ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠴᠠᠭᠠᠵᠠᠯᠠᠬᠤ ᠬᠠᠮᠢᠶᠠᠷᠤᠯᠲᠠ ᠶᠢ ᠬᠡᠷᠡᠭᠵᠢᠭᠦᠯᠬᠦ ᠲᠤᠬᠠᠢ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2024/3/8
   ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠶ ᠰᠢᠭᠤᠢ ᠶᠢᠨ ᠬᠠᠤᠯᠢ︾᠂ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠰᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠦᠨᠡᠨᠬᠦ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠪᠦᠲᠦᠮᠵᠢᠲᠡᠶ ᠪᠠᠷ ᠤᠷᠢᠳᠴᠢᠯᠠᠨ ᠰᠡᠷᠭᠡᠶᠢᠯᠡᠬᠦ ᠶᠢᠨ ᠲᠤᠰᠠᠳᠠ᠂ ᠪᠥᠬᠦ ᠰᠢᠶᠠᠨ ᠤ ᠭᠤᠣᠯᠳᠠᠯᠭ᠎ᠠ ᠲᠠᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠣᠷᠣᠨ᠂ ᠭᠤᠣᠯᠳᠠᠯᠭ᠎ᠠ ᠲᠠᠢ ᠰᠢᠭᠤᠶᠢᠲᠤ ᠣᠷᠣᠨ᠂ ᠭᠠᠯ ᠤᠨ ᠠᠶᠤᠯ ᠶᠡᠬᠡᠲᠡᠢ ᠣᠷᠣᠨ ᠪᠠ ᠣᠶ ᠰᠢᠭᠤᠢ ᠶᠢᠨ ᠭᠠᠯ ᠤᠨ ᠠᠶᠤᠯ ᠣᠯᠠᠨ ᠭᠠᠷᠳᠠᠭ ᠣᠷᠣᠨ ᠳᠤ ᠠᠭᠤᠯᠠ ᠶᠢ ᠪᠢᠲᠡᠭᠦᠮᠵᠢᠯᠡᠨ ᠭᠠᠯ ᠰᠡᠷᠭᠡᠶᠢᠯᠡᠬᠦ ᠴᠠᠭᠠᠵᠠᠯᠠᠬᠤ ᠬᠠᠮᠢᠶᠠᠷᠤᠯᠲᠠ ᠶᠢ ᠬᠡᠷᠡᠭᠵᠢᠭᠦᠯᠦᠨ᠎ᠡ᠃    ᠨᠢᠭᠡ᠂ ᠭᠠᠯ ᠰᠡᠷᠭᠡᠶᠢᠯᠡᠬᠦ ᠴᠠᠭᠠᠵᠠᠯᠠᠬᠤ ᠬᠤᠭᠤᠴᠠᠭ᠎ᠠ᠄ 2024 ᠣᠨ ᠤ 3 ᠰᠠᠷ᠎ᠠ ᠶᠢᠨ 15 ᠤ ᠡᠳᠦᠷ ᠠᠴᠠ 6 ᠰᠠᠷ᠎ᠠ ᠶᠢᠨ 15 ᠤ ᠡᠳᠦᠷ ᠪᠣᠯᠲᠠᠯ᠎ᠠ᠂ 9 ᠰᠠᠷ᠎ᠠ ᠶᠢᠨ 15 ᠤ ᠡᠳᠦᠷ ᠠᠴᠠ 2025 ᠣᠨ ᠤ 3 ᠰᠠᠷ᠎ᠠ ᠶᠢᠨ 15 ᠤ ᠡᠳᠦᠷ ᠪᠣᠯᠲᠠᠯ᠎ᠠ᠃    ᠬᠤᠶᠠᠷ᠂ ᠭᠠᠯ ᠰᠡᠷᠭᠡᠶᠢᠯᠡᠬᠦ ᠴᠠᠭᠠᠵᠠᠯᠠᠬᠤ ᠣᠷᠣᠨ ᠪᠦᠰᠡ᠄ ᠦᠴᠦᠸᠠᠨ ᠰᠢᠶᠠᠨ ᠤ ᠬᠢᠯᠢ ᠳᠣᠲᠣᠷᠠᠬᠢ ᠤᠯᠤᠰ ᠤᠨ ᠥᠮᠴᠢᠯᠡᠯᠲᠦ᠂ ᠬᠠᠮᠲᠤ ᠨᠡᠶᠢᠲᠡ᠂ ᠬᠤᠪᠢ ᠶᠢᠨ ᠤᠢ ᠰᠢᠭᠤᠢ ᠶᠢᠨ ᠲᠠᠯᠠᠪᠠᠢ᠂ ᠤᠢ ᠰᠢᠭᠤᠢ ᠶᠢᠨ ᠴᠡᠴᠡᠷᠯᠢᠭ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠮᠢ ᠠᠬᠤᠢ ᠶᠢ ᠲᠥᠪᠯᠡᠷᠡᠭᠦᠯᠦᠨ ᠰᠡᠷᠭᠦᠭᠡᠬᠦ ᠣᠷᠣᠨ᠂ ᠤᠯᠤᠰ ᠤᠨ ᠭᠤᠣᠯᠳᠠᠯᠭ᠎ᠠ ᠲᠠᠢ ᠢᠨᠵᠧᠨᠧᠷᠢᠩ ᠤᠨ ᠲᠦᠷᠦᠯ ᠵᠦᠢᠯ ᠤᠨ ᠣᠷᠣᠨ᠂ ᠨᠢᠭᠡ ᠪᠠᠯᠭᠠᠰᠤ ᠬᠤᠶᠠᠷ ᠪᠦᠰᠡ ᠭᠤᠷᠪᠠᠨ ᠱᠤᠭᠤᠮ ᠤᠨ ᠨᠣᠭᠤᠭᠠᠷᠠᠭᠤᠯᠤᠯᠲᠠ ᠶᠢᠨ ᠣᠷᠣᠨ ᠪᠦᠰᠡ᠂ ᠪᠠᠯᠠᠷ ᠡᠷᠲᠡᠨ ᠤ ᠤᠢ ᠰᠢᠭᠤᠢ ᠶᠢᠨ ᠣᠷᠣᠨ᠂ ᠵᠣᠬᠢᠶᠠᠮᠠᠯ ᠰᠢᠭᠤᠶᠢᠲᠤ ᠣᠷᠣᠨ᠂ ᠨᠠᠭᠤᠷ ᠤᠨ ᠨᠢᠷᠤᠭᠤ ᠶᠢᠨ ᠥᠨᠳᠦᠷᠯᠢᠭ ᠤᠨ ᠨᠤᠭᠤ ᠭᠠᠵᠠᠷ᠂ ᠤᠰᠤ ᠶᠢ ᠬᠠᠮᠠᠭᠠᠯᠠᠬᠤ ᠢᠨᠵᠧᠨᠧᠷᠢᠩ᠂ ᠵᠢᠵᠢᠭ ᠰᠠᠪᠠ ᠭᠠᠵᠠᠷ ᠢ ᠵᠠᠰᠠᠬᠤ ᠵᠡᠷᠭᠡ ᠭᠤᠣᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠪᠦᠰᠡ᠃    ᠭᠤᠷᠪᠠ᠂ ᠭᠠᠯ ᠰᠡᠷᠭᠡᠶᠢᠯᠡᠬᠦ ᠴᠠᠭᠠᠵᠠᠯᠠᠬᠤ ᠬᠤᠭᠤᠴᠠᠭᠠᠨ ᠳᠤ᠂ ᠭᠠᠯ ᠰᠡᠷᠭᠡᠶᠢᠯᠡᠬᠦ ᠴᠠᠭᠠᠵᠠᠯᠠᠬᠤ ᠣᠷᠣᠨ ᠤ ᠳᠣᠲᠣᠷ᠎ᠠ ᠬᠡᠭᠡᠷ᠎ᠡ ᠭᠠᠳᠠᠨ᠎ᠠ ᠠᠯᠢᠪᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠬᠡᠭᠡᠷ᠎ᠡ ᠭᠠᠳᠠᠨ᠎ᠠ ᠲᠠᠮᠠᠬᠢ ᠲᠠᠲᠠᠬᠤ᠂ ᠬᠡᠭᠡᠷ᠎ᠡ ᠬᠤᠭᠤᠯᠠᠯᠠᠬᠤ᠂ ᠴᠠᠭᠠᠰᠤ ᠰᠢᠲᠠᠭᠠᠬᠤ᠂ ᠬᠦᠵᠢ ᠠᠰᠠᠭᠠᠬᠤ᠂ ᠬᠤᠭ ᠨᠣᠪᠰᠢ ᠰᠢᠲᠠᠭᠠᠬᠤ ᠵᠢᠴᠢ ᠪᠤᠰᠤᠳ ᠦᠢᠯᠡᠳᠪᠦᠷᠢᠯᠡᠯ ᠤᠨ ᠪᠤᠰᠤ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ︔ ᠭᠠᠯ ᠰᠡᠷᠭᠡᠶᠢᠯᠡᠬᠦ ᠴᠠᠭᠠᠵᠠᠯᠠᠬᠤ ᠣᠷᠣᠨ ᠤ ᠳᠣᠲᠣᠷ᠎ᠠ ᠬᠡᠭᠡᠷ᠎ᠡ ᠭᠠᠳᠠᠨ᠎ᠠ ᠦᠢᠯᠡᠳᠪᠦᠷᠢᠯᠡᠬᠦ ᠳᠤ ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠦᠨᠡᠨᠬᠦ ᠣᠨᠴᠠᠭᠠᠶ ᠰᠢᠯᠲᠠᠭᠠᠨ ᠠᠴᠠ ᠪᠣᠯᠵᠤ ᠬᠡᠭᠡᠷ᠎ᠡ ᠭᠠᠳᠠᠨ᠎ᠠ ᠦᠢᠯᠡᠳᠪᠦᠷᠢᠯᠡᠯ ᠠᠮᠢᠳᠤᠷᠠᠯ ᠳᠤ ᠭᠠᠯ ᠬᠡᠷᠡᠭᠯᠡᠬᠦ ᠴᠢᠬᠤᠯᠠᠲᠠᠢ ᠪᠠᠶᠢᠪᠠᠯ᠂ ᠡᠷᠬᠡᠪᠰᠢ ᠰᠢᠶᠠᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠵᠦ᠂ ᠲᠣᠭᠲᠠᠭᠰᠠᠨ ᠴᠠᠭ᠂ ᠲᠣᠭᠲᠠᠭᠰᠠᠨ ᠭᠠᠵᠠᠷ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠪᠤᠷᠠᠨ ᠲᠤᠰᠠᠯᠠᠬᠤ ᠪᠡᠯᠡᠳᠬᠡᠯ ᠢ ᠰᠠᠶᠢᠲᠤᠷ ᠬᠢᠭᠰᠡᠨ ᠤᠷᠢᠲᠠᠯ ᠳᠣᠣᠷ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ︔ ᠭᠠᠳᠠᠨ᠎ᠠ ᠠᠴᠠ ᠢᠷᠡᠭᠰᠡᠨ ᠲᠡᠷᠭᠡ ᠬᠥᠰᠬᠡ ᠪᠣᠯᠣᠨ ᠬᠥᠮᠥᠰ ᠳᠤᠷ᠎ᠠ ᠪᠠᠷ ᠢᠶᠠᠨ ᠣᠷᠣᠵᠤ ᠢᠷᠡᠬᠦ ᠶᠢ ᠴᠢᠩᠭ᠎ᠠ ᠴᠠᠭᠠᠵᠠᠯᠠᠵᠤ᠂ ᠦᠨᠡᠨᠬᠦ ᠣᠷᠣᠬᠤ ᠴᠢᠬᠤᠯᠠ ᠲᠠᠢ ᠪᠣᠯ ᠭᠠᠯ ᠰᠡᠷᠭᠡᠶᠢᠯᠡᠬᠦ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠠᠭᠤᠯᠠᠨ ᠳᠤ ᠣᠷᠣᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠭᠰᠡᠨ ᠤ ᠳᠠᠷᠠᠭ᠎ᠠ ᠰᠠᠶ᠋ᠢ ᠣᠷᠣᠵᠤ ᠪᠣᠯᠣᠨ᠎ᠠ᠃    ︵ᠨᠢᠭᠡ︶ ᠭᠠᠯ ᠰᠡᠷᠭᠡᠶᠢᠯᠡᠬᠦ ᠴᠠᠭᠠᠵᠠᠯᠠᠬᠤ ᠣᠷᠣᠨ ᠤ ᠳᠣᠲᠣᠷ᠎ᠠ ᠡᠷᠬᠡᠪᠰᠢ ᠦᠢᠯᠡᠳᠪᠦᠷᠢᠯᠡᠯ᠂ ᠠᠮᠢᠳᠤᠷᠠᠯ ᠳᠤ ᠭᠠᠯ ᠬᠡᠷᠡᠭᠯᠡᠬᠦ ᠨᠢᠭᠡᠴᠢ ᠪᠣᠯᠣᠨ ᠰᠠᠭᠤᠭᠠᠯᠢ ᠠᠷᠠᠳ ᠲᠤᠰ ᠴᠠᠭᠠᠵᠠᠯᠠᠬᠤ ᠵᠠᠷᠯᠢᠭ ᠤᠨ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ᠃ ᠭᠤᠷᠪᠠᠳᠤᠭᠠᠷ ᠳᠡᠰ ᠠᠴᠠ ᠳᠡᠭᠡᠭᠰᠢᠬᠢ ᠰᠠᠯᠬᠢᠨ ᠬᠦᠴᠦᠨ ᠤ ᠴᠠᠭ ᠠᠭᠤᠷ᠂ ᠣᠶ ᠶᠢᠨ ᠬᠥᠪᠡᠭᠡ ᠵᠠᠶᠢᠲᠠᠢ 500 ᠮᠧᠲᠷ ᠤᠨ ᠬᠡᠪᠴᠢᠶᠡᠨ ᠳᠣᠲᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠡᠳᠦᠷ ᠲᠤᠲᠤᠮ ᠤᠨ ᠭᠠᠯ ᠬᠡᠷᠡᠭᠯᠡᠬᠦ ᠳᠤ ᠡᠷᠬᠡᠪᠰᠢ ᠭᠠᠯ ᠰᠡᠷᠭᠡᠶᠢᠯᠡᠬᠦ ᠲᠤᠰᠠᠭᠠᠷᠯᠠᠬᠤ ᠪᠦᠰᠡ᠂ ᠦᠨᠡᠰᠦ ᠴᠢᠳᠬᠤᠬᠤ ᠨᠦᠬᠡ ᠵᠡᠷᠭᠡ ᠶᠢ ᠭᠠᠷᠭᠠᠵᠤ᠂ ᠭᠠᠯ ᠤᠨ ᠣᠴᠢ ᠲᠠᠢ ᠦᠯᠡᠳᠡᠭᠰᠡᠨ ᠰᠢᠲᠠᠯᠲᠠ ᠶᠢᠨ ᠪᠣᠳᠠᠰ ᠢ ᠭᠠᠯ ᠰᠡᠷᠭᠡᠶᠢᠯᠡᠬᠦ ᠲᠤᠰᠠᠭᠠᠷᠯᠠᠬᠤ ᠣᠷᠣᠨ ᠤ ᠭᠠᠳᠠᠨ᠎ᠠ ᠴᠢᠳᠬᠤᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠪᠤᠶ ᠪᠦᠬᠦᠢ ᠨᠢᠭᠡᠴᠢ ᠡᠷᠬᠡᠪᠰᠢ ᠭᠠᠯ ᠰᠡᠷᠭᠡᠶᠢᠯᠡᠨ ᠭᠠᠯ ᠤᠨᠲᠠᠷᠠᠭᠠᠬᠤ ᠵᠢᠯᠤᠭᠤᠳᠬᠤ ᠭᠠᠵᠠᠷ ᠤᠨ ᠲᠣᠭᠲᠠᠭᠠᠭᠰᠠᠨ ᠦᠢᠯᠡᠳᠪᠦᠷᠢᠯᠡᠯ᠂ ᠠᠵᠢᠯᠯᠠᠭᠠᠨ ᠤ ᠣᠷᠣᠨ ᠪᠦᠰᠡ ᠶᠢᠨ ᠳᠣᠲᠣᠷ᠎ᠠ ᠦᠢᠯᠡᠳᠪᠦᠷᠢᠯᠡᠯ ᠤᠨ ᠠᠵᠢᠯᠯᠠᠭ᠎ᠠ ᠬᠢᠬᠦ ᠬᠡᠷᠡᠭᠲᠡᠢ᠃    ︵ᠬᠤᠶᠠᠷ︶ ᠰᠢᠭᠤᠶᠢᠲᠤ ᠣᠷᠣᠨ ᠤ ᠡᠯ᠎ᠡ ᠦᠢᠯᠡᠳᠪᠦᠷᠢᠯᠡᠯ ᠤᠨ ᠠᠵᠢᠯ ᠤᠨ ᠴᠡᠭ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠢᠳᠡᠭᠡᠨ ᠤᠮᠳᠠᠭᠠᠨ ᠤ ᠴᠡᠭ ᠲᠤ ᠡᠷᠬᠡᠪᠰᠢ ᠲᠤᠰᠬᠠᠢ ᠲᠤᠰᠢᠶᠠᠯ ᠲᠠᠢ ᠣᠶ ᠬᠠᠮᠠᠭᠠᠯᠠᠭᠴᠢ ᠪᠠ ᠭᠠᠯ ᠤᠨᠲᠠᠷᠠᠭᠠᠬᠤ ᠮᠠᠰᠢᠨ ᠪᠠᠭᠠᠵᠢ ᠲᠣᠬᠢᠷᠠᠭᠤᠯᠬᠤ ᠬᠡᠷᠡᠭᠲᠡᠢ᠃    ︵ᠭᠤᠷᠪᠠ︶ ᠭᠠᠯ ᠰᠡᠷᠭᠡᠶᠢᠯᠡᠬᠦ ᠴᠠᠭᠠᠵᠠᠯᠠᠬᠤ ᠣᠷᠣᠨ ᠤ ᠳᠣᠲᠣᠷᠠᠬᠢ ᠲᠡᠷᠭᠡ ᠬᠥᠰᠬᠡ᠂ ᠮᠠᠰᠢᠨ ᠳᠤ ᠭᠠᠯ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠬᠢᠬᠦ ᠵᠡᠷᠭᠡ ᠴᠢᠬᠤᠯᠠ ᠪᠦᠬᠦᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠨᠠᠭᠠᠰᠢ ᠴᠠᠭᠠᠰᠢ ᠶᠠᠪᠤᠬᠤ ᠠᠶᠠᠨᠴᠢᠳ ᠤᠨ ᠮᠠᠰᠢᠨ ᠲᠡᠷᠭᠡ᠂ ᠵᠢᠯᠣᠭᠤᠴᠢ ᠪᠠ ᠠᠶᠠᠨᠴᠢᠳ ᠲᠤ ᠭᠠᠯ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠲᠠᠮᠠᠬᠢ ᠵᠡᠷᠭᠡ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠡᠭᠦᠰᠬᠡᠵᠦ ᠮᠡᠳᠡᠬᠦ ᠭᠠᠯ ᠤᠨ ᠲᠥᠷᠥᠯ ᠢ ᠭᠠᠳᠠᠭᠰᠢ ᠬᠠᠶᠠᠬᠤ ᠶᠢ ᠴᠢᠩᠭ᠎ᠠ ᠴᠠᠭᠠᠵᠠᠯᠠᠵᠤ᠂ ᠵᠢᠯᠣᠭᠤᠴᠢ᠂ ᠲᠡᠷᠭᠡ ᠳᠠᠭᠠᠵᠤ ᠬᠠᠮᠢᠶᠠᠷᠬᠤ ᠠᠵᠢᠯᠲᠠᠨ ᠪᠣᠯ ᠭᠠᠯ ᠰᠡᠷᠭᠡᠶᠢᠯᠡᠬᠦ ᠬᠠᠷᠢᠭᠤᠴᠠᠯᠭ᠎ᠠ ᠡᠭᠦᠷᠭᠡᠯᠡᠭᠴᠢ ᠪᠣᠯᠣᠨ᠎ᠠ᠃    ︵ᠳᠥᠷᠪᠡ︶ ᠭᠠᠯ ᠰᠡᠷᠭᠡᠶᠢᠯᠡᠬᠦ ᠴᠠᠭᠠᠵᠠᠯᠠᠬᠤ ᠬᠤᠭᠤᠴᠠᠭᠠᠨ ᠳᠤ᠂ ᠵᠢᠩᠬᠢᠨᠢ ᠰᠤᠮᠤ ᠶᠢᠨ ᠰᠣᠷᠢᠯᠲᠠ᠂ ᠳᠡᠯᠪᠡᠴᠢᠬᠦ ᠵᠡᠷᠭᠡ ᠠᠵᠢᠯᠯᠠᠭ᠎ᠠ ᠬᠢᠬᠦ ᠴᠢᠬᠤᠯᠠᠲᠠᠢ ᠪᠣᠯ᠂ ᠡᠷᠬᠡᠪᠰᠢ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠬᠦ ᠶᠢᠨ ᠬᠠᠮᠲᠤ ᠲᠤᠬᠠᠢ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠲᠠᠢ ᠬᠠᠮᠵᠢᠯᠴᠠᠨ ᠭᠠᠯ ᠰᠡᠷᠭᠡᠶᠢᠯᠡᠨ ᠤᠨᠲᠠᠷᠠᠭᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠭᠠᠯ ᠰᠡᠷᠭᠡᠶᠢᠯᠡᠨ ᠤᠨᠲᠠᠷᠠᠭᠠᠬᠤ ᠪᠡᠯᠡᠳᠬᠡᠯ ᠠᠵᠢᠯ ᠢ ᠰᠠᠶᠢᠲᠤᠷ ᠬᠢᠭᠰᠡᠨ ᠤ ᠳᠠᠷᠠᠭ᠎ᠠ ᠰᠠᠶ᠋ᠢ ᠬᠡᠷᠡᠭᠵᠢᠭᠦᠯᠵᠦ ᠪᠣᠯᠣᠨ᠎ᠠ᠃    ︵ᠲᠠᠪᠤ︶ ᠶᠠᠮᠠᠷᠪᠠ ᠨᠢᠭᠡᠴᠢ ᠪᠣᠯᠣᠨ ᠬᠤᠪᠢ ᠬᠥᠮᠥᠨ ᠣᠶ ᠰᠢᠭᠤᠢ ᠶᠢᠨ ᠭᠠᠯ ᠤᠨ ᠪᠠᠶᠢᠳᠠᠯ ᠢ ᠣᠯᠵᠤ ᠮᠡᠳᠡᠪᠡᠯ᠂ ᠲᠤᠬᠠᠢ ᠶᠢᠨ ᠭᠠᠵᠠᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠲᠤ ᠴᠠᠭ ᠲᠤᠬᠠᠢ  ᠳᠤᠨᠢ ᠮᠡᠳᠡᠭᠦᠯᠬᠦ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠥᠨ ᠲᠦᠭᠰᠢᠭᠦᠷᠢ ᠮᠡᠳᠡᠭᠦᠯᠬᠦ ᠳᠤ ᠦᠨ᠎ᠡ ᠲᠥᠯᠥᠪᠦᠷᠢ ᠦᠭᠡᠢ ᠪᠠᠷ ᠲᠥᠬᠦᠮ ᠦᠵᠡᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ ᠶᠢ ᠴᠠᠭᠠᠵᠠᠯᠠᠬᠤ ᠬᠡᠷᠡᠭᠲᠡᠢ᠃ ᠭᠠᠯ ᠲᠦᠢᠮᠡᠷ ᠤᠨ ᠰᠡᠷᠡᠮᠵᠢ ᠶᠢᠨ ᠳᠣᠬᠢᠶᠠᠨ ᠤ ᠤᠲᠠᠰᠤ᠄ 12119᠂ 0471 - 8814437᠃    ︵ᠵᠢᠷᠭᠤᠭ᠎ᠠ︶ ᠭᠠᠯ ᠰᠡᠷᠭᠡᠶᠢᠯᠡᠬᠦ ᠴᠠᠭᠠᠵᠠᠯᠠᠬᠤ ᠬᠤᠭᠤᠴᠠᠭᠠᠨ ᠳᠤ᠂ ᠡᠯ᠎ᠡ ᠭᠠᠯ ᠰᠡᠷᠭᠡᠶᠢᠯᠡᠬᠦ ᠬᠠᠷᠢᠭᠤᠴᠠᠯᠭᠠᠲᠤ ᠨᠢᠭᠡᠴᠢ ᠣᠶ ᠰᠢᠭᠤᠢ ᠶᠢ ᠬᠠᠮᠠᠭᠠᠯᠠᠬᠤ ᠭᠠᠯ ᠰᠡᠷᠭᠡᠶᠢᠯᠡᠬᠦ ᠬᠥᠮᠥᠰ ᠢ ᠵᠣᠬᠢᠶᠠᠨ ᠪᠠᠶᠢᠭᠤᠯᠤᠨ ᠠᠭᠤᠯᠠ ᠤᠰᠤ᠂ ᠭᠤᠤ ᠰᠤᠪᠠᠭ ᠢ ᠴᠡᠪᠡᠷᠯᠡᠬᠦ᠂ ᠨᠠᠭᠤᠷ ᠭᠤᠣᠯ ᠢ ᠴᠡᠪᠡᠷᠯᠡᠬᠦ ᠠᠵᠢᠯᠯᠠᠭ᠎ᠠ ᠶᠢ ᠴᠢᠩᠭᠠᠳᠬᠠᠵᠤ᠂ ᠭᠠᠯ ᠤᠨ ᠠᠶᠤᠯ ᠤᠨ ᠠᠯᠢᠪᠠ ᠳᠠᠯᠳᠠ ᠭᠡᠮ ᠢ ᠴᠢᠷᠮᠠᠶᠢᠨ ᠠᠷᠢᠯᠭᠠᠬᠤ ᠬᠡᠷᠡᠭᠲᠡᠢ᠃    ︵ᠳᠤᠯᠤᠭ᠎ᠠ︶ ᠭᠠᠯ ᠤᠨ ᠠᠶᠤᠯ ᠭᠠᠷᠪᠠᠯ᠂ ᠬᠡᠨ ᠤᠷᠢᠳᠠᠪᠠᠷ ᠣᠯᠵᠤ ᠮᠡᠳᠡᠪᠡᠯ᠂ ᠬᠡᠨ ᠤᠷᠢᠳᠠᠪᠠᠷ ᠮᠡᠳᠡᠭᠦᠯᠵᠦ᠂ ᠬᠡᠨ ᠤᠷᠢᠳᠠᠪᠠᠷ ᠭᠠᠯ ᠤᠨᠲᠠᠷᠠᠭᠠᠬᠤ ᠵᠠᠷᠴᠢᠮ ᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠣᠷᠣᠨ ᠤ ᠵᠠᠭᠠᠭ ᠲᠤ ᠬᠢᠵᠠᠭᠠᠷᠯᠠᠭᠳᠠᠬᠤ ᠦᠭᠡᠢ᠃    ︵ᠨᠠᠢᠮᠠ︶ ᠪᠣᠯᠪᠠᠰᠤᠨ ᠲᠠᠬᠢᠯᠭ᠎ᠠ ᠬᠢᠬᠦ ᠶᠢ ᠰᠠᠨᠠᠭᠠᠴᠢᠯᠠᠵᠤ᠂ ᠣᠩᠭᠤᠨ ᠳᠡᠭᠡᠷ᠎ᠡ ᠴᠠᠭᠠᠰᠤ ᠰᠢᠲᠠᠭᠠᠬᠤ ᠶᠢ ᠴᠢᠩᠭ᠎ᠠ ᠴᠠᠭᠠᠵᠠᠯᠠᠵᠤ᠂ ᠢᠯᠡ ᠭᠠᠯ ᠤᠨ ᠲᠠᠬᠢᠯᠭ᠎ᠠ ᠬᠢᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃    ︵ᠶᠢᠰᠦ︶ ᠨᠠᠮ ᠤᠨ ᠭᠡᠰᠢᠭᠦᠨ ᠺᠠᠳ᠋ᠷ᠂ ᠠᠯᠪᠠᠨ ᠲᠤᠰᠢᠶᠠᠯᠲᠠᠨ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠤᠯᠠᠰᠢᠨ ᠳᠡᠭᠡᠷ᠎ᠡ ᠴᠠᠭᠠᠰᠤ ᠰᠢᠲᠠᠭᠠᠬᠤ᠂ ᠬᠦᠵᠢ ᠵᠤᠯᠠ ᠠᠰᠠᠭᠠᠬᠤ᠂ ᠫᠤᠤᠵᠢᠩ ᠲᠠᠯᠪᠢᠬᠤ ᠵᠡᠷᠭᠡ ᠲᠠᠬᠢᠯᠭ᠎ᠠ ᠳᠤ ᠭᠠᠯ ᠬᠡᠷᠡᠭᠯᠡᠬᠦ ᠳᠠᠳᠬᠠᠯ ᠢ ᠤᠬᠠᠮᠰᠠᠷ ᠠᠴᠠ ᠪᠠᠨ ᠲᠠᠶᠠᠭᠳᠠᠵᠤ᠂ ᠪᠣᠯᠪᠠᠰᠤᠨ ᠪᠤᠰᠤ ᠲᠠᠬᠢᠯᠭ᠎ᠠ ᠶᠢᠨ ᠦᠢᠯᠡ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠬᠤᠷᠢᠭᠯᠠᠨ ᠵᠣᠭᠰᠤᠭᠠᠬᠤ ᠪᠠ ᠵᠠᠯᠠᠷᠠᠭᠤᠯᠬᠤ ᠬᠡᠷᠡᠭᠲᠡᠢ᠃    ᠳᠥᠷᠪᠡ᠂ ᠭᠠᠯ ᠰᠡᠷᠭᠡᠶᠢᠯᠡᠬᠦ ᠴᠠᠭᠠᠵᠠᠯᠠᠬᠤ ᠬᠤᠭᠤᠴᠠᠭᠠᠨ ᠳᠤ᠂ ᠲᠤᠰ ᠴᠠᠭᠠᠵᠠᠯᠠᠬᠤ ᠵᠠᠷᠯᠢᠭ ᠠᠴᠠ ᠵᠥᠷᠢᠴᠡᠵᠦ᠂ ᠳᠤᠷ᠎ᠠ ᠪᠠᠷ ᠢᠶᠠᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠪᠠ ᠠᠳᠠᠯ ᠠᠴᠠ ᠪᠣᠯᠵᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠭᠠᠭᠰᠠᠨ ᠨᠢᠭᠡᠴᠢ ᠪᠤᠶᠤ ᠬᠤᠪᠢ ᠬᠥᠮᠥᠨ᠂ ᠦᠢᠯᠡ ᠪᠠᠶᠢᠳᠠᠯ ᠨᠢ ᠨᠡᠯᠢᠶᠡᠳ ᠬᠥᠩᠭᠡᠨ ᠪᠠᠶᠢᠪᠠᠯ᠂ ︽ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ︾ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠢ ᠦᠨᠳᠦᠰᠦᠯᠡᠨ ᠰᠢᠢᠳᠬᠡᠨ ᠲᠣᠷᠭᠠᠬᠤ ᠶᠢᠨ ᠬᠠᠮᠲᠤ ᠵᠠᠷᠯᠢᠭᠳᠠᠵᠤ ᠪᠠᠶᠢᠭᠠᠳ ᠣᠶ ᠰᠢᠭᠤᠢ ᠶᠢ ᠨᠥᠬᠦᠵᠦ ᠲᠠᠷᠢᠨ᠎ᠠ︔ ᠦᠢᠯᠡ ᠪᠠᠶᠢᠳᠠᠯ ᠨᠢ ᠬᠦᠨᠳᠦ ᠨᠣᠴᠢᠲᠠᠢ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠤᠨ ᠬᠠᠤᠯᠢ︾ ᠶᠢᠨ ᠲᠠᠪᠢᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠠᠷᠠᠳ ᠤᠨ ᠵᠠᠰᠠᠭ ᠤᠨ ᠣᠷᠳᠣᠨ ᠤ ᠪᠠᠴᠢᠮ ᠪᠠᠶᠢᠳᠠᠯ ᠤᠨ ᠳᠣᠣᠷ᠎ᠠ ᠬᠠᠤᠯᠢ ᠶᠣᠰᠣᠭᠠᠷ ᠨᠡᠶᠢᠲᠡᠯᠡᠭᠰᠡᠨ ᠲᠣᠭᠲᠠᠭᠠᠯ᠂ ᠵᠠᠷᠯᠢᠭ ᠢ ᠬᠡᠷᠡᠭᠵᠢᠭᠦᠯᠬᠦ ᠶᠢ ᠲᠡᠪᠴᠢᠭᠰᠡᠨ ᠢᠶᠠᠷ ᠦᠵᠡᠵᠦ᠂ ᠲᠠᠪᠤᠨ ᠡᠳᠦᠷ ᠠᠴᠠ ᠳᠡᠭᠡᠭᠰᠢ ᠠᠷᠪᠠᠨ ᠡᠳᠦᠷ ᠠᠴᠠ ᠳᠣᠷᠣᠭᠰᠢ ᠲᠦᠷ ᠬᠤᠷᠢᠬᠤ ᠪᠠᠷ ᠰᠢᠢᠳᠬᠡᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃                                      ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ                                         2024 ᠣᠨ ᠤ 3 ᠰᠠᠷ᠎ᠠ ᠶᠢᠨ 8 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号