ᠤᠯᠤᠰ ᠤᠨ ᠥᠮᠴᠢᠯᠡᠯᠲᠦ ᠭᠠᠵᠠᠷ ᠰᠢᠷᠣᠢ ᠶᠢ ᠬᠤᠷᠢᠶᠠᠨ ᠠᠪᠬᠤ ᠪᠠᠷ ᠲᠣᠭᠲᠠᠭᠰᠠᠨ ᠲᠤᠬᠠᠢ ᠤᠴᠤᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/3/6
ᠦᠴᠦᠸᠠᠨ ᠰᠢᠶᠠᠨ ᠤ ᠤᠯᠤᠰ ᠤᠨ ᠡᠵᠡᠩᠨᠡᠯᠳᠡᠳᠤ ᠡᠦ ᠵᠢᠶᠠ ᠲᠤᠰᠬᠤᠨ ᠤ ᠤᠢ ᠰᠢᠭᠤᠢ ᠶᠢᠨ ᠲᠠᠯᠠᠪᠠᠢ ᠳᠤ᠄      ᠦᠴᠦᠸᠠᠨ ᠰᠢᠶᠠᠨ ᠤ 10MW ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠠᠴᠠ ᠪᠣᠯᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠨᠠᠷᠢᠨ ᠳᠦᠷᠢᠮ︾ ᠤᠨ ᠲᠣᠭᠲᠠᠭᠠᠯ ᠢ ᠦᠨᠳᠦᠰᠦᠯᠡᠵᠦ᠂ ᠳᠣᠣᠷᠠᠬᠢ ᠮᠡᠲᠦ ᠲᠣᠭᠲᠠᠭᠠᠯ ᠭᠠᠷᠭᠠᠪᠠ᠄      ᠨᠢᠭᠡ᠂ ᠬᠤᠷᠢᠶᠠᠨ ᠠᠪᠤᠭᠰᠠᠨ ᠭᠠᠵᠠᠷ ᠰᠢᠷᠣᠢ ᠨᠢ ᠦᠴᠦᠸᠠᠨ ᠰᠢᠶᠠᠨ ᠤ ᠳᠡᠭᠡᠷ᠎ᠡ ᠲᠣᠬᠤᠢ ᠰᠢᠶᠠᠩ ᠤᠨ ᠡᠦ ᠵᠢᠶᠠ ᠲᠣᠰᠬᠤᠨ ᠤ ᠬᠢᠯᠢ ᠳᠣᠲᠣᠷ᠎ᠠ ᠪᠠᠶᠢᠷᠢᠯᠠᠵᠤ᠂ ᠡᠷᠬᠡ ᠬᠠᠷᠢᠶ᠎ᠠ ᠶᠢᠨ ᠨᠢᠭᠡᠴᠢ ᠪᠣᠯ ᠦᠴᠦᠸᠠᠨ ᠰᠢᠶᠠᠨ ᠤ ᠤᠯᠤᠰ ᠠᠴᠠ ᠡᠵᠡᠩᠨᠡᠭᠰᠡᠨ ᠡᠦ ᠵᠢᠶᠠ ᠲᠣᠰᠬᠤᠨ ᠤ ᠣᠶ ᠰᠢᠭᠤᠢ ᠶᠢᠨ ᠲᠠᠯᠠᠪᠠᠶ ᠪᠣᠯᠣᠨ᠎ᠠ᠂ ᠤᠯᠤᠰ ᠤᠨ ᠥᠮᠴᠢᠯᠡᠯᠲᠦ ᠭᠠᠵᠠᠷ ᠰᠢᠷᠣᠢ 0.0527 ᠾᠧᠺᠲ᠋ᠠᠷ ᠪᠠᠶᠢᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠣᠳᠣᠬᠢ ᠪᠠᠶᠢᠳᠠᠯ ᠨᠢ ᠪᠤᠰᠤᠳ ᠣᠶᠢᠲᠤ ᠭᠠᠵᠠᠷ 0.0527 ᠾᠧᠺᠲ᠋ᠠᠷ ᠪᠠᠶᠢᠵᠤ᠂ ᠦᠴᠦᠸᠠᠨ ᠰᠢᠶᠠᠨ ᠤ 10MW ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠨ᠎ᠡ᠂ ᠲᠣᠰ ᠤᠳᠠᠭᠠᠨ ᠤ ᠬᠤᠷᠢᠶᠠᠨ ᠠᠪᠤᠭᠰᠠᠨ ᠭᠠᠵᠠᠷ ᠤᠨ ᠲᠠᠯᠠᠪᠠᠶ ᠨᠢ 0.0527 ᠾᠧᠺᠲ᠋ᠠᠷ᠃      ᠬᠤᠶᠠᠷ᠂ ᠤᠯᠤᠰ ᠤᠨ ᠥᠮᠴᠢᠯᠡᠯ ᠤᠨ ᠭᠠᠵᠠᠷ ᠰᠢᠷᠣᠢ ᠶᠢ ᠬᠤᠷᠢᠶᠠᠨ ᠠᠪᠬᠤ ᠳᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠡᠷᠦᠬᠡ ᠳᠤ ᠬᠤᠯᠪᠣᠭᠳᠠᠬᠤ ᠦᠭᠡᠢ᠂ ᠭᠠᠵᠠᠷ ᠰᠢᠷᠣᠢ ᠲᠠᠲᠠᠪᠤᠷᠢᠯᠠᠬᠤ ᠨᠥᠬᠦᠪᠦᠷᠢ ᠶᠢᠨ ᠪᠠᠷᠢᠮᠵᠢᠶ᠎ᠠ ᠶᠢ ︽ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡ ᠡᠭᠡᠯᠵᠢ ᠶᠢᠨ ᠭᠠᠵᠠᠷ ᠰᠢᠷᠣᠢ ᠲᠠᠲᠠᠪᠤᠷᠢᠯᠠᠬᠤ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠲᠣᠬᠢᠷᠠᠭᠤᠯᠤᠨ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2020︺ 93 ᠳ᠋ᠤᠭᠠᠷ ᠲᠣᠭᠠᠲᠤ︶ ᠤᠨ ᠬᠠᠮᠲᠤ ᠶᠢᠨ ᠭᠠᠵᠠᠷ ᠰᠢᠷᠣᠢ ᠶᠢᠨ ᠨᠥᠬᠦᠪᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃      ᠣᠨᠴᠠᠭᠠᠶᠢᠯᠠᠨ ᠮᠡᠳᠡᠭᠳᠡᠪᠡ                                         ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                                            2024 ᠣᠨ ᠤ 3 ᠰᠠᠷ᠎ᠠ ᠶᠢᠨ 5 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号