ᠦᠴᠦᠸᠠᠨ ᠰᠢᠶᠠᠨ ᠤ 2024 ᠣᠨ ᠤ ᠠᠩᠬᠠᠨ ᠤ ᠪᠦᠯᠦᠭ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠬᠥᠮᠥᠰ ᠲᠤ  ᠨᠥᠬᠦᠪᠦᠷᠢ ᠣᠯᠭᠤᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2024/3/8
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯ ᠤᠨ ᠪᠠᠶᠢᠷᠢ ᠴᠤᠭᠯᠠᠭᠤᠯᠬᠤ ᠲᠥᠯᠥᠪᠯᠡᠭᠡ ᠶᠢᠨ ᠬᠡᠷᠡᠭᠵᠢᠭᠦᠯᠬᠦ ᠲᠥᠰᠥᠯ︾ ᠤᠨ ᠮᠡᠳᠡᠭᠳᠡᠯ ︵ᠥᠪᠥᠷ ᠬᠥᠮᠥᠨ ᠨᠡᠶᠢᠭᠡᠮ ᠲᠠᠷᠬᠠᠭᠠᠭᠰᠠᠨ ﹇2022﹈ 38 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠭᠤᠨ ᠲᠦᠮᠡᠨ ᠤ ᠠᠵᠢᠯ ᠣᠯᠭᠤᠯᠲᠠ ᠶᠢᠨ ᠳᠠᠳᠤᠯᠭ᠎ᠠ ᠶᠢᠨ ᠠᠵᠢᠯ ᠤᠨ ᠪᠠᠶᠢᠷᠢ ᠴᠤᠭᠯᠠᠭᠤᠯᠬᠤ ᠲᠥᠯᠥᠪᠯᠡᠭᠡ ᠶᠢ ᠬᠡᠷᠡᠭᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠬᠤ ᠠᠵᠢᠯ ᠤᠨ ᠲᠥᠰᠥᠯ︾ ᠤᠨ ᠮᠡᠳᠡᠭᠳᠡᠯ ︵ᠥᠪᠥᠷ ᠬᠥᠮᠥᠨ ᠨᠡᠶᠢᠭᠡᠮ ᠠᠯᠪᠠᠨ ᠲᠠᠷᠬᠠᠭᠠᠭᠰᠠᠨ ﹇2023﹈ 118 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠠᠵᠢᠯ ᠣᠯᠭᠤᠯᠲᠠ ᠶᠢᠨ ᠳᠠᠳᠤᠯᠭ᠎ᠠ ᠶᠢᠨ ᠨᠥᠬᠦᠪᠦᠷᠢ ᠶᠢ ᠭᠤᠶᠤᠴᠢᠯᠠᠨ ᠮᠡᠳᠡᠭᠦᠯᠦᠭᠰᠡᠨ ᠬᠥᠮᠥᠰ ᠤᠨ ᠮᠡᠳᠡᠭᠡ ᠵᠠᠩᠭᠢ ᠪᠠ ᠬᠠᠮᠢᠶ᠎ᠠ ᠪᠦᠬᠦᠢ ᠮᠠᠲ᠋ᠧᠷᠢᠶᠠᠯ ᠢ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ᠂ ᠡᠳᠦᠭᠡ ᠨᠢᠭᠡᠳᠦᠭᠡᠷ ᠪᠦᠯᠦᠭ ᠤᠨ ᠬᠤᠭᠤᠴᠠᠭ᠎ᠠ ᠨᠢ ᠲᠤᠯᠤᠭᠰᠠᠨ ᠬᠥᠮᠥᠰ ᠤᠨ ᠨᠥᠬᠦᠪᠦᠷᠢ ᠥᠭᠬᠦ ᠨᠥᠬᠦᠴᠡᠯ ᠳᠤ ᠨᠡᠶᠢᠴᠡᠬᠦ 3 ᠰᠠᠭᠤᠷᠢᠨ ᠭᠠᠵᠠᠷ ᠤᠨ 7 ᠳᠠᠳᠤᠯᠭ᠎ᠠ ᠶᠢᠨ ᠬᠥᠮᠥᠰ ᠢ ᠳᠣᠣᠷᠠᠬᠢ ᠮᠡᠲᠦ ᠵᠠᠷᠯᠠᠶ᠎ᠠ᠄      ᠵᠠᠷᠯᠠᠨ ᠨᠡᠶᠢᠲᠡᠯᠡᠬᠦ ᠴᠠᠭ᠄ 2024 ᠣᠨ ᠤ 3 ᠰᠠᠷ᠎ᠠ ᠶᠢᠨ 7 ᠤ ᠡᠳᠦᠷ ᠠᠴᠠ 2023 ᠣᠨ ᠤ 3 ᠰᠠᠷ᠎ᠠ ᠶᠢᠨ 13 ᠤ ᠡᠳᠦᠷ ︵5 ᠠᠵᠢᠯᠯᠠᠬᠤ ᠡᠳᠦᠷ︶      ᠨᠢᠭᠡᠴᠢ ᠪᠣᠯᠣᠨ ᠬᠤᠪᠢ ᠬᠥᠮᠥᠨ ᠪᠦᠬᠦᠨ ᠢᠯᠡ ᠨᠡᠶᠢᠲᠡᠯᠡᠬᠦ ᠨᠢᠭᠡᠴᠢ ᠳᠤ ᠣᠨᠳᠣᠣ ᠰᠠᠨᠠᠯ ᠲᠠᠢ ᠪᠠᠶᠢᠪᠠᠯ᠂ ᠤᠲᠠᠰᠤ ᠪᠠᠷ ᠰᠤᠷᠪᠤᠯᠵᠢᠯᠠᠬᠤ᠂ ᠵᠠᠬᠢᠳᠠᠯ ᠢᠷᠡᠭᠦᠯᠬᠦ ᠵᠡᠷᠭᠡ ᠠᠷᠭ᠎ᠠ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ ᠨᠡᠶᠢᠲᠡᠯᠡᠬᠦ ᠨᠢᠭᠡᠴᠢ ᠶᠢᠨ ᠬᠤᠯᠪᠣᠭᠳᠠᠯ ᠪᠦᠬᠦᠢ ᠪᠠᠶᠢᠳᠠᠯ ᠪᠤᠶᠤ ᠠᠰᠠᠭᠤᠳᠠᠯ ᠢ ᠲᠤᠰᠬᠠᠵᠤ ᠪᠣᠯᠣᠨ᠎ᠠ᠃      ᠬᠢᠨᠠᠯᠲᠠ ᠲᠠᠯᠪᠢᠬᠤ ᠤᠲᠠᠰᠤ᠄ 0471-8820278 0471-8812622      ᠬᠠᠶ᠋ᠢᠭ᠄ ᠦᠴᠦᠸᠠᠨ ᠰᠢᠶᠠᠨ ᠤ ᠬᠥᠬᠡ ᠡᠷᠭᠢ ᠪᠠᠯᠭᠠᠰᠤᠨ ᠤ ᠡᠷᠡᠭᠦᠯ ᠡᠩᠬᠡ ᠪᠠᠷᠠᠭᠤᠨ ᠵᠡᠭᠡᠯᠢ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ      ᠣᠨᠴᠠᠭᠠᠶᠢᠯᠠᠨ ᠵᠠᠷᠯᠠᠪᠠ      ᠳᠠᠭᠠᠯᠳᠤᠭᠤᠯᠤᠯ᠄ ᠦᠴᠦᠸᠠᠨ ᠰᠢᠶᠠᠨ ᠤ 2024 ᠣᠨ ᠤ ᠠᠩᠬᠠᠨ ᠤ ᠪᠦᠯᠦᠭ ᠤᠨ ᠠᠵᠢᠯ ᠣᠯᠭᠤᠯᠲᠠ ᠶᠢᠨ ᠳᠠᠳᠤᠯᠭ᠎ᠠ ᠶᠢᠨ ᠨᠥᠬᠦᠪᠦᠷᠢ ᠣᠯᠭᠤᠬᠤ ᠨᠡᠷᠡᠰ ᠤᠨ ᠬᠦᠰᠦᠨᠦᠭᠲᠦ      ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ      2024 ᠣᠨ ᠤ 3 ᠰᠠᠷ᠎ᠠ ᠶᠢᠨ 7 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号