ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠰᠤᠭᠠᠢ
ᠨᠡᠶᠢᠲᠡᠯᠡᠭᠰᠡᠨ ᠴᠠᠭ᠄
2024/3/7
     - ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠳᠤ ᠶᠠᠷᠢᠭᠰᠠᠨ ᠴᠢᠬᠤᠯᠠ ᠶᠠᠷᠢᠶ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ ᠨᠢ      ︽ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠮᠥᠩᠭᠦᠨ ᠭᠦᠢᠯᠭᠡᠭᠡᠨ ᠤ ᠠᠵᠢᠯ ᠤᠨ ᠡᠭᠦᠷᠢᠳᠡ ᠶᠢᠨ ᠭᠤᠣᠯ ᠰᠡᠳᠦᠪ ᠪᠤᠯᠭᠠᠬᠤ ᠬᠡᠷᠡᠭᠲᠡᠢ︾᠂ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ︽ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠢᠯᠠᠩᠭᠤᠶ᠎ᠠ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠲᠡᠢ︾ ᠭᠡᠵᠦ ᠵᠢᠭᠠᠵᠤ ᠭᠠᠷᠭᠠᠵᠤ᠂ ︽ᠪᠦᠷᠢᠨ ᠲᠡᠭᠦᠯᠳᠡᠷ ᠪᠥᠭᠡᠳ ᠪᠦᠲᠦᠮᠵᠢᠲᠡᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ︾ ᠭᠡᠵᠦ ᠴᠢᠬᠤᠯᠠᠴᠢᠯᠠᠪᠠ᠃      ᠮᠥᠩᠭᠦᠨ ᠭᠦᠢᠯᠭᠡᠭᠡᠨ ᠪᠣᠯ ᠤᠯᠤᠰ ᠠᠷᠠᠳ ᠤᠨ ᠠᠵᠤ ᠠᠬᠤᠢ ᠶᠢᠨ ᠠᠮᠢᠨ ᠰᠤᠳᠠᠰᠤ ᠮᠥᠨ᠂ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠬᠥᠭᠵᠢᠯᠲᠡ ᠳᠤ ᠪᠠᠶᠢᠭᠤᠯᠤᠮᠵᠢ ᠶᠢᠨ ᠲᠦᠷᠦᠯ ᠵᠦᠢᠯ ᠤᠯᠠᠨ᠂ ᠶᠡᠷᠦᠩᠬᠡᠶᠢᠯᠡᠭᠰᠡᠨ ᠡᠵᠡᠩᠨᠡᠯᠲᠡ ᠶᠢᠨ ᠬᠡᠪᠴᠢᠶ᠎ᠡ ᠶᠡᠭᠡ᠂ ᠦᠢᠯᠡᠳᠬᠦᠨ ᠤ ᠪᠦᠲᠦᠴᠡ ᠪᠤᠳᠤᠯᠢᠶᠠᠨᠲᠠᠢ᠂ ᠠᠷᠠᠯᠵᠢᠶᠠᠨ ᠤ ᠳᠠᠪᠲᠠᠮᠵᠢ ᠥᠨᠳᠥᠷ᠂ ᠬᠢᠯᠢ ᠠᠯᠤᠰᠯᠠᠭᠰᠠᠨ ᠰᠢᠯᠵᠢᠯᠲᠡ ᠲᠦᠷᠭᠡᠨ᠂ ᠠᠶᠤᠯ ᠲᠦᠭᠰᠢᠭᠦᠷᠢ ᠶᠢᠨ ᠳᠠᠮᠵᠢᠭᠤᠯᠭ᠎ᠠ ᠲᠦᠷᠭᠡᠨ᠂ ᠨᠥᠯᠥᠭᠡᠯᠡᠬᠦ ᠬᠡᠪᠴᠢᠶ᠎ᠡ ᠥᠷᠭᠡᠨ ᠵᠡᠷᠭᠡ ᠣᠨᠴᠠᠯᠢᠭ ᠢᠯᠡᠷᠡᠵᠦ ᠪᠠᠶᠢᠨ᠎ᠠ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠢᠯᠠᠩᠭᠤᠶ᠎ᠠ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠡᠭᠦᠰᠬᠦ ᠶᠢ ᠰᠡᠷᠭᠡᠶᠢᠯᠡᠬᠦ ᠪᠣᠯ ᠮᠥᠩᠭᠦᠨ ᠭᠦᠢᠯᠭᠡᠭᠡᠨ ᠤ ᠠᠵᠢᠯ ᠤᠨ ᠦᠨᠳᠦᠰᠦᠨ ᠴᠢᠨᠠᠷᠲᠠᠢ ᠡᠭᠦᠷᠭᠡ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠪᠢᠳᠡ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠨᠠᠩ ᠴᠢᠬᠤᠯᠠ ᠪᠠᠶᠢᠷᠢᠨ ᠳᠤ ᠲᠠᠯᠪᠢᠵᠤ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠵᠤ᠂ ᠬᠥᠭᠵᠢᠯᠲᠡ ᠶᠢᠨ ᠶᠡᠭᠡ ᠬᠠᠨᠳᠤᠰᠢ ᠶᠢ ᠡᠵᠡᠮᠳᠡᠵᠦ᠂ ᠮᠥᠩᠭᠦᠨ ᠭᠦᠢᠯᠭᠡᠭᠡᠨ ᠤ ᠰᠢᠰᠲ᠋ᠧᠮ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢ ᠬᠦᠴᠦᠲᠡᠢ ᠲᠤᠯᠭᠠᠭᠤᠷᠢᠯᠠᠵᠤ᠂ ᠮᠥᠩᠭᠦᠨ ᠭᠦᠢᠯᠭᠡᠭᠡᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠪᠣᠯᠭᠠᠪᠠ᠃ ᠮᠥᠩᠭᠦᠨ ᠭᠦᠢᠯᠭᠡᠭᠡᠨ ᠠᠮᠢᠳᠤᠯᠢᠭ ᠪᠣᠯ ᠠᠵᠤ ᠠᠬᠤᠢ ᠠᠮᠢᠳᠤᠯᠢᠭ; ᠮᠥᠩᠭᠦᠨ ᠭᠦᠢᠯᠭᠡᠭᠡᠨ ᠲᠣᠭᠲᠠᠭᠤᠨ ᠪᠣᠯ ᠠᠵᠤ ᠠᠬᠤᠢ ᠲᠣᠭᠲᠠᠭᠤᠨ᠃ ᠶᠠᠮᠠᠷᠪᠠ ᠦᠶ᠎ᠡ ᠳᠤ ᠴᠦ ᠭᠡᠰᠡᠨ ᠴᠥᠮ ᠮᠥᠩᠭᠦᠨ ᠭᠦᠢᠯᠭᠡᠭᠡᠨ ᠤ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠠᠮᠢᠳᠤᠷᠠᠯ ᠳᠠᠬᠢ ᠴᠢᠬᠤᠯᠠ ᠪᠠᠶᠢᠷᠢ ᠰᠠᠭᠤᠷᠢ ᠪᠠ ᠦᠢᠯᠡᠳᠦᠯ ᠢ ᠭᠦᠢᠴᠡᠳ ᠲᠠᠨᠢᠵᠤ᠂ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠬᠠᠮᠠᠭᠠᠯᠠᠬᠤ ᠶᠢ ᠲᠦᠷᠦ ᠶᠢ ᠵᠠᠰᠠᠵᠤ ᠵᠠᠰᠠᠭ ᠢ ᠡᠷᠭᠢᠯᠡᠭᠦ ᠶᠢᠨ ᠨᠢᠭᠡᠨ ᠶᠡᠭᠡ ᠶᠠᠪᠤᠳᠠᠯ ᠪᠤᠯᠭᠠᠵᠤ᠂ ᠮᠥᠩᠭᠦᠨ ᠭᠦᠢᠯᠭᠡᠭᠡᠨ ᠤ ᠠᠵᠢᠯ ᠢ ᠯᠠᠪᠳᠠᠭᠤᠨ ᠪᠠᠲᠤᠲᠠᠢ ᠪᠠᠷ ᠰᠠᠶᠢᠲᠤᠷ ᠬᠢᠬᠦ ᠬᠡᠷᠡᠭᠲᠡᠢ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠭᠰᠡᠨ ᠪᠠᠶᠢᠨ᠎ᠠ᠃      ᠠᠶᠤᠯ ᠲᠦᠭᠰᠢᠭᠦᠷᠢ ᠶᠢᠨ ᠭᠡᠮ ᠰᠣᠭᠤᠭ ᠢ ᠣᠨᠣᠪᠴᠢᠲᠠᠢ ᠮᠠᠭᠠᠳᠯᠠᠬᠤ ᠪᠣᠯ ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠪᠠᠲᠤᠯᠠᠬᠤ ᠶᠢᠨ ᠤᠷᠢᠲᠠᠯ ᠮᠥᠨ᠃ ᠣᠳᠣᠬᠠᠨ ᠳᠤ᠂ ᠳᠡᠯᠡᠬᠡᠢ ᠶᠢᠨ ᠠᠵᠤ ᠠᠬᠤᠢ ᠶᠢᠨ ᠤᠷᠤᠭᠤᠳᠠᠬᠤ ᠳᠠᠷᠤᠯᠲᠠ ᠨᠡᠮᠡᠭᠳᠡᠵᠦ᠂ ᠲᠣᠭᠲᠠᠭᠤᠨ ᠪᠤᠰᠤ᠂ ᠲᠣᠬᠲᠠᠭᠠᠯᠳᠤ ᠪᠤᠰᠤ᠂ ᠲᠥᠰᠥᠭᠡᠯᠡᠬᠦᠶ᠎ᠡ ᠪᠡᠷᠬᠡ ᠡᠯᠧᠮᠧᠨ᠋ᠲ ᠨᠡᠮᠡᠭᠳᠡᠵᠦ᠂ ᠡᠯ᠎ᠡ ᠤᠯᠤᠰ ᠤᠨ ᠠᠵᠤ ᠠᠬᠤᠢ ᠴᠥᠮ ᠪᠠᠭ᠎ᠠ ᠪᠤᠰᠤ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ᠃ ᠮᠠᠨ ᠤ ᠤᠯᠤᠰ ᠤᠨ ᠠᠵᠤ ᠠᠬᠤᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠮᠥᠨ ᠨᠡᠯᠢᠶᠡᠳ ᠤᠯᠠᠨ ᠪᠠᠶᠢᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠶᠠᠰᠤ ᠴᠢᠨᠠᠷ ᠦᠷ᠎ᠡ ᠠᠰᠢᠭ ᠥᠨᠳᠥᠷ ᠪᠢᠰᠢ᠂ ᠮᠥᠩᠭᠦᠨ ᠭᠦᠢᠯᠭᠡᠭᠡᠨ ᠤ ᠡᠮᠬᠢ ᠳᠢᠭᠯᠢᠮ ᠦᠭᠡᠢ ᠪᠠᠶᠢᠳᠠᠯ ᠪᠠ ᠢᠯᠵᠠᠷᠠᠯ ᠤᠨ ᠠᠰᠠᠭᠤᠳᠠᠯ ᠬᠡᠳᠦᠢ ᠬᠤᠷᠢᠭᠯᠠᠪᠠᠴᠤ ᠪᠠᠰᠠ ᠡᠭᠦᠰᠴᠦ ᠪᠠᠶᠢᠨ᠎ᠠ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠠ ᠵᠠᠰᠠᠯᠲᠠ ᠶᠢᠨ ᠴᠢᠳᠠᠪᠤᠷᠢ ᠪᠠᠭᠤᠷᠠᠢ ᠪᠠᠶᠢᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ︽ᠤᠳᠤ ᠦᠶ᠎ᠡ ᠶᠢᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠲᠣᠭᠲᠠᠭᠤᠨ ᠪᠠᠶᠢᠳᠠᠯ ᠢ ᠪᠠᠲᠤᠯᠠᠬᠤ ᠰᠢᠰᠲ᠋ᠧᠮ ᠢ ᠴᠢᠩᠭᠠᠳᠬᠠᠨ᠂ ᠬᠠᠤᠯᠢ ᠶᠣᠰᠣᠭᠠᠷ ᠡᠯ᠎ᠡ ᠲᠦᠷᠦᠯ ᠤᠨ ᠮᠥᠩᠭᠦᠨ ᠭᠦᠢᠯᠭᠡᠭᠡᠨ ᠤ ᠠᠵᠢᠯᠯᠠᠭ᠎ᠠ ᠶᠢ ᠴᠥᠮ ᠬᠢᠨᠠᠯᠲᠠ ᠬᠠᠮᠢᠶᠠᠷᠤᠯᠲᠠ ᠳᠤ ᠣᠷᠣᠭᠤᠯᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠎ᠠ︾ ᠭᠡᠵᠦ ᠳᠤᠷᠠᠳᠤᠨ ᠭᠠᠷᠭᠠᠪᠠ᠃ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠬᠡᠬᠦᠳᠡᠭ ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠤᠳᠤᠵᠥ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠬᠡᠷᠡᠭᠲᠡᠢ᠃      ᠬᠦᠴᠦᠷᠬᠡᠭ ᠶᠡᠭᠡ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠲᠠᠢ ᠪᠠᠶᠢᠬᠤ ᠪᠣᠯ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠤᠨ ᠪᠦᠷᠢᠯᠳᠦᠭᠦᠯᠪᠡᠰᠦ ᠵᠣᠬᠢᠬᠤ ᠵᠠᠩᠭᠢᠯᠠᠭ᠎ᠠ ᠶᠢᠨ ᠭᠤᠣᠯᠯᠠᠭᠴᠢ ᠮᠥᠩᠭᠦᠨ ᠭᠦᠢᠯᠭᠡᠭᠡᠨ ᠤ ᠡᠯᠧᠮᠧᠨ᠋ᠲ ᠤᠨ ᠨᠢᠭᠡ ᠪᠣᠯᠣᠨ᠎ᠠ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠦᠲᠦᠮᠵᠢᠲᠦ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ᠂ ᠦᠶᠯᠡ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ᠂ ᠴᠢᠳᠠᠮᠵᠢ ᠶᠢᠨ ᠬᠢᠨᠠᠯᠲᠠ ᠬᠠᠮᠢᠶᠠᠷᠤᠯᠲᠠ᠂ ᠨᠡᠪᠲᠡᠯᠬᠦ ᠮᠠᠶ᠋ᠢᠭ ᠤᠨ ᠬᠢᠨᠠᠯᠲᠠ ᠬᠠᠮᠢᠶᠠᠷᠤᠯᠲᠠ᠂ ᠦᠷᠭᠦᠯᠵᠢᠯᠡᠭᠰᠡᠨ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠬᠢᠨᠠᠭᠤᠷ ᠪᠣᠯᠭᠤᠮᠵᠢᠲᠠᠢ ᠬᠢᠨᠠᠨ ᠬᠠᠮᠢᠶᠠᠷᠬᠤ᠂ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠵᠡᠷᠭᠡ ᠡᠯ᠎ᠡ ᠭᠤᠭᠴᠤᠭ᠎ᠠ ᠳᠤ ᠴᠥᠮ ᠬᠠᠤᠯᠢ ᠶᠢ ᠴᠢᠩᠭ᠎ᠠ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠥᠷᠭᠡᠴᠡ᠂ ᠭᠦᠨᠴᠡ ᠶᠢ ᠲᠤᠶᠢᠯᠪᠤᠷᠢᠲᠠᠢ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ ᠨᠢᠭᠡ ᠣᠷᠣᠨ ᠪᠦᠰᠡ ᠳᠤ ᠰᠠᠭᠤᠷᠢᠯᠠᠨ ᠪᠦᠭᠦ ᠲᠠᠯ᠎ᠠ ᠶᠢ ᠪᠣᠳᠣᠯᠬᠢᠯᠠᠵᠤ᠂ ᠬᠠᠷᠢᠶ᠎ᠠ ᠣᠷᠣᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠪᠠ ᠲᠣᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠣᠯ ᠰᠢᠰᠲ᠋ᠧᠮᠲᠦ ᠢᠨᠵᠧᠨᠧᠷᠢᠩ ᠮᠥᠨ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠰᠠᠯᠠᠭ᠎ᠠ ᠮᠥᠴᠢᠷ᠂ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠠᠤᠯᠢ ᠪᠠᠷᠢᠬᠤ ᠪᠠᠶᠢᠭᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠵᠡᠷᠭᠡ ᠳᠤ ᠴᠥᠮ ᠬᠠᠷᠠᠭᠠᠯᠵᠠᠭᠰᠠᠨ ᠲᠤᠰᠢᠶᠠᠯ ᠬᠠᠷᠢᠭᠤᠴᠠᠯᠭ᠎ᠠ ᠪᠤᠢ᠂ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠡᠷᠬᠡ ᠬᠠᠷᠢᠭᠤᠴᠠᠯᠭ᠎ᠠ ᠨᠢᠭᠡᠳᠦᠯᠲᠡᠢ ᠪᠠᠶᠢᠬᠤ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠡᠷᠬᠡ ᠪᠠ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠲᠦᠷᠭᠡᠨ ᠪᠠ ᠲᠣᠭᠲᠠᠭᠤᠨ ᠪᠠᠶᠢᠯᠭᠠᠬᠤ ᠶᠢᠨ ᠬᠠᠷᠢᠴᠠᠭ᠎ᠠ ᠶᠢ ᠰᠠᠶᠢᠲᠤᠷ ᠡᠵᠡᠮᠳᠡᠵᠦ᠂ ᠢᠯᠵᠠᠷᠠᠯ ᠢ ᠡᠷᠡᠰ ᠵᠠᠯᠬᠠᠭᠠᠨ ᠰᠢᠢᠳᠬᠡᠵᠦ᠂ ᠶᠣᠰᠣ ᠰᠤᠷᠲᠠᠬᠤᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠮᠥᠩᠭᠦᠨ ᠭᠦᠢᠯᠭᠡᠭᠡᠨ ᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠶᠤᠯ ᠲᠦᠭᠰᠢᠭᠦᠷᠢ ᠶᠢ ᠡᠷᠲᠡ ᠢᠯᠭᠠᠨ ᠲᠠᠨᠢᠵᠤ᠂ ᠡᠷᠲᠡ ᠤᠷᠢᠳᠴᠢᠯᠠᠨ ᠰᠡᠷᠡᠮᠵᠢᠯᠡᠭᠦᠯᠵᠦ᠂ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠵᠦ᠂ ᠴᠢᠩᠭ᠎ᠠ ᠬᠢᠵᠠᠭᠠᠷᠯᠠᠯ ᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠷᠲᠡ ᠠᠴᠠ ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃      ᠮᠥᠩᠭᠦᠨ ᠭᠦᠢᠯᠭᠡᠭᠡᠨ ᠤ ᠠᠮᠤᠷ ᠲᠦᠪᠰᠢᠨ ᠢ ᠬᠠᠮᠠᠭᠠᠯᠠᠬᠤ ᠪᠣᠯ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠳᠤ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ᠂ ᠦᠨᠳᠦᠰᠦᠨ ᠴᠢᠨᠠᠷᠲᠠᠢ ᠶᠡᠭᠡ ᠶᠠᠪᠤᠳᠠᠯ ᠮᠥᠨ᠃ ᠤᠷᠤᠭᠰᠢᠯᠠᠯᠲᠠ ᠶᠢᠨ ᠵᠠᠮ ᠳᠡᠭᠡᠷ᠎ᠡ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠵᠤ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠨᠢᠭᠡ ᠠᠶᠤᠯ ᠲᠦᠭᠰᠢᠭᠦᠷᠢ ᠶᠢ ᠴᠦ ᠤᠮᠳᠤᠭᠠᠶᠢᠯᠠᠬᠤ ᠦᠭᠡᠢ᠂ ᠨᠢᠭᠡ ᠭᠡᠮ ᠰᠣᠭᠤᠭ ᠢ ᠴᠤ ᠣᠷᠬᠢᠭᠳᠠᠭᠤᠯᠬᠤ ᠦᠭᠡᠢ ᠪᠠᠷ ᠴᠥᠬᠦᠷᠡᠰᠢ ᠦᠭᠡᠢ ᠠᠳᠬᠤᠵᠤ᠂ ᠤᠷᠳᠤ ᠬᠤᠭᠤᠴᠠᠭ᠎ᠠ ᠪᠠᠷ ᠵᠢᠳᠬᠦᠯ ᠴᠢᠷᠮᠠᠶᠢᠯᠭ᠎ᠠ ᠭᠠᠷᠭᠠᠬᠤ ᠳᠤ ᠭᠦᠷᠪᠡᠯ ᠪᠢᠳᠡ ᠯᠠᠪᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠬᠦᠴᠦᠨ ᠨᠡᠮᠡᠷᠢᠯᠡᠵᠦ ᠴᠢᠳᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号