ᠥᠪᠥᠷ ᠮᠣᠩᠭᠤᠯ ᠵᠣᠷᠢᠭ ᠡᠷᠴᠢᠯᠡᠨ ︽ᠡᠨᠧᠷᠭᠢ ᠶᠢᠨ ᠳᠠᠪᠠᠭᠤᠯᠢᠭ︾ ᠢᠶᠠᠨ ᠪᠠᠲᠤᠳᠬᠠᠨ᠎ᠠ
ᠨᠡᠶᠢᠲᠡᠯᠡᠭᠰᠡᠨ ᠴᠠᠭ᠄
2024/3/8
     - ︽ᠲᠦᠷᠭᠡᠨ ᠨᠡᠮᠡᠭᠳᠡᠬᠦ ᠲᠤᠭ᠎ᠠ ᠪᠠᠷᠢᠮᠲᠠ︾ ᠠᠴᠠ ᠥᠪᠥᠷ ᠮᠣᠩᠭᠤᠯ ᠤᠨ ᠡᠷᠡᠮᠡᠬᠡᠶᠢᠯᠡᠨ ᠤᠷᠤᠭᠰᠢᠯᠠᠬᠤ ᠬᠠᠷᠢᠭᠤᠴᠠᠯᠭ᠎ᠠ ᠡᠭᠦᠷᠭᠡᠯᠡᠯ ᠢ ᠬᠠᠷᠠᠬᠤᠢ ③      ᠲᠤᠭ᠎ᠠ ᠪᠠᠷᠢᠮᠲᠠ᠄      ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠬᠡᠮᠵᠢᠶ᠎ᠡ ᠵᠢᠴᠢ ᠭᠠᠳᠠᠭᠰᠢ ᠬᠦᠷᠭᠡᠬᠦ ᠬᠡᠮᠵᠢᠶ᠎ᠡ᠂ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠰᠢᠨ᠎ᠡ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠴᠠᠭᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠵᠢᠴᠢ ᠭᠠᠳᠠᠭᠰᠢ ᠬᠦᠷᠭᠡᠬᠦ ᠴᠠᠭᠢᠯᠭᠠᠨ ᠤ ᠬᠡᠮᠵᠢᠶ᠎ᠡ᠂ ᠰᠢᠨ᠎ᠡ ᠡᠨᠧᠷᠭᠢ ᠶᠢᠨ ᠴᠠᠭᠢᠯᠭᠠᠨ ᠭᠠᠷᠭᠠᠬᠤ ᠬᠡᠮᠵᠢᠶ᠎ᠡ᠂ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠦᠢᠯᠡᠳᠪᠦᠷᠢᠯᠡᠯ ᠤᠨ ᠴᠢᠳᠠᠪᠤᠷᠢ ᠶᠢᠨ ︽ᠪᠦᠭᠦ ᠤᠯᠤᠰ ᠤᠨ 10 ᠨᠢᠭᠡᠳᠦᠭᠡᠷ︾ ᠢ ᠪᠡᠶᠡᠯᠡᠭᠦᠯᠵᠦ᠂ 29 ᠮᠤᠵᠢ ᠣᠷᠣᠨ ᠤ ᠡᠨᠧᠷᠭᠢ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠪᠠ᠃      ᠪᠦᠭᠦ ᠵᠢᠯ ᠤᠨ ᠨᠡᠭᠦᠷᠡᠰᠦᠨ ᠤ ᠭᠠᠷᠤᠯᠲᠠ 12.2 ᠳ᠋ᠦᠩᠰᠢᠭᠤᠷ ᠲᠣᠨ ᠳᠤ ᠬᠦᠷᠴᠦ᠂ ᠤᠯᠤᠰ ᠤᠨ ᠴᠠᠭᠢᠯᠭᠠᠨ ᠭᠠᠷᠭᠠᠬᠤ ᠨᠡᠭᠦᠷᠡᠰᠦᠨ ᠤ ᠳᠤᠮᠳᠠ ᠤᠷᠲᠤ ᠬᠤᠭᠤᠴᠠᠭᠠᠨ ᠤ ᠭᠡᠷ᠎ᠡ ᠶᠢᠨ ᠡᠭᠦᠷᠭᠡ ᠶᠢ 9.45 ᠳ᠋ᠦᠩᠰᠢᠭᠤᠷ ᠲᠣᠨ ᠪᠡᠶᠡᠯᠡᠭᠦᠯᠵᠦ᠂ ᠪᠦᠭᠦ ᠤᠯᠤᠰ ᠤᠨ ᠡᠭᠦᠷᠭᠡ ᠶᠢᠨ ᠶᠡᠷᠦᠩᠬᠡᠢ ᠬᠡᠮᠵᠢᠶ᠎ᠡ ᠶᠢᠨ 36% ᠶᠢ ᠡᠵᠡᠯᠡᠪᠡ᠃      ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 3100 ᠲᠦᠮᠡᠨ ᠺᠢᠯᠣᠸᠠᠲ ᠢ ᠳᠠᠪᠠᠵᠤ᠂ ᠨᠡᠮᠡᠭᠳᠡᠯ ᠤᠨ ᠬᠡᠮᠵᠢᠶ᠎ᠡ ᠨᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃      ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠪᠴᠢᠶ᠎ᠡ 9323 ᠲᠦᠮᠡᠨ ᠺᠢᠯᠣᠸᠠᠲ ᠲᠤ ᠬᠦᠷᠴᠦ᠂ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ 43% ᠶᠢ ᠡᠵᠡᠯᠡᠪᠡ᠃      ᠰᠢᠨ᠎ᠡ ᠡᠨᠧᠷᠭᠢ ᠶᠢᠨ ᠴᠠᠭᠢᠯᠭᠠᠨ ᠭᠠᠷᠭᠠᠬᠤ ᠬᠡᠮᠵᠢᠶ᠎ᠡ 1665 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠴᠠᠭᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ ᠨᠢ 22% ᠲᠤ ᠭᠦᠷᠪᠡ᠃      2023 ᠣᠨ ᠳᠤ᠂ ᠥᠪᠥᠷ ᠮᠣᠩᠭᠤᠯ ᠤᠨ ᠡᠨᠧᠷᠭᠢ ᠶᠢᠨ ᠠᠵᠢᠯ ᠳᠤ ᠭᠢᠯᠠᠯᠵᠠᠮ᠎ᠠ ᠠᠮᠵᠢᠯᠲᠠ ᠪᠦᠲᠦᠮᠵᠢ ᠣᠯᠪᠠ᠄ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠬᠡᠮᠵᠢᠶ᠎ᠡ ᠵᠢᠴᠢ ᠭᠠᠳᠠᠭᠰᠢ ᠬᠦᠷᠭᠡᠬᠦ ᠬᠡᠮᠵᠢᠶ᠎ᠡ᠂ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠰᠢᠨ᠎ᠡ ᠡᠨᠧᠷᠭᠢ ᠶᠢᠨ ᠶᠡᠷᠦᠩᠬᠡᠢ ᠮᠠᠰᠢᠨ ᠴᠣᠭᠴᠠᠯᠠᠪᠤᠷᠢ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠶᠡᠷᠦᠩᠬᠡᠢ ᠴᠠᠭᠢᠯᠭᠠᠨ ᠭᠠᠷᠭᠠᠬᠤ ᠬᠡᠮᠵᠢᠶ᠎ᠡ ᠵᠢᠴᠢ ᠭᠠᠳᠠᠭᠰᠢ ᠬᠦᠷᠭᠡᠬᠦ ᠴᠠᠭᠢᠯᠭᠠᠨ ᠤ ᠬᠡᠮᠵᠢᠶ᠎ᠡ᠂ ᠰᠢᠨ᠎ᠡ ᠡᠨᠧᠷᠭᠢ ᠶᠢᠨ ᠴᠠᠭᠢᠯᠭᠠᠨ ᠭᠠᠷᠭᠠᠬᠤ ᠬᠡᠮᠵᠢᠶ᠎ᠡ᠂ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠦᠢᠯᠡᠳᠪᠦᠷᠢᠯᠡᠯ ᠤᠨ ᠴᠢᠳᠠᠪᠤᠷᠢ ᠶᠢᠨ ︽ᠪᠦᠭᠦ ᠤᠯᠤᠰ ᠤᠨ 10 ᠨᠢᠭᠡᠳᠦᠭᠡᠷ︾ ᠢ ᠪᠡᠶᠡᠯᠡᠭᠦᠯᠵᠦ᠂ 29 ᠮᠤᠵᠢ ᠣᠷᠣᠨ ᠤ ᠡᠨᠧᠷᠭᠢ ᠶᠢᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠪᠠ᠃ ᠥᠪᠥᠷ ᠮᠣᠩᠭᠤᠯ ᠤᠨ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠢᠯᠡᠳᠲᠡ ᠴᠢᠩᠭᠠᠷᠠᠪᠠ᠃      ︽ᠪᠦᠭᠦ ᠤᠯᠤᠰ ᠤᠨ 10 ᠨᠢᠭᠡᠳᠦᠭᠡᠷ︾ ᠨᠢ ᠥᠩᠭᠡᠷᠡᠭᠰᠡᠨ ᠨᠢᠭᠡ ᠵᠢᠯ ᠤᠨ ᠥᠪᠥᠷ ᠮᠣᠩᠭᠤᠯ ᠤᠨ ᠡᠨᠧᠷᠭᠢ ᠶᠢᠨ ᠠᠵᠢᠯ ᠤᠨ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠲᠡᠷᠢᠭᠦᠨ ᠤ ᠬᠢ ᠶᠢ ᠭᠦᠢᠴᠡᠬᠦ ᠪᠠᠷ ᠭᠠᠪᠰᠢᠭᠠᠶᠢᠯᠠᠨ ᠤᠷᠤᠭᠰᠢᠯᠠᠭᠰᠠᠨ ᠠᠮᠢᠳᠤᠯᠢᠭ ᠵᠡᠭᠦᠯᠲᠡ ᠲᠠᠶᠢᠯᠪᠤᠷᠢ ᠪᠣᠯᠵᠠᠢ᠃      ᠥᠪᠥᠷ ᠮᠣᠩᠭᠤᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂︽ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠪᠠᠲᠤ ᠡᠵᠡᠮᠳᠡᠵᠦ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠥᠭᠵᠢᠯᠲᠡ ᠶᠢᠨ ᠦᠷ᠎ᠡ ᠪᠦᠲᠦᠮᠵᠢ ᠨᠢ ᠬᠥᠮᠥᠰ ᠤᠨ ᠠᠩᠬᠠᠷᠤᠯ ᠢ ᠲᠠᠲᠠᠵᠠᠢ᠃      ᠡᠨᠡ ᠨᠢᠭᠡ ᠵᠢᠯ ᠳᠤ᠂ ᠥᠪᠥᠷ ᠮᠣᠩᠭᠤᠯ ᠤᠯᠤᠰ ᠤᠨ ᠶᠡᠭᠡ ᠲᠠᠯ᠎ᠠ ᠶᠢ ᠡᠷᠡᠰ ᠳᠠᠭᠠᠵᠤ ᠡᠷᠡᠰ ᠦᠢᠯᠡᠴᠢᠯᠡᠵᠦ᠂ ᠡᠨᠧᠷᠭᠢ ᠶᠢᠨ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠠᠳᠬᠤᠪᠠ᠃ ᠪᠦᠭᠦ ᠵᠢᠯ ᠤᠨ ᠨᠡᠭᠦᠷᠡᠰᠦᠨ ᠤ ᠭᠠᠷᠤᠯᠲᠠ 12.2 ᠳ᠋ᠦᠩᠰᠢᠭᠤᠷ ᠲᠣᠨ ᠳᠤ ᠬᠦᠷᠴᠦ᠂ ᠤᠯᠤᠰ ᠤᠨ ᠴᠠᠭᠢᠯᠭᠠᠨ ᠭᠠᠷᠭᠠᠬᠤ ᠨᠡᠭᠦᠷᠡᠰᠦᠨ ᠤ ᠳᠤᠮᠳᠠ ᠤᠷᠲᠤ ᠬᠤᠭᠤᠴᠠᠭᠠᠨ ᠤ ᠭᠡᠷ᠎ᠡ ᠶᠢᠨ ᠡᠭᠦᠷᠭᠡ ᠶᠢ 9.45 ᠳ᠋ᠦᠩᠰᠢᠭᠤᠷ ᠲᠣᠨ ᠪᠡᠶᠡᠯᠡᠭᠦᠯᠵᠦ᠂ ᠪᠦᠭᠦ ᠤᠯᠤᠰ ᠤᠨ ᠡᠭᠦᠷᠭᠡ ᠶᠢᠨ ᠶᠡᠷᠦᠩᠬᠡᠢ ᠬᠡᠮᠵᠢᠶ᠎ᠡ ᠶᠢᠨ 36% ᠶᠢ ᠡᠵᠡᠯᠡᠵᠦ᠂ ᠭᠠᠳᠠᠭᠰᠢ ᠬᠦᠷᠭᠡᠭᠰᠡᠨ ᠨᠡᠭᠦᠷᠡᠰᠦ 7.2 ᠳ᠋ᠦᠩᠰᠢᠭᠤᠷ ᠲᠣᠨ ᠬᠦᠷᠴᠦ᠂ ᠭᠠᠳᠠᠭᠰᠢ ᠬᠦᠷᠭᠡᠭᠰᠡᠨ ᠴᠠᠭᠢᠯᠭᠠᠨ ᠤ ᠬᠡᠮᠵᠢᠶ᠎ᠡ 3065 ᠳ᠋ᠦᠩᠰᠢᠭᠤᠷ ᠺᠢᠯᠣᠸᠠᠲ ᠴᠠᠭ ᠲᠤ ᠭᠦᠷᠪᠡ᠃      ᠡᠨᠡ ᠨᠢᠭᠡ ᠵᠢᠯ ᠳᠤ᠂ ᠥᠪᠥᠷ ᠮᠣᠩᠭᠤᠯ ᠱᠠᠯᠠᠪᠳᠠᠨ ᠠᠳᠬᠤᠵᠤ ᠲᠦᠷᠭᠡᠨ ᠠᠵᠢᠯᠯᠠᠵᠤ ᠪᠠᠶᠢᠭᠠᠳ ᠰᠢᠨ᠎ᠡ ᠡᠨᠧᠷᠭᠢ ᠶᠢᠨ ᠲᠠᠪᠠᠯᠳᠠᠳᠤ ᠬᠥᠭᠵᠢᠯᠲᠡ ᠶᠢ ᠠᠬᠢᠭᠤᠯᠵᠤ᠂ ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ᠂ ᠡᠷᠴᠢᠮ ᠤᠷᠢᠳ ᠡᠮᠦᠨ᠎ᠡ ᠪᠠᠶᠢᠭ᠎ᠠ ᠦᠭᠡᠢ ᠴᠢᠩᠭᠠᠷᠠᠪᠠ᠃ ᠪᠦᠭᠦ ᠵᠢᠯ ᠳᠤ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ 1700 ᠳ᠋ᠦᠩᠰᠢᠭᠤᠷ ᠲᠥᠭᠦᠷᠢᠭ ᠰᠢᠬᠠᠮ ᠪᠡᠶᠡᠯᠡᠭᠦᠯᠵᠦ᠂ 33% ᠪᠠᠷ ᠨᠡᠮᠡᠭᠳᠡᠪᠡ᠃ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 3100 ᠲᠦᠮᠡᠨ ᠺᠢᠯᠣᠸᠠᠲ ᠢ ᠳᠠᠪᠠᠵᠤ᠂ ᠨᠡᠮᠡᠭᠳᠡᠯ ᠤᠨ ᠬᠡᠮᠵᠢᠶ᠎ᠡ ᠨᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠪᠴᠢᠶ᠎ᠡ 9323 ᠲᠦᠮᠡᠨ ᠺᠢᠯᠣᠸᠠᠲ ᠲᠤ ᠬᠦᠷᠴᠦ᠂ ᠴᠠᠭᠢᠯᠭᠠᠨ ᠬᠦᠴᠦᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ 43% ᠶᠢ ᠡᠵᠡᠯᠡᠪᠡ᠃ᠰᠢᠨ᠎ᠡ ᠡᠨᠧᠷᠭᠢ ᠶᠢᠨ ᠴᠠᠭᠢᠯᠭᠠᠨ ᠭᠠᠷᠭᠠᠬᠤ ᠬᠡᠮᠵᠢᠶ᠎ᠡ 1665 ᠳ᠋ᠦᠩᠰᠢᠭᠤᠷ ᠺᠢᠯᠣᠸᠠᠲ ᠴᠠᠭ ᠲᠤ ᠬᠦᠷᠴᠦ᠂ 25% ᠪᠠᠷ ᠨᠡᠮᠡᠭᠳᠡᠵᠦ᠂ ᠴᠠᠭᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠳᠤ ᠡᠵᠡᠯᠡᠬᠦ ᠬᠤᠪᠢ ᠶᠢᠨ ᠵᠢᠩ 22% ᠲᠤ ᠬᠦᠷᠴᠡᠢ᠃      ᠡᠨᠡ ᠨᠢᠭᠡ ᠵᠢᠯ ᠳᠤ᠂ ᠥᠪᠥᠷ ᠮᠣᠩᠭᠤᠯ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢ ᠬᠠᠮᠵᠢᠯᠴᠠᠨ ᠠᠬᠢᠭᠤᠯᠵᠤ᠂ ᠨᠢᠭᠡ ᠲᠠᠯ᠎ᠠ ᠪᠠᠷ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢ ᠠᠳᠬᠤᠵᠤ᠂ ᠨᠥᠭᠦᠭᠡ ᠲᠠᠯ᠎ᠠ ᠪᠠᠷ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠦᠢᠯᠡᠰ ᠢ ᠠᠳᠬᠤᠵᠤ᠂ ᠭᠦᠭᠡᠬᠤᠲᠠ ᠪᠤᠭᠤᠲᠤ ᠣᠷᠳᠣᠰ ᠲᠦᠩᠯᠢᠶᠣᠣ ᠶᠢᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠠᠬᠢᠭᠤᠯᠪᠠ᠃ ᠪᠦᠭᠦ ᠵᠢᠯ ᠳᠤ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠲᠥᠷᠥᠯ ᠵᠦᠢᠯ ᠳᠤ 750 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ  ᠬᠢ ᠠᠴᠠ 1.2 ᠳᠠᠭᠢᠨ ᠨᠡᠮᠡᠭᠳᠡᠪᠡ᠃      ᠡᠨᠡ ᠨᠢᠭᠡ ᠵᠢᠯ ᠳᠤ᠂ ᠥᠪᠥᠷ ᠮᠣᠩᠭᠤᠯ ᠪᠣᠬᠢᠷᠳᠤᠯ ᠦᠭᠡᠢ ᠤᠰᠤᠲᠥ᠋ᠷᠥᠭᠴᠢ ᠶᠢᠨ ᠠᠵᠤ ᠦᠢᠯᠡᠰ ᠢ ᠶᠡᠭᠡ  ᠪᠠᠷ ᠬᠥᠭᠵᠢᠭᠦᠯᠵᠦ᠂ ᠤᠰᠤᠲᠥ᠋ᠷᠥᠭᠴᠢ ᠶᠢᠨ ᠡᠨᠧᠷᠭᠢ ᠶᠢᠨ ᠲᠥᠷᠥᠯ ᠵᠦᠢᠯ ᠢ ᠲᠦᠷᠭᠡᠨ ᠪᠠᠶᠢᠷᠢᠯᠠᠭᠤᠯᠤᠨ ᠪᠦᠲᠦᠭᠡᠨ ᠪᠠᠶᠢᠭᠤᠯᠵᠤ᠂ ᠪᠦᠭᠦ ᠤᠯᠤᠰ ᠤᠨ ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠭᠦ ᠲᠥᠷᠥᠯ ᠵᠦᠢᠯ ᠤᠨ ᠭᠤᠣᠯ ᠪᠦᠲᠦᠭᠡᠨ ᠪᠠᠶᠢᠭᠤᠯᠬᠤ ᠭᠠᠵᠠᠷ ᠣᠷᠣᠨ ᠪᠣᠯᠪᠠ᠃ ᠪᠦᠭᠦ ᠤᠯᠤᠰ ᠤᠨ ᠠᠩᠬᠠᠳᠠᠭᠴᠢ ᠲᠦᠮᠡᠨ ᠲᠣᠨ ᠤ ᠲᠠᠰ ᠤᠨ ᠭᠡᠷᠡᠯᠴᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠵᠢᠱᠢᠶ᠎ᠡ ᠦᠵᠡᠭᠦᠯᠭᠦ ᠲᠥᠷᠥᠯ ᠵᠦᠢᠯ ᠠᠰᠢᠭᠯᠠᠯᠲᠠ ᠳᠤ ᠣᠷᠣᠵᠤ᠂ ᠬᠤᠸᠠ ᠳ᠋ᠢᠶᠠᠨ ᠪᠦᠯᠦᠭᠯᠡᠯ ᠤᠨ ᠳᠠᠷᠬᠠᠨ ᠮᠤᠤᠮᠢᠩᠭᠠᠨ ᠤ ᠰᠠᠯᠬᠢ ᠭᠡᠷᠡᠯ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠤᠭᠰᠠᠨ ᠲᠥᠷᠥᠯ ᠵᠦᠢᠯ ᠠᠰᠢᠭᠯᠠᠯᠲᠠ ᠳᠤ ᠣᠷᠣᠵᠤ᠂ ᠳᠡᠯᠡᠬᠡᠢ ᠶᠢᠨ ᠠᠩᠬᠠᠳᠠᠭᠴᠢ ᠬᠠᠲᠠᠭᠤ ᠪᠡᠶᠡᠲᠦ ᠳᠣᠣᠷ᠎ᠠ ᠳᠠᠷᠤᠯᠲᠠᠲᠤ ᠤᠰᠤᠲᠥ᠋ᠷᠥᠭᠴᠢ ᠬᠠᠳᠠᠭᠠᠯᠠᠬᠤ ᠦᠢᠯᠡᠳᠪᠦᠷᠢᠯᠡᠯ ᠤᠨ ᠱᠤᠭᠤᠮ ᠠᠰᠢᠭᠯᠠᠯᠲᠠ ᠳᠤ ᠣᠷᠣᠵᠤ᠂ ᠤᠯᠠᠭᠠᠨᠴᠠᠪ ᠤᠨ ᠪᠣᠬᠢᠷᠳᠤᠯ ᠦᠭᠡᠢ ᠴᠠᠭᠢᠯᠭᠠᠨ ᠢᠶᠠᠷ ᠤᠰᠤᠲᠥ᠋ᠷᠥᠭᠴᠢ ᠦᠢᠯᠡᠳᠬᠦ ᠲᠥᠷᠥᠯ ᠵᠦᠢᠯ ᠤᠨ ᠳᠠᠮᠵᠢᠭᠤᠯᠬᠤ ᠬᠤᠭᠤᠯᠠᠢ ᠶᠢ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ︽ᠪᠦᠭᠦ ᠤᠯᠤᠰ ᠤᠨ ᠨᠢᠭᠡ ᠲᠣᠣᠷ︾ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠳᠤ ᠣᠷᠣᠭᠤᠯᠪᠠ᠃      ᠡᠨᠡ ᠨᠢᠭᠡ ᠵᠢᠯ ᠳᠤ᠂ ᠥᠪᠥᠷ ᠮᠣᠩᠭᠤᠯ ᠡᠨᠧᠷᠭᠢ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠳᠦᠭᠦᠷᠭᠡᠵᠦ ᠨᠡᠭᠡᠭᠡᠨ ᠮᠠᠯᠲᠠᠬᠤ᠂ ᠤᠰᠤ ᠶᠢ ᠬᠠᠮᠠᠭᠠᠯᠠᠨ ᠨᠡᠭᠡᠭᠡᠨ ᠮᠠᠯᠲᠠᠬᠤ ᠵᠡᠷᠭᠡ ᠪᠣᠬᠢᠷᠳᠤᠯ ᠦᠭᠡᠢ ᠨᠡᠭᠡᠭᠡᠨ ᠮᠠᠯᠲᠠᠬᠤ ᠮᠡᠷᠭᠡᠵᠢᠯ ᠢ ᠢᠳᠡᠪᠬᠢᠲᠡᠢ ᠳᠡᠯᠭᠡᠷᠡᠭᠦᠯᠵᠦ᠂ ᠨᠡᠭᠦᠷᠡᠰᠦᠨ ᠴᠠᠭᠢᠯᠭᠠᠨ ᠤ︽ᠭᠤᠷᠪᠠᠨ ᠥᠭᠡᠷᠡᠴᠢᠯᠡᠯᠲᠡ ᠶᠢ ᠬᠠᠮᠲᠤ ᠳᠤᠨᠢ ᠶᠠᠪᠤᠭᠳᠠᠭᠤᠯᠬᠤ︾ ᠶᠢ ᠠᠬᠢᠭᠤᠯᠵᠤ᠂ ︽ᠭᠡᠷᠡᠯᠴᠢ ᠴᠡᠨᠡᠭ + ᠠᠮᠢ ᠠᠬᠤᠢ ᠶᠢᠨ ᠵᠠᠰᠠᠯᠲᠠ︾ ᠶᠢᠨ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠨᠢᠭᠡᠨᠲᠡ 520 ᠲᠦᠮᠡᠨ ᠭᠢᠯᠦᠸᠠᠲ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠮᠠᠰᠢᠨ ᠴᠣᠭᠴᠠᠯᠠᠪᠤᠷᠢ ᠶᠢ ᠪᠠᠶᠢᠭᠤᠯᠵᠤ᠂ 18 ᠲᠦᠮᠡᠨ ᠮᠦ ᠡᠯᠡᠰᠦ ᠶᠢ ᠵᠠᠰᠠᠭᠰᠠᠨ ᠪᠠᠶᠢᠨ᠎ᠠ᠃      ︽ᠭᠦᠷ ᠬᠥᠭᠵᠢᠶᠡᠨᠲᠦ︾ ᠲᠤᠭ᠎ᠠ ᠪᠠᠷᠢᠮᠲᠠ ᠨᠤᠭᠤᠳ ᠨᠢ ᠥᠪᠥᠷ ᠮᠣᠩᠭᠤᠯ ᠤᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ︽ᠲᠣᠭᠲᠠᠪᠤᠷᠢᠵᠢᠭᠤᠯᠤᠭᠴᠢ︾ ᠪᠤᠯᠬᠤ ᠰᠥᠰᠥ ᠵᠣᠷᠢᠭ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃      ︽2023 ᠣᠨ ᠳᠤ᠂ ᠥᠪᠥᠷ ᠮᠣᠩᠭᠤᠯ ᠤᠨ ᠡᠨᠧᠷᠭᠢ ᠶᠢᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ︿ᠲᠣᠭᠲᠠᠭᠤᠨ᠂ ᠲᠦᠷᠭᠡᠨ᠂ ᠰᠢᠯᠢᠳᠡᠭ﹀ ᠣᠨᠴᠠᠯᠢᠭ ᠭᠠᠷᠴᠠᠢ᠃ ︿ᠲᠣᠭᠲᠠᠭᠤᠨ﹀ ᠭᠡᠳᠡᠭ ᠨᠢ ᠡᠨᠧᠷᠭᠢ ᠶᠢᠨ ᠠᠵᠤ ᠠᠬᠤᠢ ᠶᠢᠨ ᠦᠨᠳᠦᠰᠦᠨ ᠪᠠᠶᠢᠳᠠᠯ ᠲᠣᠭᠲᠠᠭᠤᠨ ᠤ ᠳᠤᠮᠳᠠ ᠰᠠᠶᠢᠵᠢᠷᠠᠵᠤ᠂ ︿ᠲᠦᠷᠭᠡᠨ﹀ ᠭᠡᠳᠡᠭ ᠨᠢ ᠰᠢᠨ᠎ᠡ ᠡᠨᠧᠷᠭᠢ ᠶᠢᠨ ᠬᠥᠭᠵᠢᠯᠲᠡ᠂ ᠡᠨᠧᠷᠭᠢ ᠶᠢᠨ ᠴᠢᠬᠤᠯᠠ ᠶᠡᠭᠡ ᠲᠦᠷᠦᠯ ᠵᠦᠢᠯ ᠤᠨ ᠪᠡᠯᠡ ᠣᠷᠣᠭᠤᠯᠤᠯᠲᠠ᠂ ᠡᠨᠧᠷᠭᠢ ᠶᠢᠨ ᠲᠣᠨᠣᠭᠯᠠᠯ ᠦᠢᠯᠡᠳᠬᠦ᠂ ᠡᠨᠧᠷᠭᠢ ᠶᠢᠨ ᠭᠤᠣᠯ ᠪᠤᠯᠬᠤ ᠦᠢᠯᠡᠳᠬᠦᠨ ᠤ ᠨᠡᠮᠡᠭᠳᠡᠯ ᠤᠨ ᠬᠤᠷᠳᠤᠴᠠ ᠶᠢᠨ ᠰᠠᠶᠢᠨ ᠤ ᠳᠤᠮᠳᠠ ᠲᠦᠷᠭᠡᠨ ᠪᠠᠶᠢᠵᠤ᠂ ︿ᠰᠢᠯᠢᠳᠡᠭ﹀ ᠭᠡᠳᠡᠭ ᠨᠢ ᠡᠨᠧᠷᠭᠢ ᠶᠢᠨ ᠪᠦᠲᠦᠴᠡ ᠪᠠ ᠪᠠᠶᠢᠷᠢᠯᠠᠭᠤᠯᠤᠯᠲᠠ ᠰᠠᠶᠢᠨ ᠤ ᠳᠤᠮᠳᠠ ᠰᠢᠯᠢᠳᠡᠭᠵᠢᠭᠰᠡᠨ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠳᠬᠡᠪᠡ᠃      ᠡᠨᠧᠷᠭᠢ ᠶᠢᠨ ᠠᠵᠤ ᠦᠢᠯᠡᠰ ᠪᠣᠯ ᠥᠪᠥᠷ ᠮᠣᠩᠭᠤᠯ ᠤᠨ ᠡᠷᠦᠭᠡ ᠭᠡᠷ ᠢᠶᠠᠨ ᠪᠣᠰᠬᠠᠭᠰᠠᠨ ᠠᠵᠤ ᠦᠢᠯᠡᠰ ᠮᠥᠨ᠂ ᠨᠡᠩ ᠴᠤ ᠲᠤᠯᠭᠠᠭᠤᠷᠢ ᠠᠵᠤ ᠦᠢᠯᠡᠰ ᠮᠥᠨ᠃ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠭᠰᠠᠨ ᠤ ᠬᠤᠪᠢ ᠳᠤ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ︽ᠡᠨᠧᠷᠭᠢ ᠶᠢᠨ ᠪᠤᠳᠠᠭᠠᠨ ᠠᠶᠠᠭ᠎ᠠ︾ ᠶᠢ ᠪᠠᠲᠤᠯᠠᠬᠤ ᠪᠣᠯ ᠥᠪᠥᠷ ᠮᠣᠩᠭᠤᠯ ᠤᠨ ᠡᠷᠬᠡᠪᠰᠢ ᠡᠷᠡᠰ ᠰᠠᠶᠢᠲᠤᠷ ᠭᠦᠢᠴᠡᠳᠬᠡᠬᠦ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠣᠯᠣᠨ᠎ᠠ᠃      2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠪᠠᠰᠠ ᠴᠤ ︽ᠳᠥᠷᠪᠡᠨ ᠬᠤᠪᠢᠰᠬᠠᠯ᠂ ᠨᠢᠭᠡ ᠬᠠᠮᠲᠤᠷᠠᠯᠴᠠᠭ᠎ᠠ︾ ᠶᠢᠨ ᠡᠨᠧᠷᠭᠢ ᠶᠢᠨ ᠠᠮᠤᠷ ᠲᠦᠪᠰᠢᠨ ᠤ ᠰᠢᠨ᠎ᠡ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ 10 ᠵᠢᠯ ᠤᠨ ᠣᠶ ᠪᠣᠯᠣᠨ᠎ᠠ᠃ ᠡᠨᠧᠷᠭᠢ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠥᠰᠥᠪᠯᠡᠨ ᠲᠣᠭᠲᠠᠭᠠᠵᠤ᠂ 2024 ᠣᠨ ᠤ ᠡᠬᠢᠨ ᠳᠤ᠂ ᠥᠪᠥᠷ ᠮᠣᠩᠭᠤᠯ ᠤᠨ ᠡᠨᠧᠷᠭᠢ ᠶᠢᠨ ᠬᠦᠷᠢᠶᠡᠨ ᠤ ᠤᠷᠤᠭᠰᠢᠯᠠᠯᠲᠠ ᠶᠢᠨ ᠪᠦᠷᠢᠶ᠎ᠡ ᠬᠠᠩᠭᠢᠨᠠᠪᠠ᠄ ᠪᠦᠭᠦ ᠵᠢᠯ ᠳᠤ ᠡᠨᠧᠷᠭᠢ ᠶᠢᠨ ᠴᠢᠬᠤᠯᠠ ᠶᠡᠭᠡ ᠲᠥᠷᠥᠯ ᠵᠦᠢᠯ ᠤᠨ ᠪᠡᠯᠡ ᠣᠷᠣᠭᠤᠯᠤᠯᠲᠠ ᠶᠢ 3360 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠴᠢᠷᠮᠠᠶᠢᠵᠤ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠳᠤ 1000 ᠳ᠋ᠦᠩᠰᠢᠭᠤᠷ ᠭᠠᠷᠤᠢ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 1.35 ᠳ᠋ᠦᠩᠰᠢᠭᠤᠷ ᠺᠢᠯᠣᠸᠠᠲ ᠲᠤ ᠬᠦᠷᠭᠡᠵᠦ᠂ ᠨᠡᠭᠦᠷᠡᠰᠦᠨ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠤᠨ᠎ᠠ᠃      ᠬᠠᠪᠤᠷ ᠴᠠᠭ ᠢ ᠬᠥᠰᠡᠷᠳᠡᠭᠦᠯᠬᠦ ᠦᠭᠡᠢ ᠪᠠᠷ ᠥᠷᠯᠥᠭᠡ ᠦᠳᠡᠰᠢ ᠶᠢ ᠲᠡᠮᠡᠴᠡᠵᠦ᠂ ᠣᠮᠤᠭ ᠵᠣᠷᠢᠭ ᠢᠶᠠᠨ ᠬᠥᠪᠴᠢᠯᠡᠨ ᠰᠢᠨ᠎ᠡ ᠠᠶᠠᠨ ᠢᠶᠠᠨ ᠡᠬᠢᠯᠡᠭᠦᠯᠦᠨ᠎ᠡ᠃ ᠰᠢᠨ᠎ᠡ ᠨᠢᠭᠡ ᠵᠢᠯ ᠳᠤ᠂ ᠥᠪᠥᠷ ᠮᠣᠩᠭᠤᠯ ᠤᠨ ᠡᠨᠧᠷᠭᠢ ᠶᠢᠨ ᠲᠣᠮᠣ ᠬᠥᠯᠭᠡ ᠣᠩᠭᠤᠴᠠ ᠦᠷᠭᠦᠯᠵᠢᠯᠡᠨ ᠤᠯᠤᠰ ᠤᠨ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠬᠤ ᠪᠠᠷ ᠶᠡᠷᠦᠩᠬᠡᠢ ᠬᠠᠷᠠᠯᠲᠠ ᠪᠤᠯᠭᠠᠵᠤ᠂ ᠰᠠᠯᠬᠢ ᠳᠠᠪᠠᠯᠭᠠᠨ ᠢ ᠰᠥᠷᠦᠨ ᠤᠷᠤᠭᠰᠢᠯᠠᠵᠤ᠂ ᠳᠠᠷᠪᠠᠭᠤᠯ ᠬᠡᠶᠢᠰᠬᠡᠨ ᠠᠶᠠᠯᠠᠯ ᠢᠶᠠᠨ ᠡᠬᠢᠯᠡᠭᠦᠯᠵᠦ᠂ ᠣᠮᠤᠭ ᠲᠡᠭᠦᠯᠳᠡᠷ ᠢᠶᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠶᠠᠨ ᠳᠤ ᠮᠣᠷᠳᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号