3 ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ | ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 127 ᠳ᠋ᠤᠭᠠᠷ | ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠠᠮᠢᠶ᠎ᠠ ᠪᠦᠬᠦᠢ ᠵᠣᠬᠢᠶᠠᠯ ᠢ ᠤᠯᠠᠮᠵᠢᠯᠠᠨ ᠰᠤᠷᠤᠯᠴᠠᠵᠤ᠂ | ᠳᠡᠭᠡᠳᠦ ᠱᠠᠲᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ᠂ ᠪᠦᠬᠦ | ᠬᠤᠳᠠ ᠶᠢᠨ ᠭᠤᠣᠯᠳᠠᠯᠭ᠎ᠠ ᠲᠠᠢ ᠠᠵᠢᠯ ᠤᠨ ᠲᠤᠰᠬᠠᠢ ᠰᠡᠳᠦᠪᠲᠦ ᠬᠤᠷᠠᠯ ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ | ᠵᠠᠰᠠᠬᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠬᠠᠮᠢᠶ᠎ᠠ ᠪᠦᠬᠦᠢ ᠪᠠᠶᠢᠴᠠᠭᠠᠨ | ᠰᠤᠳᠤᠯᠤᠯᠲᠠ ᠶᠢᠨ ᠮᠡᠳᠡᠭᠦᠯᠦᠯᠲᠡ ᠶᠢ ᠤᠯᠠᠮᠵᠢᠯᠠᠨ ᠰᠤᠷᠤᠯᠴᠠᠵᠤ᠂ ᠬᠥᠭᠵᠢᠯᠲᠡ ᠶᠢ ᠠᠳᠬᠤᠬᠤ ᠢᠲᠡᠭᠡᠯ ᠵᠣᠷᠢᠭ ᠢ | ᠪᠠᠲᠤᠳᠬᠠᠵᠤ᠂ ᠥᠷᠢᠰᠦᠯᠳᠦᠭᠡᠨ ᠢ ᠢᠯᠠᠬᠤ ᠳᠤᠮᠳᠠ ᠬᠥᠭᠵᠢᠯᠲᠡ ᠶᠢ ᠡᠷᠢᠯᠬᠢᠯᠡᠵᠦ᠂ ᠰᠢᠯᠢᠳᠡᠭ ᠠᠮᠵᠢᠯᠲᠠ ᠶᠢ | ᠡᠭᠦᠳᠬᠦ ᠪᠠᠷ ᠪᠦᠬᠦ ᠬᠦᠴᠦᠨ ᠢᠶᠠᠷ ᠢᠶᠠᠨ ᠴᠢᠷᠮᠠᠶᠢᠬᠤ ᠬᠡᠷᠡᠭᠲᠡᠢ︔ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠴᠢᠷᠮᠠᠶᠢᠨ ᠰᠡᠳᠬᠢᠵᠦ᠂ ᠰᠤᠷᠤᠯᠴᠠᠬᠤ ᠳᠤᠷᠠᠲᠠᠢ᠂ ᠰᠤᠳᠤᠯᠬᠤ ᠳᠠᠭᠠᠨ | ᠴᠢᠳᠠᠮᠠᠭᠠᠢ ᠪᠠᠶᠢᠵᠤ᠂ ᠠᠰᠠᠭᠤᠳᠠᠯ ᠢ ᠨᠠᠩ ᠪᠥᠬᠦ ᠲᠠᠯ᠎ᠠ ᠪᠠᠷ ᠡᠵᠡᠮᠳᠡᠨ᠂ ᠨᠠᠩ ᠤᠬᠠᠭᠠᠯᠢᠭ ᠢᠶᠠᠷ ᠰᠢᠢᠳᠪᠦᠷᠢᠲᠦ | ᠪᠣᠳᠣᠯᠭ᠎ᠠ ᠲᠣᠭᠲᠠᠭᠠᠬᠤ ᠶᠢ ᠪᠡᠶᠡᠯᠡᠭᠦᠯᠬᠦ ᠬᠡᠷᠡᠭᠲᠡᠢ︔ ᠠᠰᠠᠭᠤᠳᠠᠯ ᠢ ᠰᠢᠢᠳᠪᠦᠷᠢᠯᠡᠬᠦ ᠬᠠᠷᠢᠭᠤᠴᠠᠯᠭ᠎ᠠ ᠲᠠᠢ ᠪᠠᠶᠢᠵᠦ᠂ | ᠠᠵᠢᠯ ᠤᠨ ᠳᠤᠮᠳᠠ ᠪᠠᠨ ᠥᠪᠡᠷ ᠤᠨ ᠲᠤᠰᠢᠶᠠᠯ ᠬᠠᠷᠢᠭᠤᠴᠠᠯᠭ᠎ᠠ ᠪᠠᠨ ᠰᠡᠷᠭᠡᠭ ᠢᠶᠠᠷ ᠲᠠᠨᠢᠵᠤ᠂ ᠥᠪᠡᠷ ᠤᠨ ᠲᠤᠰᠢᠶᠠᠯ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ᠲᠠᠯᠳᠠ ᠬᠦᠴᠦᠨ ᠢᠶᠠᠨ ᠪᠠᠳᠠᠷᠠᠭᠤᠯᠤᠨ᠂ ᠣᠷᠭᠢᠯᠤᠮ᠎ᠠ | ᠰᠡᠳᠬᠢᠯᠭᠡ ᠲᠠᠢ ᠪᠠᠶᠢᠵᠤ᠂ ᠢᠳᠡᠪᠬᠢᠲᠡᠢ ᠪᠠᠷ ᠠᠵᠢᠯ ᠬᠢᠵᠦ ᠠᠳᠠᠯ ᠦᠢᠯᠡᠰ ᠴᠣᠭᠴᠠᠯᠠᠬᠤ ᠬᠡᠷᠡᠭᠲᠡᠢ︔ ᠬᠤᠷᠢᠭ᠎ᠠ | ᠱᠤᠭᠤᠮ ᠢ ᠪᠠᠲᠤ ᠰᠠᠬᠢᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠬᠠᠮᠰᠠᠷ ᠠᠴᠠ ᠪᠠᠨ ᠰᠠᠬᠢᠯᠭ᠎ᠠ | ᠪᠠᠲᠤ ᠶᠢ ᠰᠠᠬᠢᠵᠤ᠂ ᠬᠡᠪ ᠳᠠᠭᠤᠷᠢᠶᠠᠯ ᠤᠨ ᠤᠬᠠᠮᠰᠠᠷ ᠢᠶᠠᠨ ᠴᠢᠩᠭᠠᠳᠬᠠᠵᠤ᠂ ᠤᠬᠠᠮᠰᠠᠷ ᠠᠴᠠ ᠪᠠᠨ ᠡᠮᠦᠨ᠎ᠡ | ᠡᠩᠨᠡᠭᠡᠨ ᠳᠤ ᠶᠠᠪᠤᠬᠤ ᠬᠡᠷᠡᠭᠲᠡᠢ︔ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠵᠤ ᠠᠯᠳᠠᠭ᠎ᠠ ᠪᠤᠷᠤᠭᠤ ᠶᠢ | ᠵᠠᠯᠠᠷᠠᠭᠤᠯᠬᠤ ᠲᠣᠭᠲᠠᠴᠠ ᠲᠠᠢ ᠪᠠᠶᠢᠵᠤ᠂ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠲᠡᠷᠢᠭᠦᠨ ᠤ ᠬᠢ ᠶᠢ | ᠰᠠᠶᠢᠰᠢᠶᠠᠵᠤ᠂ ᠠᠯᠳᠠᠭ᠎ᠠ ᠪᠤᠷᠤᠭᠤ ᠶᠢ ᠲᠤᠷᠰᠢᠬᠤ ᠶᠢ ᠵᠥᠪᠰᠢᠶᠡᠷᠡᠵᠦ᠂ ᠢᠯᠠᠭᠳᠠᠯ ᠢ ᠠᠭᠤᠴᠢᠯᠠᠨ ᠪᠠᠭᠲᠠᠭᠠᠵᠤ᠂ | ᠡᠭᠦᠷᠭᠡᠯᠡᠭᠴᠢ ᠳᠤ ᠲᠠᠪᠴᠠᠩ ᠣᠯᠭᠤᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠬᠠᠮᠤᠭ ᠤᠨ ᠶᠡᠭᠡ ᠬᠡᠮᠵᠢᠶ᠎ᠡ ᠪᠠᠷ ᠳᠠᠶᠢᠴᠢᠯᠠᠵᠤ᠂ ᠰᠢᠨ᠎ᠡ ᠨᠢᠭᠡ | ᠵᠢᠯ ᠳᠤ ᠰᠢᠨ᠎ᠡ ᠳᠦᠷᠰᠦ ᠪᠠᠶᠢᠳᠠᠯ᠂ ᠰᠢᠨ᠎ᠡ ᠵᠢᠳᠬᠦᠯ ᠴᠢᠷᠮᠠᠶᠢᠯᠭ᠎ᠠ ᠪᠠᠷ ᠦᠴᠦᠸᠠᠨ ᠰᠢᠶᠠᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠰᠢᠨ᠎ᠡ ᠦᠷ᠎ᠡ ᠪᠦᠲᠦᠮᠵᠢ ᠣᠯᠬᠤ ᠬᠡᠷᠡᠭᠲᠡᠢ ᠬᠡᠵᠦ ᠴᠢᠬᠤᠯᠠᠴᠢᠯᠠᠪᠠ᠃ | ᠬᠤᠷᠠᠯ ᠠᠴᠠ ᠭᠤᠣᠯ ᠰᠡᠳᠦᠪᠲᠦ ᠬᠥᠮᠦᠵᠢᠯ ᠤᠨ ᠲᠠᠷᠠᠭᠠᠴᠢ ᠶᠢᠨ ᠠᠵᠢᠯ ᠤᠨ ᠪᠠᠶᠢᠳᠠᠯ ᠤᠨ ᠲᠤᠬᠠᠢ | ᠬᠤᠯᠪᠣᠭᠳᠠᠯ ᠪᠦᠬᠦᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ | ᠲᠣᠬᠢᠷᠠᠭᠤᠯᠤᠨ ᠪᠠᠶᠢᠷᠢᠯᠠᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ | ᠶᠣᠰᠣᠭᠠᠷ᠂ ᠲᠠᠷᠠᠭᠠᠴᠢ ᠶᠢᠨ ᠠᠵᠢᠯ ᠢᠶᠠᠨ ᠦᠷᠭᠦᠯᠵᠢᠯᠡᠨ ᠥᠷᠨᠢᠭᠦᠯᠵᠦ᠂ ᠬᠥᠭᠵᠢᠯᠲᠡ ᠶᠢᠨ ᠬᠠᠷᠠᠯᠲᠠ ᠪᠠ ᠣᠨ ᠤ | ᠠᠵᠢᠯ ᠤᠨ ᠡᠭᠦᠷᠭᠡ ᠶᠢ ᠴᠢᠩᠭ᠎ᠠ ᠠᠳᠬᠤᠨ᠂ ᠬᠠᠷᠢᠭᠤᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ | ᠦᠢᠯᠡᠳᠦᠯᠭᠡ ᠶᠢ ᠬᠥᠲᠥᠯᠥᠨ ᠵᠢᠯᠤᠭᠤᠳᠬᠤ ᠲᠠᠯ᠎ᠠ ᠪᠠᠷ ᠬᠦᠴᠦ ᠲᠠᠯᠪᠢᠵᠤ᠂ ᠬᠡᠯᠪᠡᠷᠢ ᠶᠢᠨ ᠲᠡᠳᠦᠢ ᠪᠣᠯᠬᠤ ᠠᠴᠠ | ᠵᠠᠶᠢᠯᠠᠰᠬᠢᠵᠦ᠂ ᠠᠵᠢᠯ ᠤᠨ ᠪᠣᠳᠠᠲᠠᠢ ᠲᠠᠢ ᠪᠠᠨ ᠨᠢᠭᠲᠠ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠮᠠᠨ ᠤ ᠰᠢᠶᠠᠨ ᠤ ︽ᠵᠢᠷᠭᠤᠭᠠᠨ ᠢᠨᠵᠧᠨᠧᠷᠢᠩ︾ ᠤᠨ ᠠᠵᠢᠯ ᠤᠨ ᠪᠠᠶᠢᠳᠠᠯ ᠤᠨ ᠲᠤᠬᠠᠢ | ᠬᠤᠯᠪᠣᠭᠳᠠᠯ ᠪᠦᠬᠦᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠲᠦᠷᠦᠭᠦᠯᠡᠨ ᠬᠢᠬᠦ | ᠤᠳᠤᠷᠢᠳᠤᠯᠭ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠴᠢᠳᠠᠮᠠᠭᠠᠢ ᠪᠠᠷ ᠲᠣᠬᠢᠷᠠᠭᠤᠯᠵᠤ᠂ ᠴᠠᠭ ᠤᠨ | ᠬᠢᠵᠠᠭᠠᠷ ᠤᠨ ᠱᠠᠭᠠᠷᠳᠠᠯᠭ᠎ᠠ ᠲᠠᠢ ᠠᠵᠢᠯ ᠢ ᠱᠠᠯᠠᠪᠳᠠᠨ ᠨᠠᠶᠢᠳᠠᠪᠤᠷᠢᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ | ᠴᠡᠭ ᠢᠶᠠᠷ ᠶᠠᠰᠤ ᠴᠢᠨᠠᠷ ᠢ ᠪᠠᠲᠤᠯᠠᠨ ᠲᠤᠭ᠎ᠠ ᠬᠡᠮᠵᠢᠶ᠎ᠡ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ︵ᠰᠤᠷᠪᠤᠯᠵᠢᠯᠠᠭᠴᠢ᠄ ᠶᠢᠨ ᠫᠢᠩ ᠵᠠᠩ ᠵᠠᠨ ᠹᠧᠩ︶ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | | | | | | | | | | | | ᠁ |