ᠦᠴᠦᠸᠠᠨ ᠤ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠠᠷᠢᠮᠵᠢᠶ᠎ᠠ ᠶᠢ ᠵᠢᠩᠬᠢᠨᠢ ᠪᠠᠷ ᠨᠡᠶᠢᠲᠡᠯᠡᠪᠡ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 29 ᠤ ᠡᠳᠦᠷ᠂ ᠦᠴᠦᠸᠠᠨ ᠰᠢᠶᠠᠨ ᠤ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠠᠷᠢᠮᠵᠢᠶ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠤ᠂ ︽ᠦᠴᠦᠸᠠᠨ ᠤ ᠨᠣᠬᠠᠢ ᠶᠢᠨ ᠬᠤᠰᠢᠭᠤ︾᠂ ︽ᠦᠴᠦᠸᠠᠨ ᠤ ᠨᠣᠶᠢᠯ ᠪᠤᠭᠤᠳᠠᠢ︾᠂ ︽ᠦᠴᠦᠸᠠᠨ ᠤ ᠢᠳᠡᠰᠢᠨ ᠬᠤᠨᠢ︾᠂ ︽ᠦᠴᠦᠸᠠᠨ ᠤ ᠬᠤᠨᠴᠢᠷ︾᠂ ︽ᠦᠴᠦᠸᠠᠨ ᠤ ᠬᠦᠢᠲᠡᠨ ᠰᠡᠷᠢᠭᠦᠨ ᠢᠳᠡᠰᠢᠨ ᠨᠣᠭᠤᠭ᠎ᠠ︾ ᠵᠡᠷᠭᠡ ᠲᠠᠪᠤᠨ ᠵᠦᠢᠯ ᠤᠨ ᠪᠠᠷᠢᠮᠵᠢᠶ᠎ᠠ ᠶᠢ ᠵᠢᠩᠬᠢᠨᠢ ᠪᠠᠷ ᠨᠡᠶᠢᠲᠡᠯᠡᠪᠡ᠃ ᠦᠴᠦᠸᠠᠨ ᠰᠢᠶᠠᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠶᠧ ᠠᠵᠢᠯᠯᠠᠭ᠎ᠠ ᠳᠤ ᠣᠷᠣᠯᠴᠠᠪᠠ᠃      ᠣᠶᠢᠷ᠎ᠠ ᠶᠢᠨ ᠵᠢᠯ ᠳᠤ᠂ ᠦᠴᠦᠸᠠᠨ ᠰᠢᠶᠠᠨ ᠤ ᠬᠢᠨ ︽ᠬᠤᠶᠠᠷ ᠪᠤᠭᠤᠳᠠᠢ ᠨᠢᠭᠡ ᠲᠥᠮᠥᠰᠥ ᠨᠢᠭᠡ ᠬᠤᠨᠢ︾᠂ ᠬᠦᠢᠲᠡᠨ ᠰᠡᠷᠢᠭᠦᠨ ᠢᠳᠡᠰᠢᠨ ᠨᠣᠭᠤᠭ᠎ᠠ᠂ ᠬᠢᠲᠠᠳ ᠡᠮ ᠤᠨ ᠮᠠᠲ᠋ᠧᠷᠢᠶᠠᠯ ᠵᠡᠷᠭᠡ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠴᠢᠩᠭ᠎ᠠ ᠠᠳᠬᠤᠵᠤ᠂ ᠠᠵᠤ ᠦᠢᠯᠡᠰ ᠤᠨ ᠬᠡᠯᠬᠢᠶ᠎ᠡ ᠳᠤ ᠦᠷᠭᠦᠯᠵᠢᠯᠡᠨ ᠬᠦᠴᠦ ᠣᠷᠣᠭᠤᠯᠵᠤ᠂ ᠵᠢᠵᠢᠭ ᠠᠵᠤ ᠦᠢᠯᠡᠰ ᠢᠶᠠᠷ ᠲᠣᠮᠣ ᠠᠵᠤ ᠠᠬᠤᠢ ᠶᠢ ᠳᠠᠶᠢᠴᠢᠯᠠᠬᠤ ᠪᠠᠷ ᠴᠢᠷᠮᠠᠶᠢᠵᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠤᠯᠤᠰ ᠤᠨ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠬᠡᠪᠴᠢᠶᠡᠵᠢᠭᠦᠯᠬᠦ᠂ ᠪᠠᠷᠢᠮᠵᠢᠶᠠᠵᠢᠭᠤᠯᠬᠤ᠂ ᠨᠠᠷᠠᠲᠤ ᠲᠡᠮᠳᠡᠭᠵᠢᠭᠦᠯᠬᠦ᠂ ᠳᠡᠭᠡᠳᠦ ᠲᠡᠰ ᠤᠨ ᠬᠥᠭᠵᠢᠯᠲᠡ ᠶᠢ ᠲᠣᠭᠲᠠᠭᠤᠨ ᠢᠶᠠᠷ ᠠᠬᠢᠭᠤᠯᠵᠤ᠂ ᠪᠣᠬᠢᠷᠲᠤᠯ ᠦᠭᠡᠢ᠂ ᠣᠷᠭᠠᠨᠢᠭ ᠪᠠ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠤᠨ ᠭᠡᠷᠡᠴᠢᠯᠡᠯ ᠪᠠ ᠬᠠᠮᠢᠶᠠᠷᠤᠯᠲᠠ ᠶᠢ ᠴᠢᠩᠭᠠᠳᠬᠠᠨ᠂ ᠲᠠᠷᠢᠶᠠᠯᠠᠩ ᠤᠨ ᠨᠠᠷᠠᠲᠤ ᠲᠡᠮᠳᠡᠭ ᠤᠨ ᠤᠤᠯ ᠭᠠᠷᠤᠯᠲᠠ ᠶᠢᠨ ᠣᠷᠣᠨ ᠤ ᠬᠠᠮᠠᠭᠠᠯᠠᠯᠲᠠ ᠶᠢ ᠴᠢᠩᠭᠠᠳᠬᠠᠵᠤ᠂ ᠦᠴᠦᠸᠠᠨ ᠤ ᠥᠨᠳᠦᠷᠯᠢᠭ ᠤᠨ ᠣᠨᠴᠠᠯᠢᠭᠲᠤ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠭᠡᠳᠦ ᠲᠠᠰ ᠤᠨ ᠵᠠᠬ᠎ᠠ ᠳᠡᠯᠭᠡᠭᠦᠷ ᠲᠤ ᠣᠷᠣᠭᠤᠯᠵᠤ᠂ ᠨᠠᠩ ᠣᠯᠠᠨ ᠭᠡᠷ ᠪᠦᠯᠢ ᠳᠤ ᠣᠷᠣᠭᠤᠯᠵᠤ᠂ ᠨᠠᠷᠠᠲᠤ ᠲᠡᠮᠳᠡᠭ ᠤᠨ ᠪᠦᠲᠦᠭᠡᠨ ᠪᠠᠶᠢᠭᠤᠯᠤᠯᠲᠠ ᠪᠠᠷ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠰᠢᠨ᠎ᠡ ᠪᠠᠶᠢᠷᠢᠰᠢᠯ ᠢ ᠴᠢᠷᠮᠠᠶᠢᠨ ᠪᠣᠶ ᠪᠣᠯᠭᠠᠪᠠ᠃      ᠣᠶᠢᠯᠠᠭᠠᠭᠰᠠᠨ ᠢᠶᠠᠷ᠂ ᠦᠴᠦᠸᠠᠨ ᠰᠢᠶᠠᠨ ᠤ ᠬᠢᠨ ᠵᠦᠩ ᠨᠥᠩ ᠶᠤᠸᠠᠨ ᠶᠠᠩ ᠪᠦᠯᠦᠭᠯᠡᠯ᠂ ᠳᠤᠮᠳᠠᠳᠤ ᠤᠯᠤᠰ ᠤᠨ ᠪᠠᠷᠢᠮᠵᠢᠶᠠᠲᠤ ᠬᠡᠪᠯᠡᠯ ᠤᠨ ᠬᠤᠷᠢᠶ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠬᠠᠮᠲᠤᠷᠠᠨ᠂ ᠦᠴᠦᠸᠠᠨ ᠰᠢᠶᠠᠨ ᠤ ᠬᠡᠪᠴᠢᠶᠡᠨ ᠤ ᠬᠥᠷᠥᠰᠥ ᠰᠢᠷᠣᠢ᠂ ᠤᠰᠤᠨ ᠤ ᠴᠢᠨᠠᠷ᠂ ᠠᠭᠠᠷ ᠵᠢᠴᠢ ᠨᠣᠬᠠᠢ ᠶᠢᠨ ᠬᠤᠰᠢᠭᠤ᠂ ᠨᠣᠶᠢᠯ ᠪᠤᠭᠤᠳᠠᠢ᠂ ᠢᠳᠡᠰᠢᠨ ᠬᠤᠨᠢ ᠵᠡᠷᠭᠡ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠳᠤ ᠪᠥᠬᠦ ᠲᠠᠯ᠎ᠠ ᠶᠢᠨ ᠰᠢᠯᠭᠠᠨ ᠪᠠᠶᠢᠴᠠᠭᠠᠯᠲᠠ ᠬᠢᠭᠰᠡᠨ ᠪᠥᠭᠡᠳ ︽ᠦᠴᠦᠸᠠᠨ ᠤ ᠨᠣᠬᠠᠢ ᠶᠢᠨ ᠬᠤᠰᠢᠭᠤ︾ ᠵᠡᠷᠭᠡ ᠲᠠᠪᠤᠨ ᠵᠦᠢᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠮᠲᠤ ᠶᠢᠨ ᠪᠠᠷᠢᠮᠵᠢᠶ᠎ᠠ ᠶᠢ ᠨᠠᠶᠢᠷᠠᠭᠤᠯᠤᠨ ᠵᠣᠬᠢᠶᠠᠵᠤ ᠨᠡᠶᠢᠲᠡᠯᠡᠭᠰᠡᠨ ᠪᠠᠶᠢᠨ᠎ᠠ᠃ ᠪᠠᠷᠢᠮᠵᠢᠶ᠎ᠠ ᠨᠢ ᠬᠤᠯᠪᠣᠭᠳᠠᠯ ᠪᠦᠬᠦᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠦᠷᠢᠶ᠎ᠡ ᠬᠡᠪᠴᠢᠶ᠎ᠡ᠂ ᠵᠢᠷᠤᠮᠵᠢᠯ ᠤᠨ ᠴᠢᠨᠠᠷᠲᠠᠢ ᠡᠰᠢᠯᠡᠨ ᠬᠡᠷᠡᠭᠯᠡᠬᠦ ᠪᠢᠴᠢᠭ ᠮᠠᠲ᠋ᠧᠷᠢᠶᠠᠯ᠂ ᠨᠡᠷ᠎ᠡ ᠲᠣᠮᠢᠶ᠎ᠠ ᠪᠠ ᠲᠣᠮᠢᠶᠠᠯᠠᠯ᠂ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠤ ᠱᠠᠭᠠᠷᠳᠠᠯᠭ᠎ᠠ᠂ ᠰᠡᠷᠡᠯ ᠤᠨ ᠡᠷᠬᠡᠲᠡᠨ ᠤ ᠱᠠᠭᠠᠷᠳᠠᠯᠭ᠎ᠠ᠂ ᠶᠠᠰᠤ ᠴᠢᠨᠠᠷ ᠤᠨ ᠱᠠᠭᠠᠷᠳᠠᠯᠭ᠎ᠠ᠂ ᠰᠢᠯᠭᠠᠨ ᠪᠠᠶᠢᠴᠠᠭᠠᠬᠤ ᠠᠷᠭ᠎ᠠ ᠵᠢᠴᠢ ᠲᠡᠮᠳᠡᠭ᠂ ᠪᠣᠭᠤᠳᠠᠯ᠂ ᠲᠡᠭᠡᠭᠡᠪᠦᠷᠢ ᠪᠠ ᠬᠠᠳᠠᠭᠠᠯᠠᠯᠲᠠ ᠳᠤ ᠴᠢᠭᠯᠡᠭᠦᠯᠦᠨ᠂ ᠵᠢᠷᠤᠮᠵᠢᠯ ᠪᠠ ᠲᠣᠳᠣᠷᠬᠠᠶᠢᠯᠠᠯᠲᠠ ᠬᠢᠭᠰᠡᠨ ᠪᠠᠶᠢᠨ᠎ᠠ᠃
     ᠦᠴᠦᠸᠠᠨ ᠰᠢᠶᠠᠨ ᠲᠤᠰ ᠤᠳᠠᠭᠠᠨ ᠤ ᠪᠠᠷᠢᠮᠵᠢᠶ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠢᠶᠠᠷ ︽ᠦᠴᠦᠸᠠᠨ ᠤ ᠨᠣᠬᠠᠢ ᠶᠢᠨ ᠬᠤᠰᠢᠭᠤ︾ ᠵᠡᠷᠭᠡ ᠲᠠᠪᠤᠨ ᠵᠦᠢᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠠᠷᠢᠮᠵᠢᠶ᠎ᠠ ᠶᠢ ᠵᠢᠩᠬᠢᠨᠢ ᠪᠠᠷ ᠨᠡᠶᠢᠲᠡᠯᠡᠵᠦ᠂ ᠰᠢᠶᠠᠨ ᠤ ᠬᠡᠪᠴᠢᠶᠡᠨ ᠤ ᠬᠤᠯᠪᠣᠭᠳᠠᠯ ᠪᠦᠬᠦᠢ ᠠᠵᠤ ᠠᠬᠤᠶᠢᠯᠠᠯ᠂ ᠲᠤᠰᠬᠠᠢ ᠬᠤᠷᠰᠢᠶ᠎ᠠ ᠵᠢᠴᠢ ᠰᠢᠨ᠎ᠡ ᠬᠡᠯᠪᠡᠷᠢ ᠶᠢᠨ ᠲᠠᠷᠢᠶᠠᠯᠠᠩ ᠤᠨ ᠭᠤᠣᠯ ᠴᠣᠭᠴᠠ ᠶᠢ ᠡᠮᠬᠢᠯᠡᠨ ᠨᠡᠶᠢᠯᠡᠭᠦᠯᠵᠦ᠂ ᠦᠴᠦᠸᠠᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭᠴᠢᠯᠡᠯᠲᠡ᠂ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠦᠴᠦᠸᠠᠨ ᠤ ᠴᠢᠨᠠᠷ ᠰᠠᠶᠢᠲᠠᠢ ᠪᠦᠲᠦᠭᠡᠭᠳᠡᠬᠦᠨ ᠢ ᠨᠠᠩ ᠣᠯᠠᠨ ᠭᠠᠵᠠᠷ ᠣᠷᠣᠨ᠂ ᠨᠠᠩ ᠣᠯᠠᠨ ᠭᠡᠷ ᠪᠦᠯᠢ ᠳᠤ ᠣᠷᠣᠭᠤᠯᠵᠤ᠂ ᠦᠴᠦᠸᠠᠨ ᠤ ᠥᠨᠳᠦᠷᠯᠢᠭ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠥᠯᠥᠭᠡᠯᠡᠬᠦ ᠬᠦᠴᠦᠨ᠂ ᠠᠯᠳᠠᠷᠰᠢᠯ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号