ᠦᠴᠦᠸᠠᠨ ᠰᠢᠶᠠᠨ 2024 ᠣᠨ ᠤ ᠵᠠᠰᠠᠭ ᠤᠨ ᠣᠷᠳᠣᠨ ᠤ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 29 ᠤ ᠡᠳᠦᠷ᠂ ᠦᠴᠦᠸᠠᠨ ᠰᠢᠶᠠᠨ 2024 ᠣᠨ ᠤ ᠵᠠᠰᠠᠭ ᠤᠨ ᠣᠷᠳᠣᠨ ᠤ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠰᠢᠶᠠᠨ ᠤ ᠳᠠᠷᠤᠭ᠎ᠠ ᠶᠠᠩ ᠶᠦᠩ ᠭᠠᠩ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠮᠢᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠼᠦᠢ ᠵᠧᠨ ᠬᠤᠸᠠ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠦᠨ ᠰᠢᠶᠣᠣ ᠮᠢᠨ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠬᠦᠶ ᠭᠦᠸᠧ ᠰᠢᠨ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠠᠨ ᠰᠢᠶᠠᠨ ᠦ᠋ ᠬᠤᠷᠠᠯ ᠳᠤ ᠣᠷᠣᠯᠴᠠᠭᠰᠠᠨ ᠪᠥᠭᠡᠳ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠲᠤᠰᠬᠠᠢ ᠰᠡᠳᠦᠪᠲᠦ ᠵᠢᠯᠣᠭᠤᠳᠤᠯᠭ᠎ᠠ ᠬᠢᠪᠡ᠃
     ᠵᠢᠯᠣᠭᠤᠳᠤᠯᠭ᠎ᠠ ᠳᠤ ᠪᠣᠳᠠᠲᠤ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠣᠳᠣᠬᠠᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠳᠤ ᠲᠤᠯᠭᠠᠷᠠᠵᠤ ᠪᠠᠶᠢᠭ᠎ᠠ ᠪᠤᠳᠤᠯᠢᠶᠠᠨᠲᠠᠢ ᠪᠠᠶᠢᠳᠠᠯ ᠳᠤ ᠲᠠᠶᠢᠯᠤᠮᠵᠢ ᠬᠢᠭᠰᠡᠨ ᠪᠥᠭᠡᠳ ᠲᠠᠷᠠᠭᠠᠴᠢ ᠶᠢᠨ ᠱᠠᠲᠤᠨ ᠤ ᠠᠩᠬᠠᠷᠬᠤ ᠴᠢᠬᠤᠯᠠᠲᠠᠢ ᠭᠤᠣᠯᠳᠠᠯᠭ᠎ᠠ ᠲᠠᠢ ᠬᠦᠷᠢᠶ᠎ᠡ ᠪᠣᠯᠣᠨ ᠭᠤᠣᠯᠳᠠᠯᠭ᠎ᠠ ᠲᠠᠢ ᠴᠢᠭᠯᠡᠯ ᠢ ᠲᠣᠳᠣᠷᠬᠠᠶᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠦᠨᠡᠨᠴᠢ ᠰᠢᠳᠤᠷᠭᠤ ᠪᠠᠷ ᠬᠡᠷᠡᠭᠵᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠣᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠵᠥᠪᠬᠡᠨ ᠶᠠᠪᠤᠭᠳᠠᠬᠤ ᠴᠠᠭ ᠪᠠᠶᠢᠬᠤ ᠠᠴᠠ ᠪᠢᠰᠢ ᠳᠠᠭᠤᠰᠬᠤ ᠴᠠᠭ ᠪᠠᠶᠢᠬᠤ ᠦᠭᠡᠢ ᠶᠢ ᠭᠦᠨᠵᠡᠭᠡᠢ ᠲᠠᠨᠢᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠴᠢᠩᠭ᠎ᠠ ᠰᠡᠷᠭᠡᠶᠢᠯᠡᠬᠦ ᠪᠠ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠲᠥᠪ ᠪᠤᠰᠤ ᠰᠤᠷᠲᠠᠯ ᠢ ᠡᠷᠡᠰ ᠵᠠᠯᠬᠠᠭᠠᠨ ᠰᠢᠳᠭᠡᠵᠦ᠂ ᠠᠷᠢᠭᠤᠨ ᠴᠢᠬᠡᠴᠢ ᠪᠠᠷ ᠠᠵᠢᠯᠯᠠᠬᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠭᠦᠨ ᠵᠤᠵᠠᠭᠠᠨ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠵᠤ᠂ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠪᠣᠳᠠᠲᠠᠢ ᠠᠵᠢᠯᠯᠠᠬᠤ ᠵᠠᠰᠠᠭ ᠤᠨ ᠣᠷᠳᠣᠨ᠂ ᠥᠨᠳᠥᠷ ᠪᠦᠲᠦᠮᠵᠢᠲᠡᠶ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠢ ᠦᠨᠡᠨᠬᠦ ᠪᠠᠶᠢᠭᠤᠯᠬᠤ ᠬᠡᠷᠡᠭᠲᠡᠢ ᠭᠡᠵᠦ ᠳᠤᠷᠠᠳᠪᠠ᠃      ᠬᠤᠷᠠᠯ ᠠᠴᠠ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠡᠯ᠎ᠡ ᠵᠦᠢᠯ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠣᠯᠬᠤ ᠶᠢ ᠦᠨᠡᠨᠬᠦ ᠠᠬᠢᠭᠤᠯᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠶᠠᠮᠠᠷᠪᠠ ᠴᠠᠭ ᠦᠶ᠎ᠡ᠂ ᠶᠠᠮᠠᠷᠪᠠ ᠪᠠᠶᠢᠳᠠᠯ ᠳᠣᠣᠷ᠎ᠠ ᠴᠥᠮ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠤᠯᠤᠰ ᠲᠦᠷᠦ ᠶᠢᠨ ᠵᠣᠭᠰᠣᠯᠲᠠ ᠪᠠᠨ ᠡᠷᠡᠰ ᠪᠠᠲᠤᠳᠬᠠᠵᠤ᠂ ᠢᠮᠠᠭᠲᠠ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠡᠷᠡᠰ ᠬᠡᠷᠡᠭᠵᠢᠭᠦᠯᠦᠭᠴᠢ ᠪᠣᠯᠬᠤ ᠬᠡᠷᠡᠭᠲᠡᠢ᠃ ᠰᠢᠷᠭᠠᠭᠤ ᠬᠢᠴᠢᠶᠡᠩᠭᠦᠢ ᠪᠠᠷ ᠠᠵᠢᠯ ᠢᠶᠠᠨ ᠠᠳᠬᠤᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠶᠣᠰᠣ ᠳᠦᠷᠢᠮ ᠢ ᠴᠢᠩᠭ᠎ᠠ ᠰᠠᠬᠢᠵᠤ᠂ ᠡᠳ᠋ ᠤᠨ ᠵᠠᠰᠠᠭ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠥᠪᠡᠷ ᠢ ᠪᠠᠨ ᠰᠠᠶᠢᠲᠤᠷ ᠬᠢᠵᠠᠭᠠᠷᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠪᠣᠯ ᠢᠮᠠᠭᠲᠠ ᠠᠵᠤ ᠠᠬᠤᠢ ᠶᠢᠨ ᠬᠥᠭᠵᠢᠯᠲᠡ᠂ ᠣᠯᠠᠨ ᠲᠦᠮᠡᠨ ᠤ ᠠᠰᠢᠭ ᠲᠤᠰᠠ᠂ ᠨᠡᠶᠢᠭᠡᠮ ᠤᠨ ᠲᠣᠭᠲᠠᠭᠤᠨ ᠪᠠᠶᠢᠳᠠᠯ ᠲᠠᠢ ᠨᠢᠭᠲᠠ ᠬᠤᠯᠪᠣᠯᠳᠤᠵᠤ᠂ ᠨᠢᠭᠲᠠ ᠬᠤᠯᠪᠣᠭᠳᠠᠵᠤ ᠪᠠᠶᠢᠳᠠᠭ᠃ ᠪᠦᠬᠦ ᠰᠢᠶᠠᠨ ᠢᠶᠠᠷ ᠢᠶᠠᠨ ᠡᠷᠬᠡᠪᠰᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠰᠢᠷᠭᠠᠭᠤ ᠬᠠᠲᠠᠭᠤᠵᠢᠯᠲᠠᠢ ᠴᠢᠷᠮᠠᠶᠢᠵᠤ᠂ ᠪᠣᠳᠠᠲᠠᠢ ᠶᠢ ᠡᠷᠬᠢᠮᠯᠡᠨ ᠠᠵᠢᠭᠯᠠᠬᠤ ᠶᠢ ᠴᠢᠬᠤᠯᠠᠴᠢᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠡ ᠦᠷ᠎ᠡ ᠪᠦᠲᠦᠮᠵᠢ ᠪᠠᠷ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ᠄ ᠵᠤᠤ ᠯᠧ᠂ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号