ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ | ᠥᠪᠥᠷ ᠮᠣᠩᠭᠤᠯ ᠤᠨ ᠣᠨᠴᠠᠯᠢᠭ ᠲᠠᠢ ᠰᠤᠳᠤᠯᠤᠨ ᠰᠤᠷᠤᠯᠴᠠᠬᠤ ᠵᠢᠭᠤᠯᠴᠢᠯᠠᠯ ᠢ ᠠᠬᠢᠭᠤᠯᠬᠤ ᠶᠢ ᠥᠪᠥᠷ ᠮᠣᠩᠭᠤᠯ | ᠤᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠳᠠᠶᠢᠴᠢᠯᠠᠬᠤ ᠬᠦᠴᠦᠲᠡᠢ ᠭᠠᠷᠳᠠᠴᠠ ᠪᠣᠯᠭᠠᠨ᠂ ︽ᠪᠢ ᠲᠠᠯ᠎ᠠ | ᠨᠤᠲᠤᠭ ᠲᠠᠢ ᠪᠣᠯᠵᠤᠭ᠎ᠠ ᠲᠠᠢ︾ ᠭᠡᠬᠦ ᠰᠤᠳᠤᠯᠤᠨ ᠰᠤᠷᠤᠯᠴᠠᠬᠤ ᠲᠥᠷᠥᠯ ᠲᠡᠮᠳᠡᠭᠲᠦ ᠠᠵᠢᠯᠯᠠᠭ᠎ᠠ ᠶᠢ ᠬᠦᠴᠦᠯᠡᠨ | ᠪᠤᠶ ᠪᠤᠯᠭᠠᠵᠤ᠂ ᠤᠮᠠᠷᠠᠲᠤ ᠬᠢᠯᠢ ᠶᠢᠨ ᠰᠣᠶᠣᠯ ᠢ ᠰᠤᠳᠤᠯᠤᠨ ᠰᠤᠷᠤᠯᠴᠠᠬᠤ ᠵᠠᠮ ᠱᠤᠭᠤᠮ ᠪᠠ ᠰᠤᠳᠤᠯᠤᠨ | ᠰᠤᠷᠤᠯᠴᠠᠬᠤ ᠦᠢᠯᠡᠳᠬᠦᠨ ᠢ ᠴᠣᠭᠴᠠᠯᠠᠬᠤ ᠳᠤ ᠭᠦᠨᠵᠡᠭᠡᠢ ᠠᠭᠤᠰᠤᠯᠴᠠᠭᠤᠯᠤᠭᠰᠠᠨ ᠢᠶᠠᠷ ᠣᠳᠣᠬᠠᠨ ᠪᠤᠯᠳᠠᠯ᠎ᠠ | ᠨᠡᠶᠢᠲᠡ 1650 ᠰᠤᠳᠤᠯᠤᠨ ᠰᠤᠷᠤᠯᠴᠠᠬᠤ ᠪᠦᠯᠭᠦᠮ ᠲᠠᠢ ᠭᠡᠷ᠎ᠡ ᠲᠣᠭᠲᠠᠵᠤ᠂ ᠰᠤᠳᠤᠯᠤᠨ ᠰᠤᠷᠤᠯᠴᠠᠬᠤ | ᠵᠢᠭᠤᠯᠴᠢᠯᠠᠯ ᠳᠤ 39 ᠲᠦᠮᠡ ᠭᠠᠷᠤᠢ ᠬᠥᠮᠥᠨ ᠤᠷᠤᠯᠴᠠᠵᠤ᠂ ᠰᠤᠳᠤᠯᠤᠨ ᠰᠤᠷᠤᠯᠴᠠᠬᠤ ᠵᠢᠭᠤᠯᠴᠢᠯᠠᠯ ᠤᠨ | ᠲᠦᠷᠦᠯ ᠲᠡᠮᠳᠡᠭ ᠢ ᠠᠩᠬ᠎ᠠ ᠠᠯᠬᠤᠮ ᠪᠦᠷᠢᠯᠳᠦᠭᠦᠯᠪᠡ᠃ | ᠣᠶᠢᠯᠠᠭᠠᠭᠰᠠᠨ ᠢᠶᠠᠷ᠂ ᠡᠨᠡ ᠵᠢᠯ ᠤᠨ 3 ᠰᠠᠷ᠎ᠠ ᠶᠢᠨ 21 ᠤ ᠡᠳᠦᠷ ᠠᠴᠠ ᠨᠠᠭᠠᠰᠢ᠂ 1648 ᠣᠷᠣᠰ ᠤᠨ | ᠵᠠᠯᠠᠭᠤ ᠪᠠᠭᠠᠴᠤᠤᠯ ᠬᠥᠯᠥᠨ ᠪᠤᠶᠢᠷ ᠲᠤ ᠢᠷᠡᠵᠦ ᠬᠠᠪᠤᠷ ᠤᠨ ᠤᠯᠠᠷᠢᠯ ᠤᠨ ᠰᠤᠳᠤᠯᠤᠨ ᠰᠤᠷᠤᠯᠴᠠᠬᠤ ᠠᠶᠠᠯᠠᠯ | ᠢᠶᠠᠨ ᠡᠬᠢᠯᠡᠭᠦᠯᠪᠡ᠃ ᠵᠢᠯ ᠤᠨ ᠡᠬᠢᠨ ᠠᠴᠠ ᠨᠠᠭᠠᠰᠢ ᠣᠳᠣᠬᠠᠨ ᠪᠤᠯᠳᠠᠯ᠎ᠠ ᠣᠷᠣᠰ ᠤᠨ ᠵᠠᠯᠠᠭᠤᠴᠤᠳ ᠪᠠᠭᠠᠴᠤᠳ | ᠨᠡᠶᠢᠳᠡ 6 ᠪᠦᠯᠦᠭ ᠤᠳᠠᠭ᠎ᠠ ᠬᠤᠪᠢᠶᠠᠨ ᠬᠥᠯᠥᠨ ᠪᠤᠶᠢᠷ ᠲᠤ ᠰᠤᠳᠤᠯᠤᠨ ᠰᠤᠷᠤᠯᠴᠠᠬᠤ ᠠᠶᠠᠯᠠᠯ ᠥᠷᠨᠢᠭᠦᠯᠵᠦ᠂ | ᠳᠤᠮᠳᠠᠳᠤ ᠣᠷᠣᠰ ᠤᠨ ᠬᠢᠯᠢ ᠠᠯᠤᠰᠯᠠᠭᠰᠠᠨ ᠰᠤᠳᠤᠯᠤᠨ ᠰᠤᠷᠤᠯᠴᠠᠬᠤ ᠵᠢᠭᠤᠯᠴᠢᠯᠠᠯ ᠡᠳᠦᠷ ᠢᠷᠡᠬᠦᠶ᠎ᠡ ᠬᠥᠭᠵᠢᠶᠡᠨ | ᠲᠠᠢ ᠪᠣᠯᠵᠤ ᠪᠤᠢ᠃ ᠮᠠᠨ ᠤ ᠣᠷᠣᠨ ᠰᠤᠳᠤᠯᠤᠨ ᠰᠤᠷᠤᠯᠴᠠᠬᠤ ᠵᠢᠭᠤᠯᠴᠢᠯᠠᠯ ᠢ ᠠᠬᠢᠭᠤᠯᠬᠤ ᠠᠵᠢᠯᠯᠠᠭ᠎ᠠ | ᠥᠷᠨᠢᠭᠦᠯᠦᠭᠰᠡᠨ ᠠᠴᠠ ᠨᠠᠭᠠᠰᠢ ᠣᠷᠣᠰ ᠪᠠ ᠮᠣᠩᠭᠤᠯ ᠤᠯᠤᠰ ᠵᠢᠴᠢ ᠭᠤᠸᠠᠩᠳᠦ᠋ᠩ᠂ ᠴᠦᠩᠴᠢᠩ᠂ ᠪᠡᠭᠡᠵᠢᠩ᠂ | ᠹᠦᠵᠢᠶᠠᠨ᠂ ᠭᠤᠸᠠᠩᠰᠢ ᠵᠡᠷᠭᠡ ᠣᠯᠠᠨ ᠭᠠᠵᠠᠷ ᠤᠨ ᠵᠢᠭᠤᠯᠴᠢᠯᠠᠯ ᠤᠨ ᠪᠦᠯᠭᠦᠮ ᠤᠨ ᠠᠩᠬᠠᠷᠤᠯ ᠢ ᠲᠠᠲᠠᠵᠤ᠂ | ᠰᠤᠳᠤᠯᠤᠨ ᠰᠤᠷᠤᠯᠴᠠᠬᠤ ᠪᠦᠯᠭᠦᠮ ᠵᠠᠯᠭᠠᠭ᠎ᠠ ᠪᠠᠷ ᠮᠠᠨᠵᠤᠤᠷ᠂ ᠭᠦᠭᠡᠬᠤᠲᠠ᠂ ᠣᠷᠳᠣᠰ᠂ ᠷᠠᠰᠢᠶᠠᠨ ᠵᠡᠷᠭᠡ ᠭᠠᠵᠠᠷ ᠲᠤ | ᠢᠷᠡᠵᠤ᠂ ᠲᠡᠦᠬᠡ ᠰᠣᠶᠣᠯ ᠤᠨ ᠨᠠᠷᠠᠲᠤ ᠬᠤᠲᠠ ᠶᠢ ᠰᠣᠨᠢᠷᠬᠠᠨ᠂ ᠠᠮᠲᠠᠲᠤ ᠢᠳᠡᠭᠡᠨ ᠢ ᠠᠮᠲᠠᠯᠠᠵᠤ᠂ ᠡᠯᠡᠰᠦᠨ ᠴᠥᠯ | ᠤᠨ ᠭᠠᠶᠢᠬᠠᠮᠰᠢᠭᠲᠤ ᠦᠵᠡᠮᠵᠢ ᠶᠢ ᠰᠣᠨᠢᠷᠬᠠᠨ᠂ ᠤᠮᠠᠷᠠᠲᠤ ᠶᠢᠨ ᠥᠩᠭᠡ ᠦᠵᠡᠮᠵᠢ ᠶᠢᠨ ᠥᠪᠡᠷᠮᠢᠴᠡ ᠷᠢᠳᠢ ᠰᠢᠳᠢ | ᠶᠢ ᠮᠡᠳᠡᠷᠡᠵᠦ᠂ ᠮᠠᠨ ᠣᠷᠣᠨ ᠤ 2024 ᠣᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠪᠠᠲᠤ ᠰᠠᠭᠤᠷᠢ | ᠲᠠᠯᠪᠢᠵᠠᠢ᠃ | | | |