ᠬᠠᠷᠠᠭᠤᠯ ᠪᠠᠯᠭᠠᠰᠤ 2024 ᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/1
     ᠬᠠᠷᠠᠭᠤᠯ ᠪᠠᠯᠭᠠᠰᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠦᠨᠡᠨᠬᠦ ᠴᠢᠩᠭᠠᠳᠬᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ ᠶᠢᠨ ᠮᠡᠷᠭᠡᠵᠢᠯ ᠤᠨ ᠬᠢᠷᠢ ᠬᠡᠮᠵᠢᠶ᠎ᠡ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠬᠤᠯᠠ ᠵᠠᠩᠭᠢᠯᠠᠭ᠎ᠠ ᠶᠢᠨ ᠴᠡᠭ᠂ ᠭᠤᠣᠯᠳᠠᠯᠭ᠎ᠠ ᠲᠠᠢ ᠬᠡᠰᠡᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠥᠯᠥᠭᠡ᠂ 3 ᠰᠠᠷ᠎ᠠ ᠶᠢᠨ 30 ᠤ ᠡᠳᠦᠷ᠂ ᠬᠠᠷᠠᠭᠤᠯ ᠪᠠᠯᠭᠠᠰᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠪᠣᠳᠠᠲᠤ ᠰᠣᠷᠢᠯᠲᠠ ᠶᠢ ᠥᠷᠨᠢᠭᠦᠯᠪᠡ᠃ ᠪᠠᠯᠭᠠᠰᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠷᠦᠬᠡ ᠶᠢᠨ ᠴᠡᠷᠢᠭ᠂ ᠣᠶ ᠬᠠᠮᠠᠭᠠᠯᠠᠭᠴᠢ᠂ ᠭᠠᠯ ᠰᠡᠷᠭᠡᠶᠢᠯᠡᠭᠴᠢ ᠰᠣᠷᠢᠯᠲᠠ ᠳᠤ ᠣᠷᠣᠯᠴᠠᠪᠠ᠃
     ᠰᠣᠷᠢᠯᠲᠠ ᠡᠬᠢᠯᠡᠬᠦ ᠠᠴᠠ ᠡᠮᠦᠨ᠎ᠡ᠂ ᠬᠠᠷᠠᠭᠤᠯ ᠪᠠᠯᠭᠠᠰᠤᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠡᠭᠦᠰᠬᠦ ᠣᠨᠴᠠᠯᠢᠭ ᠵᠢᠴᠢ ᠵᠢᠮ᠎ᠡ ᠶᠣᠰᠣ ᠳᠤ ᠴᠢᠭᠯᠡᠭᠦᠯᠦᠨ᠂ ᠮᠠᠨ ᠤ ᠪᠠᠯᠭᠠᠰᠤᠨ ᠤ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠠᠴᠠ ᠠᠪᠤᠷᠠᠬᠤ ᠠᠷᠭ᠎ᠠ ᠬᠡᠮᠵᠢᠶ᠎ᠡ᠂ ᠤᠨᠲᠠᠷᠠᠭᠠᠬᠤ ᠠᠷᠭ᠎ᠠ ᠬᠡᠮᠵᠢᠶ᠎ᠡ᠂ ᠠᠩᠬᠠᠷᠬᠤ ᠵᠦᠢᠯ ᠵᠢᠴᠢ ᠠᠶᠤᠯ ᠠᠴᠠ ᠵᠠᠶᠢᠯᠠᠬᠤ ᠮᠡᠳᠡᠯᠭᠡ ᠶᠢᠨ ᠲᠠᠯ᠎ᠠ ᠪᠠᠷ ᠲᠣᠰ ᠤᠳᠠᠭᠠᠨ ᠤ ᠰᠣᠷᠢᠯᠲᠠ ᠳᠤ ᠣᠷᠣᠯᠴᠠᠭᠰᠠᠳ ᠲᠤ ᠰᠢᠰᠲ᠋ᠧᠮ ᠲᠠᠢ ᠪᠥᠭᠡᠳ ᠪᠥᠬᠦ ᠲᠠᠯ᠎ᠠ ᠶᠢᠨ᠂ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠯᠲᠠ ᠬᠢᠵᠡᠢ᠃
     ᠰᠣᠷᠢᠯᠲᠠ ᠶᠢᠨ ᠠᠵᠢᠯᠯᠠᠭ᠎ᠠ ᠶᠢᠨ ᠳᠤᠮᠳᠠ᠂ ᠣᠶ ᠬᠠᠮᠠᠭᠠᠯᠠᠭᠴᠢ ᠲᠣᠭᠤᠷᠢᠨ ᠪᠠᠶᠢᠴᠠᠭᠠᠬᠤ ᠶᠠᠪᠤᠴᠠ ᠳᠠᠭᠠᠨ ᠭᠠᠯ ᠤᠨ ᠪᠠᠶᠢᠳᠠᠯ ᠢ ᠣᠯᠵᠤ ᠮᠡᠳᠡᠭᠰᠡᠨ ᠤ ᠳᠠᠷᠠᠭ᠎ᠠ ᠳᠡᠭᠡᠭᠰᠢ ᠮᠡᠳᠡᠭᠦᠯᠦᠭᠰᠡᠨ ᠢ ᠳᠠᠭᠤᠷᠢᠶᠠᠵᠤ᠂ ᠪᠠᠯᠭᠠᠰᠤᠨ ᠤ ᠭᠠᠯ ᠰᠡᠷᠭᠡᠶᠢᠯᠡᠭᠴᠢ ᠳᠠᠷᠤᠢ ᠲᠦᠷᠭᠡᠨ ᠴᠤᠤᠷᠢᠶᠠᠲᠤᠨ ᠳᠠᠭᠠᠵᠤ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠳᠠᠷᠤᠶᠢᠬᠠᠨ ᠡᠬᠢᠯᠡᠨ ᠬᠡᠷᠡᠭᠵᠢᠭᠦᠯᠵᠦ᠂ ᠲᠤᠬᠠᠢ ᠶᠢᠨ ᠲᠠᠯᠠᠪᠠᠶ ᠳᠤ ᠦᠳᠲᠡᠷ ᠲᠦᠷᠭᠡᠨ ᠢᠶᠠᠷ ᠬᠦᠷᠴᠦ ᠤᠨᠲᠠᠷᠠᠭᠠᠨ ᠠᠪᠤᠷᠠᠬᠤ ᠠᠯᠢ ᠣᠯᠠᠨ ᠠᠷᠭ᠎ᠠ ᠬᠡᠮᠵᠢᠶ᠎ᠡ ᠶᠢ ᠠᠪᠤᠭᠰᠠᠨ ᠪᠠᠶᠢᠨ᠎ᠠ᠃ ᠭᠠᠯ ᠰᠡᠷᠭᠡᠶᠢᠯᠡᠬᠦ ᠠᠩᠭᠢ ᠶᠢᠨ ᠬᠢᠨ ᠭᠠᠯ ᠤᠨᠲᠠᠷᠠᠭᠠᠬᠤ ᠮᠠᠰᠢᠨ᠂ ᠬᠤᠶᠠᠳᠤᠭᠠᠷ ᠪᠠᠭᠠᠵᠢ ᠵᠡᠷᠭᠡ ᠮᠠᠰᠢᠨ ᠪᠠᠭᠠᠵᠢ ᠶᠢ ᠬᠡᠷᠡᠭᠯᠡᠨ᠂ ᠳᠠᠭᠤᠷᠢᠶᠠᠮᠠᠯ ᠭᠠᠯ ᠤᠨᠲᠠᠷᠠᠭᠠᠬᠤ ᠶᠢ ᠲᠦᠷᠭᠡᠨ᠂ ᠠᠮᠤᠷ ᠲᠦᠪᠰᠢᠨ᠂ ᠡᠮᠬᠢ ᠵᠢᠷᠤᠮ ᠲᠠᠢ ᠪᠠᠷ ᠬᠢᠭᠰᠡᠨ ᠪᠥᠭᠡᠳ ᠠᠮᠤᠷ ᠲᠦᠪᠰᠢᠨ ᠢᠶᠠᠷ ᠤᠬᠤᠷᠢᠨ ᠭᠠᠷᠬᠤ᠂ ᠦᠯᠡᠳᠡᠭᠰᠡᠨ ᠭᠠᠯ ᠢ ᠴᠡᠪᠡᠷᠯᠡᠬᠦ᠂ ᠲᠤᠬᠠᠢ ᠶᠢᠨ ᠲᠠᠯᠠᠪᠤᠷ ᠲᠤ ᠦᠯᠡᠳᠡᠨ ᠰᠠᠬᠢᠬᠤ᠂ ᠲᠣᠨᠤᠭ ᠲᠥᠬᠦᠭᠡᠷᠦᠮᠵᠢ ᠶᠢ ᠬᠡᠷᠡᠭᠯᠡᠭᠰᠡᠨ ᠪᠠᠶᠢᠳᠠᠯ ᠵᠡᠷᠭᠡ ᠲᠠᠷᠠᠭᠠᠴᠢ ᠶᠢᠨ ᠠᠵᠢᠯ ᠢ ᠰᠠᠶᠢᠲᠤᠷ ᠬᠢᠵᠦ᠂ ᠪᠦᠬᠦ᠋ᠢᠯᠡ ᠰᠣᠷᠢᠯᠲᠠ ᠶᠢᠨ ᠶᠠᠪᠤᠴᠠ ᠨᠢ ᠪᠠᠴᠢᠮ ᠪᠥᠭᠡᠳ ᠡᠮᠬᠢ ᠵᠢᠷᠤᠮ ᠲᠠᠢ ᠪᠠᠶᠢᠵᠤ᠂ ᠠᠩᠭᠢ ᠶᠢᠨ ᠭᠡᠰᠢᠭᠦᠳ ᠤᠨ ᠲᠦᠷᠭᠡᠨ ᠲᠤᠰᠬᠠᠬᠤ ᠴᠢᠳᠠᠪᠤᠷᠢ ᠪᠠ ᠪᠣᠳᠠᠲᠠᠢ ᠪᠠᠶᠢᠯᠳᠤᠬᠤ ᠴᠢᠳᠠᠪᠤᠷᠢ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃
     ᠲᠣᠰ ᠤᠳᠠᠭᠠᠨ ᠤ ᠰᠣᠷᠢᠯᠲᠠ ᠪᠠᠷ ᠳᠡᠮᠵᠢᠨ᠂ ᠮᠠᠨ ᠤ ᠪᠠᠯᠭᠠᠰᠤᠨ ᠤ ᠣᠶ ᠰᠢᠭᠤᠢ ᠶᠢ ᠬᠠᠮᠠᠭᠠᠯᠠᠨ ᠭᠠᠯ ᠰᠡᠷᠭᠡᠶᠢᠯᠡᠬᠦ ᠡᠩᠨᠡᠭᠡ ᠶᠢᠨ ᠭᠡᠨᠡᠳᠲᠡ ᠡᠭᠦᠰᠦᠭᠰᠡᠨ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠬᠤ ᠤᠷ᠎ᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠡᠰᠢᠭᠦᠳ ᠤᠨ ᠭᠠᠯ ᠰᠡᠷᠭᠡᠶᠢᠯᠡᠬᠦ ᠠᠵᠢᠯ ᠤᠨ ᠲᠤᠬᠠᠢ ᠤᠷᠢᠳᠴᠢᠯᠠᠨ ᠰᠡᠷᠡᠮᠵᠢᠯᠡᠭᠦᠯᠬᠦ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠪᠠ᠃ ᠳᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠶᠢᠨ ᠬᠢᠨ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠴᠢᠩᠭ᠎ᠠ ᠰᠡᠷᠭᠡᠶᠢᠯᠡᠨ ᠰᠠᠬᠢᠵᠤ᠂ ᠬᠠᠷᠠᠭᠤᠯ ᠪᠠᠯᠭᠠᠰᠤ ᠶᠢᠨ ᠬᠥᠬᠡᠮᠳᠦᠭ ᠨᠣᠭᠤᠭᠠᠨ ᠠᠭᠤᠯᠠ ᠤᠰᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠦᠴᠦᠲᠡᠢ ᠪᠠᠲᠤᠯᠠᠭ᠎ᠠ ᠬᠠᠩᠭᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号