ᠮᠠᠨ ᠤ ᠣᠷᠣᠨ ᠤᠮᠠᠷᠠᠲᠤ ᠬᠢᠯᠢ ᠶᠢᠨ ᠰᠣᠶᠣᠯ ᠤᠨ ᠡᠷᠲᠡᠨ ᠤ ᠨᠣᠮ ᠤᠨ ᠡᠬᠢ ᠪᠠᠶᠠᠯᠢᠭ ᠤᠨ ᠬᠥᠮᠥᠷᠭᠡ ᠶᠢᠨ ᠲᠠᠪᠴᠠᠩ ᠢ ᠪᠠᠶᠢᠭᠤᠯᠪᠠ
ᠨᠡᠶᠢᠲᠡᠯᠡᠭᠰᠡᠨ ᠴᠠᠭ᠄
2024/4/1
     3 ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠮᠲᠤᠷᠠᠨ ᠰᠤᠳᠤᠯᠤᠨ ᠨᠡᠭᠡᠭᠡᠭᠰᠡᠨ ᠤᠮᠠᠷᠠᠲᠤ ᠬᠢᠯᠢ ᠶᠢᠨ ᠰᠣᠶᠣᠯ ᠤᠨ ᠡᠷᠲᠡᠨ ᠤ ᠨᠣᠮ ᠤᠨ ᠡᠬᠢ ᠪᠠᠶᠠᠯᠢᠭ ᠤᠨ ᠬᠥᠮᠥᠷᠭᠡ ᠶᠢᠨ ᠲᠠᠪᠴᠠᠩ ᠢ ᠨᠡᠶᠢᠲᠡᠯᠡᠬᠦ ᠶᠣᠰᠣᠯᠠᠯ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠪᠠ᠃      ᠣᠶᠢᠯᠠᠭᠠᠭᠰᠠᠨ ᠢᠶᠠᠷ᠂ ᠤᠮᠠᠷᠠᠲᠤ ᠬᠢᠯᠢ ᠶᠢᠨ ᠰᠣᠶᠣᠯ ᠤᠨ ᠡᠷᠲᠡᠨ ᠤ ᠨᠣᠮ ᠤᠨ ᠡᠬᠢ ᠪᠠᠶᠠᠯᠢᠭ ᠤᠨ ᠬᠥᠮᠥᠷᠭᠡ ᠶᠢᠨ ᠲᠠᠪᠴᠠᠩ ᠪᠣᠯ ᠦᠨᠳᠦᠰᠦᠲᠡᠨ ᠤ ᠡᠷᠲᠡᠨ ᠤ ᠨᠣᠮ ᠤᠨ ᠶᠡᠷᠦᠩᠬᠡᠶᠢᠯᠡᠭᠰᠡᠨ ᠬᠠᠮᠢᠶᠠᠷᠤᠯᠲᠠ᠂ ᠣᠯᠠᠨ ᠬᠡᠯᠡᠨ ᠤ ᠡᠷᠲᠡᠨ ᠤ ᠨᠣᠮ ᠢ OCR ᠪᠠᠷ ᠢᠯᠭᠠᠨ ᠲᠠᠨᠢᠬᠤ᠂ ᠡᠷᠲᠡᠨ ᠤ ᠨᠣᠮ ᠢ ᠪᠦᠭᠦ ᠠᠭᠤᠯᠭ᠎ᠠ ᠪᠠᠷ ᠨᠢ ᠬᠠᠶᠢᠬᠤ᠂ ᠦᠨᠳᠦᠰᠦᠲᠡᠨ ᠤ ᠡᠷᠲᠡᠨ ᠤ ᠨᠣᠮ ᠤᠨ ᠣᠶᠤᠨᠴᠢᠯᠠᠭᠰᠠᠨ ᠵᠠᠳᠠᠯᠤᠯᠲᠠ᠂ ᠦᠨᠳᠦᠰᠦᠲᠡᠨ ᠤ ᠡᠷᠲᠡᠨ ᠤ ᠨᠣᠮ ᠢ ᠲᠣᠮᠣ ᠳ᠋ᠠᠶᠢᠲ᠋ᠠ ᠪᠠᠷ ᠦᠵᠡᠭᠦᠯᠭᠦ᠂ ᠡᠷᠲᠡᠨ ᠤ ᠨᠣᠮ ᠤᠨ ᠵᠢᠷᠤᠭ ᠳᠦᠷᠰᠦ ᠶᠢ ᠵᠠᠰᠠᠨ ᠰᠡᠷᠭᠦᠭᠡᠬᠦ ᠪᠠ ᠦᠨᠳᠦᠰᠦᠲᠡᠨ ᠤ ᠡᠷᠲᠡᠨ ᠤ ᠨᠣᠮ ᠤᠨ ᠮᠡᠳᠡᠯᠭᠡ ᠶᠢᠨ ᠵᠢᠷᠤᠭ ᠤᠨ ᠵᠢᠭᠰᠠᠯ ᠵᠡᠷᠭᠡ ᠰᠢᠰᠲ᠋ᠧᠮ ᠢᠶᠠᠷ ᠨᠢᠭᠡ ᠴᠣᠭᠴᠠ ᠪᠤᠯᠭᠠᠬᠰᠠᠨ ᠲᠣᠮᠣ ᠭᠡᠯᠪᠡᠷᠢ ᠶᠢᠨ ᠨᠡᠶᠢᠯᠡᠯ ᠲᠠᠪᠴᠠᠩ ᠪᠣᠯᠣᠨ᠎ᠠ᠃ ᠥᠪᠥᠷ ᠮᠣᠩᠭᠤᠯ ᠤᠨ ᠶᠡᠭᠡ ᠰᠤᠷᠭᠠᠭᠤᠯᠢ ᠨᠢ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠲᠠᠢ ᠬᠠᠮᠲᠤᠷᠠᠨ ᠮᠣᠩᠭᠤᠯ ᠬᠡᠯᠡᠨ ᠤ ᠡᠷᠲᠡᠨ ᠤ ᠨᠣᠮ ᠢ ᠲᠣᠭᠠᠴᠢᠯᠠᠬᠤ ᠪᠠ ᠬᠠᠮᠢᠶ᠎ᠠ ᠪᠦᠬᠦᠢ ᠣᠶᠤᠨᠴᠢ ᠲᠠᠪᠴᠠᠩ ᠤᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠢᠬᠤᠯᠠ ᠶᠡᠭᠡ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠤᠯᠬᠤ ︽ᠮᠣᠩᠭᠤᠯ ᠬᠡᠯᠡᠨ ᠤ ᠡᠷᠲᠡᠨ ᠤ ᠨᠣᠮ ᠤᠨ ᠲᠤᠭᠠᠴᠢᠯᠠᠯᠳᠠ ᠶᠢᠨ ᠢᠨᠵᠧᠨᠧᠷᠢᠩ︾ ᠢ ᠡᠷᠭᠢᠯᠡᠨ ᠥᠷᠨᠢᠭᠦᠯᠪᠡ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ 11291 ᠪᠣᠳᠢ ︵ᠳᠡᠪᠲᠡᠷ︶ ᠮᠣᠩᠭᠤᠯ ᠬᠡᠯᠡᠨ ᠤ ᠡᠷᠲᠡᠨ ᠤ ᠨᠣᠮ᠂ 129 ᠢᠵᠢ ᠬᠤᠪᠣᠷ ᠨᠠᠨᠳᠢᠨ ᠡᠷᠲᠡᠨ ᠤ ᠨᠣᠮ ᠤᠨ ᠪᠦᠭᠦ ᠠᠭᠤᠯᠭ᠎ᠠ ᠶᠢ ᠲᠣᠭᠠᠴᠢᠯᠠᠵᠤ᠂ ᠡᠭᠦᠨ ᠳᠤ 639 ᠲᠦᠮᠡᠨ ᠥᠰᠥᠭ ᠪᠢᠴᠢᠭ᠂ 116.3 ᠲᠦᠮᠡᠨ ᠬᠤᠪᠢ ᠵᠢᠷᠤᠭ ᠳᠦᠷᠰᠦ ᠶᠢ ᠪᠠᠭᠲᠠᠭᠠᠬᠤ ᠶᠢᠨ ᠬᠠᠮᠲᠤ 24 ᠲᠦᠮᠡᠨ ᠵᠤᠷᠪᠤᠰ ᠡᠷᠲᠡᠨ ᠤ ᠨᠣᠮ ᠤᠨ ᠮᠡᠳᠡᠯᠭᠡ ᠶᠢᠨ ᠵᠢᠷᠤᠭ ᠤᠨ ᠵᠢᠭᠰᠠᠯ ᠤᠨ ᠭᠤᠷᠪᠠᠨ ᠡᠰᠢᠲᠦ ᠪᠦᠯᠦᠭ ᠢ ᠪᠠᠶᠢᠭᠤᠯᠵᠠᠢ᠃ ᠲᠣᠰ ᠲᠥᠷᠥᠯ ᠵᠦᠢᠯ ᠨᠢ ᠣᠳᠣᠬᠠᠨ ᠳᠤ ᠮᠣᠩᠭᠤᠯ ᠬᠡᠯᠡᠨ ᠤ ᠡᠷᠲᠡᠨ ᠤ ᠨᠣᠮ ᠢ ᠬᠠᠮᠤᠭ ᠤᠨ ᠣᠯᠠᠨ ᠬᠠᠳᠠᠭᠠᠯᠠᠭᠰᠠᠨ᠂ ᠬᠠᠶᠢᠵᠤ ᠵᠠᠳᠠᠯᠬᠤ ᠣᠶᠤᠨᠴᠢᠯᠠᠭᠰᠠᠨ ᠲᠦᠪᠰᠢᠨ ᠢᠶᠠᠷ ᠬᠠᠮᠤᠭ ᠤᠨ ᠥᠨᠳᠥᠷ ᠤᠮᠠᠷᠠᠲᠤ ᠬᠢᠯᠢ ᠶᠢᠨ ᠰᠣᠶᠣᠯ ᠤᠨ ᠡᠷᠲᠡᠨ ᠤ ᠨᠣᠮ ᠤᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠭᠰᠠᠨ ᠪᠠᠶᠢᠨ᠎ᠠ᠃      ᠡᠨᠡ ᠬᠦ ᠲᠠᠪᠴᠠᠩ ᠨᠢ ᠳᠤᠮᠳᠠᠳᠤ ᠶᠢᠨ ᠦᠨᠳᠦᠰᠦᠲᠡᠨ ᠤ ᠡᠷᠲᠡᠨ ᠤ ᠨᠣᠮ ᠢ ᠠᠪᠤᠷᠠᠬᠤ᠂ ᠬᠠᠮᠠᠭᠠᠯᠠᠬᠤ᠂ ᠤᠯᠠᠮᠵᠢᠯᠠᠬᠤ᠂ ᠨᠡᠭᠡᠭᠡᠨ ᠬᠥᠭᠵᠢᠭᠦᠯᠵᠦ ᠠᠰᠢᠭᠯᠠᠬᠤ ᠳᠤ ᠴᠢᠬᠤᠯᠠ ᠮᠡᠷᠭᠡᠵᠢᠯ ᠪᠠ ᠲᠠᠪᠴᠠᠩ ᠤᠨ ᠲᠤᠯᠭᠠᠭᠤᠷᠢᠯᠠᠯ ᠬᠠᠩᠭᠠᠵᠤ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ᠂ ᠳᠤᠮᠳᠠᠳᠤ ᠤᠯᠤᠰ ᠤᠨ ᠲᠡᠦᠬᠡ ᠰᠣᠶᠣᠯ ᠤᠨ ᠰᠤᠳᠤᠯᠭᠠᠨ ᠢ ᠴᠢᠩᠭᠠᠳᠬᠠᠨ᠂ ᠲᠡᠭᠦᠨ ᠳᠤ ᠠᠭᠤᠯᠤᠭᠳᠠᠵᠤ ᠪᠠᠶᠢᠭ᠎ᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠠᠭᠤᠯᠤᠭᠳᠠᠬᠤᠨ ᠢ ᠠᠭᠤᠳᠠᠯᠤᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠠᠬᠢᠵᠢᠭᠦᠯᠦᠨ ᠬᠥᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠤᠰᠬᠠᠢ ᠮᠡᠷᠭᠡᠵᠢᠯᠲᠡᠳ ᠠᠴᠠ᠂ ᠳᠤᠰ ᠲᠠᠪᠴᠠᠩ ᠨᠢ ᠦᠨᠳᠦᠰᠦᠲᠡᠨ ᠤ ᠡᠷᠲᠡᠨ ᠤ ᠨᠣᠮ ᠢ ᠬᠠᠮᠠᠭᠠᠯᠠᠬᠤ ᠪᠠ ᠠᠰᠢᠭᠯᠠᠬᠤ ᠳᠤ ᠲᠤᠶᠢᠯ ᠤᠨ ᠲᠥᠭᠦᠮ ᠦᠵᠡᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠷᠳᠡᠮᠲᠡᠳ ᠲᠤ ᠡᠯᠪᠡᠭ ᠪᠠᠶᠠᠯᠢᠭ ᠰᠤᠳᠤᠯᠭᠠᠨ ᠤ ᠮᠠᠲ᠋ᠧᠷᠢᠶᠠᠯ ᠬᠠᠩᠭᠠᠵᠤ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠪᠣᠯᠣᠨ ᠬᠠᠮᠲᠤᠷᠠᠯᠴᠠᠭ᠎ᠠ ᠶᠢ ᠠᠬᠢᠭᠤᠯᠵᠤ᠂ ᠳᠤᠮᠳᠠᠳᠤ ᠤᠯᠤᠰ ᠤᠨ ᠤᠯᠠᠨ ᠤᠯᠤᠰ ᠤᠨ ᠲᠠᠪᠴᠠᠩ ᠳᠠᠬᠢ ᠰᠣᠶᠣᠯ ᠤᠨ ᠵᠥᠭᠡᠯᠡᠨ ᠪᠣᠳᠠᠲᠤ ᠬᠦᠴᠦᠨ ᠢ ᠪᠦᠲᠦᠮᠵᠢᠲᠡᠢ ᠳᠡᠭᠡᠭᠰᠢᠯᠡᠭᠦᠯᠪᠡ᠃ ᠦᠨᠳᠦᠰᠦᠲᠡᠨ ᠤ ᠡᠷᠲᠡᠨ ᠤ ᠨᠣᠮ ᠢ ᠬᠠᠮᠠᠭᠠᠯᠠᠬᠤ ᠪᠠ ᠰᠤᠳᠤᠯᠬᠤ ᠨᠢ ᠳᠡᠯᠡᠬᠡᠢ ᠶᠢᠨ ᠰᠣᠶᠣᠯ ᠤᠨ ᠤᠯᠠᠨ ᠶᠠᠩᠵᠤᠲᠤ ᠴᠢᠨᠠᠷ ᠢ ᠪᠠᠲᠤᠯᠠᠬᠤ᠂ ᠬᠥᠮᠥᠨ ᠲᠥᠷᠥᠯᠬᠢᠲᠡᠨ ᠤ ᠪᠣᠯᠪᠠᠰᠤᠨ ᠢ ᠪᠠᠶᠠᠯᠢᠭᠵᠢᠭᠤᠯᠬᠤ ᠳᠤ ᠬᠡᠮᠵᠢᠶᠡᠯᠡᠰᠢ ᠦᠭᠡᠢ ᠦᠨ᠎ᠡ ᠴᠠᠨ᠎ᠠ ᠲᠠᠢ ᠶᠤᠮ ᠭᠡᠵᠦ ᠦᠵᠡᠵᠡᠭᠡᠪᠡ᠃      ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ᠂ ᠶᠡᠭᠡ ᠳᠡᠭᠡᠳᠦ ᠰᠤᠷᠭᠠᠭᠤᠯᠢ ᠶᠢᠨ ᠲᠥᠯᠥᠭᠡᠯᠡᠭᠴᠢ᠂ ᠬᠠᠮᠢᠶ᠎ᠠ ᠪᠦᠬᠦᠢ ᠠᠵᠤ ᠠᠬᠤᠶᠢᠯᠠᠯ ᠤᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠲᠢᠩᠬᠢᠮ ᠲᠣᠪᠴᠢᠶ᠎ᠠ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠡᠯ᠎ᠡ ᠨᠣᠮ ᠤᠨ ᠰᠠᠩ ᠤᠨ ᠲᠥᠯᠥᠭᠡᠯᠡᠭᠴᠢ ᠨᠡᠶᠢᠲᠡ 200 ᠭᠠᠷᠤᠢ ᠬᠥᠮᠥᠨ ᠨᠡᠶᠢᠲᠡᠯᠡᠬᠦ ᠬᠤᠷᠠᠯ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号