︽ᠬᠠᠷᠮᠠᠨ ᠴᠡᠴᠡᠷᠯᠢᠭ︾ ᠢ ᠪᠠᠶᠢᠭᠤᠯᠵᠤ ᠪᠦᠭᠦ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ
ᠨᠡᠶᠢᠲᠡᠯᠡᠭᠰᠡᠨ ᠴᠠᠭ᠄
2024/4/1
     ᠣᠶᠢᠯᠠᠭᠠᠭᠰᠠᠨ ᠢᠶᠠᠷ᠂ 2024 ᠣᠨ ᠳᠤ ᠦᠬᠠᠢ ᠬᠤᠲᠠ 10 ︽ᠬᠠᠷᠮᠠᠨ ᠴᠡᠴᠡᠷᠯᠢᠭ︾ ᠢ ᠰᠢᠨ᠎ᠡ ᠪᠠᠷ ᠪᠠᠶᠢᠭᠤᠯᠵᠤ᠂ ᠬᠤᠳᠠ ᠶᠢᠨ ᠠᠷᠠᠳ ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃      ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠪᠠ ᠰᠠᠭᠤᠷᠢ ᠲᠥᠬᠦᠭᠡᠷᠦᠮᠵᠢ ᠨᠢ ᠠᠷᠠᠳ ᠤᠨ ᠠᠮᠢᠳᠤᠷᠠᠯ ᠤᠨ ᠵᠣᠯ ᠵᠢᠷᠭᠠᠯ ᠤᠨ ᠭᠦᠢᠴᠡᠳᠬᠡᠯ ᠲᠤᠭ᠎ᠠ ᠪᠠ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠲᠠᠯ᠎ᠠ ᠪᠠᠷ  ᠵᠠᠩᠭᠢᠯᠠᠭ᠎ᠠ ᠶᠢᠨ ᠦᠢᠯᠡᠳᠦᠯ ᠦᠵᠡᠭᠦᠯᠵᠦ ᠪᠠᠶᠢᠭ᠎ᠠ ᠶᠤᠮ᠃ ᠦᠬᠠᠢ ᠬᠤᠲᠠ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠬᠠᠷᠮᠠᠨ ᠴᠡᠴᠡᠷᠯᠢᠭ︾ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠬᠤᠲᠠ ᠶᠢᠨ ᠴᠢᠳᠠᠪᠬᠢ ᠪᠠ ᠶᠠᠰᠤ ᠴᠢᠨᠠᠷ ᠢ ᠳᠠᠭᠢᠨ ᠳᠡᠭᠡᠭᠰᠢᠯᠡᠭᠦᠯᠭᠦ ᠠᠵᠢᠯᠯᠠᠭ᠎ᠠ ᠳᠤ ᠬᠦᠴᠦᠨ ᠨᠡᠮᠡᠷᠢᠯᠡᠨ᠎ᠡ᠃      ︽ᠬᠠᠷᠮᠠᠨ ᠴᠡᠴᠡᠷᠯᠢᠭ︾ ᠨᠢ ᠴᠢᠳᠠᠪᠬᠢᠲᠤ ᠴᠢᠨᠠᠷ᠂ ᠦᠢᠯᠡᠴᠢᠯᠡᠭᠡᠨ ᠤ ᠴᠢᠨᠠᠷ᠂ ᠰᠣᠨᠢᠷᠬᠠᠯᠳᠤ ᠴᠢᠨᠠᠷ ᠢ ᠨᠢᠭᠡ ᠴᠣᠭᠴᠠᠵᠢᠭᠤᠯᠵᠤ᠂ ᠤᠯᠠᠨ ᠲᠦᠮᠡᠨ ᠤ ᠡᠭᠦᠳᠡᠨ ᠳᠡᠷᠭᠡᠳᠡ ᠪᠠᠨ ᠪᠡᠶ᠎ᠡ ᠴᠢᠭᠢᠷᠠᠭᠵᠢᠭᠤᠯᠬᠤ᠂ ᠵᠤᠭᠠᠴᠠᠨ ᠰᠡᠯᠡᠭᠦᠴᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠴᠢᠳᠠᠳᠠᠭ᠃ ᠣᠶᠢᠷ᠎ᠠ ᠶᠢᠨ ᠵᠢᠯ ᠠᠴᠠ᠂ ᠦᠬᠠᠢ ᠬᠤᠳᠠ ᠬᠤᠳᠠ ᠶᠢᠨ ᠠᠷᠠᠳ ᠤᠨ ᠵᠣᠯ ᠵᠢᠷᠭᠠᠯᠲᠤ ᠲᠥᠷᠥᠭᠳᠡᠯ ᠢ ᠨᠡᠮᠡᠭᠳᠡᠭᠦᠯᠬᠦ ᠡᠭᠦᠳᠡᠨ ᠠᠴᠠ ︽ᠬᠠᠷᠮᠠᠨ ᠴᠡᠴᠡᠷᠯᠢᠭ︾ ᠤᠨ ᠪᠦᠲᠦᠭᠡᠨ ᠪᠠᠶᠢᠭᠤᠯᠤᠯᠲᠠ ᠶᠢ  ᠶᠡᠭᠡ ᠪᠠᠷ ᠴᠢᠩᠭᠠᠳᠬᠠᠵᠤ᠂ ᠤᠯᠠᠨ ᠲᠦᠮᠡᠨ ᠤ  ᠬᠦᠷᠢᠶᠡᠯᠡᠯ ᠢ ᠶᠡᠬᠡᠳᠡ ᠣᠯᠵᠠᠢ᠃ ᠡᠨᠡ ᠵᠢᠯ ᠤᠨ ᠭᠤᠣᠯᠯᠠᠨ ᠪᠠᠶᠢᠭᠤᠯᠬᠤ 10 ︽ᠬᠠᠷᠮᠠᠨ ᠴᠡᠴᠡᠷᠯᠢᠭ︾ ᠲᠤ ᠦᠬᠠᠢ ᠬᠤᠲᠠ ᠶᠢᠨ ᠴᠠᠭᠢᠯᠭᠠᠨ ᠬᠠᠩᠭᠠᠬᠤ ᠺᠤᠮᠫᠠᠨᠢ ᠶᠢᠨ ᠵᠡᠭᠦᠨ ᠲᠠᠯ᠎ᠠ ᠶᠢᠨ ᠬᠠᠷᠮᠠᠨ ᠴᠡᠴᠡᠷᠯᠢᠭ᠂ ᠬᠠᠶᠢᠷᠤᠪ ᠤᠨ ᠲᠣᠬᠤᠢ ᠲᠣᠭᠤᠷᠢᠭ ᠤᠨ ᠶᠢᠨ ᠲᠢᠶᠠᠨ ᠵᠡᠭᠦᠨ ᠲᠠᠯ᠎ᠠ ᠶᠢᠨ ᠬᠠᠷᠮᠠᠨ ᠴᠡᠴᠡᠷᠯᠢᠭ᠂ ᠬᠠᠶᠢᠷᠤᠪ ᠤᠨ ᠲᠣᠬᠤᠢ ᠲᠣᠭᠤᠷᠢᠭ ᠤᠨ ᠭᠠᠨᠳᠠᠷ᠎ᠠ ᠶᠢᠨ ᠲᠡᠮᠦᠷ ᠵᠠᠮ ᠤᠨ ᠬᠥᠭᠦᠷᠭᠡ ᠶᠢᠨ ᠬᠤᠶᠢᠲᠤ ᠲᠠᠯ᠎ᠠ ᠶᠢᠨ ᠬᠠᠷᠮᠠᠨ ᠴᠡᠴᠡᠷᠯᠢᠭ᠂ ᠬᠠᠶᠢᠷᠤᠪ ᠤᠨ ᠲᠣᠬᠤᠢ ᠲᠣᠭᠤᠷᠢᠭ ᠤᠨ ᠠᠷᠪᠠᠨ ᠲᠠᠪᠤᠳᠤᠭᠠᠷ ᠪᠠᠭ᠎ᠠ ᠰᠤᠷᠭᠠᠭᠤᠯᠢ ᠶᠢᠨ ᠡᠮᠦᠨ᠎ᠡ ᠲᠠᠯ᠎ᠠ ᠶᠢᠨ ᠬᠠᠷᠮᠠᠨ ᠴᠡᠴᠡᠷᠯᠢᠭ᠂ ᠬᠠᠶᠢᠷᠤᠪ ᠤᠨ ᠲᠣᠬᠤᠢ ᠲᠣᠭᠤᠷᠢᠭ ᠤᠨ ᠤᠷᠠᠨ ᠪᠢᠴᠢᠯᠭᠡ ᠤᠷᠠᠨ ᠵᠢᠷᠤᠭ ᠤᠨ ᠬᠦᠷᠢᠶᠡᠯᠡᠩ ᠤᠨ ᠬᠠᠷᠮᠠᠨ ᠴᠡᠴᠡᠷᠯᠢᠭ᠂ ᠬᠠᠶᠢᠷᠤᠪ ᠤᠨ ᠲᠣᠬᠤᠢ ᠲᠣᠭᠤᠷᠢᠭ ᠤᠨ ᠬᠠᠢ ᠰᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠷᠠᠭᠤᠨ ᠲᠠᠯ᠎ᠠ ᠶᠢᠨ ᠬᠠᠷᠮᠠᠨ ᠴᠡᠴᠡᠷᠯᠢᠭ ᠵᠡᠷᠭᠡ ᠶᠢ ᠪᠠᠭᠲᠠᠭᠠᠨ᠎ᠠ᠃ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ ᠲᠡᠷᠭᠡᠨ ᠵᠣᠭᠰᠣᠭᠠᠯ᠂ ᠨᠣᠭᠤᠭᠠᠨ ᠵᠦᠯᠭᠡ᠂ ᠬᠡᠦᠬᠡᠳ ᠤᠨ ᠵᠤᠭ᠎ᠠ ᠴᠡᠩᠭᠡᠯ ᠤᠨ ᠲᠣᠭᠤᠷᠢᠭ᠂ ᠰᠢᠩᠭᠡᠯᠢᠭ ᠮᠠᠶ᠋ᠢᠭ ᠤᠨ ᠬᠥᠯ ᠪᠥᠮᠪᠦᠭᠡ ᠶᠢᠨ ᠲᠠᠯᠠᠪᠠᠶ ᠶᠢᠨ ᠦᠵᠡᠮᠵᠢ ᠶᠢᠨ ᠣᠷᠣᠨ  ᠪᠠ ᠭᠡᠷᠡᠯᠲᠦᠭᠦᠯᠭᠡ ᠶᠢᠨ ᠦᠵᠡᠮᠵᠢ ᠵᠡᠷᠭᠡ ᠶᠢ ᠪᠠᠭᠲᠠᠭᠠᠭᠰᠠᠨ ᠣᠯᠠᠨ ᠵᠦᠢᠯ ᠤᠨ ᠴᠢᠳᠠᠪᠬᠢ ᠲᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号