ᠬᠥᠬᠡᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠴᠢ ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠨᠳᠦᠰᠦᠨ ᠱᠠᠲᠤᠨ ᠤ ᠠᠵᠢᠯᠯᠠᠭ᠎ᠠ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠡᠬᠢᠯᠡᠯᠲᠡ ᠶᠢᠨ ᠶᠣᠰᠣᠯᠠᠯ ᠬᠥᠬᠡ ᠡᠷᠭᠢ ᠪᠠᠯᠭᠠᠰᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/3/6
     3 ᠰᠠᠷ᠎ᠠ ᠶᠢᠨ 5 ᠤ ᠡᠳᠦᠷ᠂ ᠬᠥᠬᠡᠬᠤᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠢᠴᠢ ︽ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠨᠳᠦᠰᠦᠨ ᠱᠠᠲᠤᠨ ᠤ ᠠᠶᠠᠯᠠᠯ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠡᠬᠢᠯᠡᠯᠲᠡ ᠶᠢᠨ ᠶᠣᠰᠣᠯᠠᠯ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠵᠠᠰᠠᠭ ᠤᠨ ᠣᠷᠳᠣᠨ ᠤ ᠬᠤᠷᠠᠯ ᠤᠨ ᠭᠡᠷ ᠲᠤ ᠶᠠᠪᠤᠭᠳᠠᠪᠠ᠃      ᠡᠬᠢᠯᠡᠯᠲᠡ ᠶᠢᠨ ᠶᠣᠰᠣᠯᠠᠯ ᠢ ᠬᠥᠬᠡᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠥᠬᠡᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠭᠤᠣᠯᠯᠠᠨ ᠡᠷᠬᠢᠯᠡᠵᠦ᠂ ᠦᠴᠦᠸᠠᠨ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠴᠦᠸᠠᠨ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠠᠴᠠ ᠳᠠᠭᠠᠭᠠᠴᠢᠯᠠᠨ ᠡᠷᠬᠢᠯᠡᠪᠡ᠃ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠬᠤᠳᠠ ᠶᠢᠨ ᠠᠷᠠᠳ ᠤᠨ ᠵᠥᠪᠯᠡᠯ᠂ ᠦᠴᠦᠸᠠᠨ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠡᠯ᠎ᠡ ᠰᠢᠶᠠᠩ ᠪᠠᠯᠭᠠᠰᠤᠨ ᠤ ᠺᠠᠳ᠋ᠷ ᠤᠯᠠᠨ ᠲᠦᠮᠡᠨ ᠵᠡᠷᠭᠡ 80 ᠭᠠᠷᠤᠢ ᠬᠥᠮᠥᠨ ᠣᠷᠣᠯᠴᠠᠪᠠ᠃
     ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ ᠶᠢᠨ ᠠᠷᠠᠳ ᠤᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠡᠷᠬᠢᠯᠡᠭᠴᠢ ᠮᠠ ᠺᠦᠨ ᠪᠠᠶᠠᠷ ᠤᠨ ᠦᠭᠡ ᠬᠡᠯᠡᠭᠰᠡᠨ ᠪᠥᠭᠡᠳ ᠡᠬᠢᠯᠡᠭᠰᠡᠨ ᠢ ᠵᠠᠷᠯᠠᠪᠠ᠃ ᠳᠠᠷᠠᠭ᠎ᠠ ᠨᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠫᠷᠤᠹᠥᠰᠰᠤᠷ ᠡᠾᠧ ᠱᠧᠩ ᠬᠠᠢ ︽ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠨᠤᠯ ᠪᠣᠯᠣᠨ ᠦᠢᠯᠡᠳᠦᠯᠭᠡ︾ ᠭᠡᠬᠦ ᠰᠡᠳᠦᠪ ᠢᠶᠠᠷ ᠠᠩᠬ᠎ᠠ ᠤᠳᠠᠭ᠎ᠠ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠪᠠ᠃
     ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠦᠨᠳᠦᠰᠦᠨ ᠱᠠᠲᠤᠨ ᠤ ᠠᠵᠢᠯᠯᠠᠭ᠎ᠠ  ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠶᠢ ᠥᠷᠨᠢᠭᠦᠯᠬᠦ ᠶᠢᠨ ᠵᠣᠷᠢᠯᠭ᠎ᠠ ᠪᠣᠯ ᠭᠠᠵᠠᠷ ᠪᠣᠯᠭᠠᠨ ᠳᠤ ᠬᠢᠴᠢᠶᠡᠯ ᠤᠨ ᠲᠠᠩᠬᠢᠮ᠂ ᠬᠥᠮᠥᠨ ᠪᠦᠬᠦᠨ ᠳᠤ ᠲᠠᠶᠢᠯᠪᠤᠷᠢᠯᠠᠵᠤ ᠴᠢᠳᠠᠬᠤ ᠤᠬᠠᠭᠤᠯᠭ᠎ᠠ ᠬᠥᠮᠦᠵᠢᠯ ᠤᠨ ᠪᠠᠶᠢᠷᠢᠰᠢᠯ ᠢ ᠬᠦᠴᠦᠯᠡᠨ ᠪᠤᠶ ᠪᠣᠯᠭᠠᠬᠤ ᠶᠢᠨ ᠲᠥᠯᠥᠭᠡ ᠶᠤᠮ᠃ ᠪᠦᠬᠦ ᠠᠷᠠᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠩᠭᠠᠳᠬᠠᠵᠤ᠂ ᠪᠦᠬᠦ ᠬᠤᠳᠠ ᠶᠢᠨ ᠡᠯ᠎ᠡ ᠵᠦᠢᠯ ᠤᠨ ᠠᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠳᠤ ᠲᠥᠪᠯᠡᠷᠡᠭᠦᠯᠬᠦ ᠶᠢ ᠤᠯᠠᠮ ᠴᠢᠨᠠᠭᠰᠢᠳᠠ ᠠᠬᠢᠭᠤᠯᠵᠤ᠂ ᠥᠷᠭᠡᠨ ᠤᠯᠠᠨ ᠦᠨᠳᠦᠰᠦᠨ ᠱᠠᠲᠤᠨ ᠤ ᠨᠠᠮ ᠤᠨ ᠭᠡᠰᠢᠭᠦᠨ᠂ ᠺᠠᠳ᠋ᠷ ᠪᠣᠯᠣᠨ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠨᠠᠮ ᠤᠨ ᠠᠴᠢ ᠶᠢ ᠮᠡᠳᠡᠷᠡᠭᠦᠯᠬᠦ᠂ ᠨᠠᠮ ᠤᠨ ᠦᠭᠡ ᠶᠢ ᠰᠣᠨᠣᠰᠬᠤ᠂ ᠶᠡᠷᠦᠩᠬᠡᠢ ᠱᠦᠵᠢ ᠰᠢ ᠶᠢᠨ ᠫᠢᠩ ᠢ ᠰᠠᠯᠤᠯ ᠦᠭᠡᠢ ᠳᠠᠭᠠᠵᠤ ᠡᠷᠡᠯᠬᠡᠭᠯᠡᠨ ᠤᠷᠤᠭᠰᠢᠯᠠᠬᠤ ᠰᠢᠨ᠎ᠡ ᠠᠶᠠᠨ ᠵᠠᠮ ᠳᠤ ᠵᠢᠱᠢᠶᠡᠴᠢ ᠪᠣᠯᠭᠠᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号