠂ ᠭᠤᠣᠯᠳᠠᠯᠭ᠎ᠠ ᠲᠠᠢ ᠠᠵᠢᠯ ᠤᠨ ᠨᠠᠷᠢᠨ ᠳᠠᠩᠰᠠ ᠶᠢᠨ ᠬᠠᠮᠢᠶᠠᠷᠤᠯᠲᠠ ᠪᠠ ᠬᠠᠷᠢᠭᠤᠴᠠᠯᠭ᠎ᠠ ᠶᠢ ᠬᠤᠪᠢᠶᠠᠷᠢᠯᠠᠬᠤ ᠲᠣᠭᠲᠠᠴᠠ ᠶᠢ ᠪᠦᠷᠢᠨᠰᠢᠭᠦᠯᠵᠦ᠂ ︽ᠪᠠᠶᠢᠷᠢᠯᠠᠭᠤᠯᠤᠯᠲᠠ ᠲᠠᠢ᠂ ᠰᠢᠮᠳᠠᠭᠤᠯᠤᠨ ᠪᠠᠶᠢᠴᠠᠭᠠᠯᠲᠠ ᠲᠠᠢ᠂ ᠬᠠᠷᠢᠭᠤ ᠲᠤᠰᠬᠠᠯ ᠲᠠᠢ︾ ᠠᠵᠢᠯ ᠤᠨ ᠪᠢᠲᠡᠭᠦᠦ ᠴᠠᠭᠠᠷᠢᠭ ᠢ ᠪᠠᠶᠢᠭᠤᠯᠤᠨ᠎ᠠ᠃ ᠬᠡᠪᠲᠡᠬᠦ ᠦᠵᠡᠯ ᠰᠠᠨᠠᠭ᠎ᠠ᠂ ᠵᠠᠯᠬᠠᠭᠤ ᠵᠠᠰᠠᠭ ᠤᠨ ᠠᠵᠢᠯᠯᠠᠭ᠎ᠠ ᠶᠢ ᠡᠷᠡᠰ ᠲᠠᠶᠠᠭᠳᠠᠵᠤ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠤᠰᠢᠭᠤ ᠱᠠᠯᠠᠮᠠᠭᠠᠢ᠂ ᠵᠣᠷᠢᠭᠲᠠᠢ ᠬᠢᠵᠦ ᠴᠢᠳᠠᠮᠠᠭᠠᠢ ᠠᠵᠢᠯᠯᠠᠵᠤ᠂ ᠪᠦᠬᠦ ᠰᠢᠶᠠᠨ ᠤ ᠡᠯ᠎ᠡ ᠵᠦᠢᠯ ᠤᠨ ᠠᠵᠢᠯ ᠢ ᠪᠣᠳᠠᠲᠠᠢ ᠬᠢᠵᠦ᠂ ᠡᠮᠦᠨ᠎ᠡ ᠡᠩᠨᠡᠭᠡᠨ ᠳᠤ ᠶᠠᠪᠤᠬᠤ ᠶᠢ ᠬᠦᠴᠦᠯᠡᠨ ᠠᠬᠢᠭᠤᠯᠤᠨ᠎ᠠ᠃      ᠵᠠᠰᠠᠭ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠶᠢ ᠢᠮᠠᠭᠲᠠ ᠪᠡᠶᠡᠯᠡᠭᠦᠯᠦᠨ᠎ᠡ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠲᠥᠪ ᠭᠤᠤᠯᠴᠢ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠬᠦ᠂ ᠠᠵᠢᠯᠴᠢ ᠬᠢᠴᠢᠶᠡᠩᠭᠦᠢ ᠪᠠᠷ ᠠᠵᠢᠯ ᠬᠢᠬᠦ ᠶᠢ ᠵᠠᠰᠠᠭ ᠤᠨ ᠣᠷᠳᠣᠨ ᠤ ᠰᠢᠰᠲ᠋ᠧᠮ ᠳᠤ ᠬᠡᠪ ᠵᠠᠩᠰᠢᠯ ᠪᠣᠯᠭᠠᠨ᠎ᠠ᠃      ᠲᠥᠯᠥᠭᠡᠯᠡᠭᠴᠢᠳ ᠠ᠋︕ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠪᠡᠷ ᠢ ᠪᠠᠨ ᠦᠷᠡᠭᠳᠡᠭᠦᠯᠵᠦ ᠨᠠᠳᠠ ᠠᠴᠠ ᠥᠭᠡᠷ᠎ᠡ ᠬᠡᠨ ᠪᠠᠶᠢᠬᠤ ᠪᠤᠢ ᠬᠡᠮᠡᠬᠦ ᠰᠥᠰᠥ ᠵᠣᠷᠢᠭ᠂ ᠴᠠᠭ ᠪᠢᠳᠡᠨ ᠢ ᠬᠦᠯᠢᠶᠡᠬᠦ ᠦᠭᠡᠢ ᠬᠡᠮᠡᠬᠦ ᠣᠪᠣᠷ ᠰᠤᠷᠲᠠᠯ ᠡᠷᠴᠢ ᠵᠣᠷᠢᠭ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠴᠦᠸᠠᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号