︽ᠦᠴᠦᠸᠠᠨ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2024/4/1
   ᠣᠶᠢᠷ᠎ᠠ ᠳᠤ᠂ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠦᠴᠦᠸᠠᠨ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ ︽ᠲᠥᠰᠥᠯ︾ ᠤᠨ ᠠᠭᠤᠯᠭ᠎ᠠ ᠶᠢ ᠣᠶᠢᠯᠠᠭᠠᠨ ᠡᠵᠡᠮᠰᠢᠬᠦ ᠳᠤ ᠲᠥᠬᠦᠮ ᠦᠵᠡᠭᠦᠯᠵᠦ᠂ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠶ᠎ᠠ᠄    ᠨᠢᠭᠡ᠂ ︽ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ ᠤᠨ ᠦᠨᠳᠦᠰᠦᠯᠡᠯ    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠬᠥᠬᠡᠬᠤᠲᠠ ᠶᠢᠨ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠠᠬᠤᠢ ᠪᠠᠶᠢᠳᠠᠯ ᠪᠣᠯᠭᠠᠪᠠ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾ ᠢ ᠶᠡᠬᠡᠪᠡᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠵᠡᠷᠭᠡ ᠳᠥᠷᠪᠡᠨ ᠶᠡᠭᠡ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠭ ᠤᠨ ᠣᠷᠳᠣᠨ ᠤ ᠢᠲᠡᠭᠡᠮᠵᠢ ᠶᠢ ᠰᠠᠬᠢᠵᠤ ᠠᠮᠠᠯᠠᠯᠲᠠ ᠪᠠᠨ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠬᠦ᠂ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠦᠨᠡᠨᠴᠢ ᠢᠲᠡᠭᠡᠮᠵᠢᠲᠡᠢ ᠶᠣᠰᠣ ᠮᠣᠷᠠᠯ ᠬᠡᠪ ᠰᠤᠷᠲᠠᠯ ᠢ ᠶᠡᠬᠡᠪᠡᠷ ᠪᠠᠳᠠᠷᠠᠭᠤᠯᠬᠤ ᠵᠡᠷᠭᠡ 44 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠪᠠᠷ ᠭᠠᠷᠳᠠᠴᠠ ᠪᠣᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠣᠷᠣᠨ ᠤ ᠲᠥᠪ ᠬᠤᠲᠠ ᠶᠢᠨ ᠪᠥᠬᠦ ᠤᠯᠤᠰ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠨ᠎ᠡ᠃    ᠬᠤᠶᠠᠷ᠂ ᠶᠡᠷᠦᠩᠬᠡᠢ ᠬᠠᠷᠠᠯᠲᠠ    ︽ᠨᠢᠭᠡ ᠶᠢ ᠴᠢᠩᠭᠠᠳᠬᠠᠵᠤ᠂ ᠳᠥᠷᠪᠡ ᠶᠢ ᠳᠡᠭᠡᠭᠰᠢᠯᠡᠭᠦᠯᠬᠦ︾ ᠠᠵᠢᠯ ᠤᠨ ᠬᠠᠷᠠᠯᠲᠠ ᠶᠢᠨ ᠲᠣᠭᠤᠷᠢᠨ ᠳᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠬᠦᠷᠢᠶ᠎ᠡ ᠴᠠᠷᠠᠭ᠎ᠠ ᠪᠠᠷ ᠭᠤᠣᠯ ᠪᠣᠯᠭᠠᠵᠤ᠂ ᠬᠤᠳᠠᠯᠳᠤᠭᠠᠨ ᠤ ᠶᠠᠪᠤᠳᠠᠯ᠂ ᠨᠡᠶᠢᠭᠡᠮ ᠪᠠ ᠬᠠᠤᠯᠢ ᠴᠠᠭᠠᠵᠠ ᠵᠡᠷᠭᠡ ᠳᠥᠷᠪᠡᠨ ᠶᠡᠭᠡ ᠬᠦᠷᠢᠶ᠎ᠡ ᠲᠠᠢ ᠵᠣᠬᠢᠴᠠᠯᠳᠤᠭᠰᠠᠨ ᠶᠡᠷᠦᠩᠬᠡᠶᠢᠯᠡᠨ ᠵᠠᠰᠠᠬᠤ ᠰᠢᠰᠲ᠋ᠧᠮ ᠢ ᠪᠠᠶᠢᠭᠤᠯᠵᠤ᠂ ᠢᠲᠡᠭᠡᠮᠵᠢ ᠶᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠵᠦ᠂ ᠪᠥᠬᠦ ᠬᠦᠷᠢᠶ᠎ᠡ ᠴᠠᠷᠠᠭ᠎ᠠ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠳᠬᠤᠬᠤ ᠠᠵᠢᠯ ᠤᠨ ᠪᠠᠶᠢᠷᠢᠰᠢᠯ ᠢ ᠪᠠᠶᠢᠭᠤᠯᠵᠤ᠂ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    ︵ᠨᠢᠭᠡ︶ ᠢᠲᠡᠭᠡᠮᠵᠢ ᠶᠢᠨ ᠲᠥᠷᠥ ᠶᠢᠨ ᠪᠣᠳᠣᠯᠭ᠎ᠠ ᠳᠦᠷᠢᠮ ᠢ ᠲᠡᠭᠦᠯᠳᠡᠷᠵᠢᠭᠦᠯᠦᠨ᠎ᠡ᠃ ᠢᠲᠡᠭᠡᠮᠵᠢ ᠶᠢ ᠲᠣᠭᠲᠠᠭᠠᠬᠤ᠂ ᠢᠲᠡᠭᠡᠮᠵᠢ ᠶᠢ ᠬᠠᠮᠢᠶᠠᠷᠬᠤ᠂ ᠢᠲᠡᠭᠡᠮᠵᠢ ᠶᠢ ᠬᠡᠷᠡᠭᠯᠡᠬᠦ ᠡᠯ᠎ᠡ ᠵᠠᠩᠭᠢᠯᠠᠭ᠎ᠠ ᠶᠢᠨ ᠲᠣᠭᠤᠷᠢᠨ ᠳᠤ᠂ ᠤᠯᠤᠰ ᠤᠨ 12 ᠣᠷᠣᠢ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠱᠠᠲᠤᠨ ᠤ ᠲᠣᠬᠢᠷᠠᠭᠤᠯᠤᠯᠲᠠ ᠶᠣᠰᠣᠭᠠᠷ ᠲᠤᠭ᠎ᠠ ᠪᠠᠷᠢᠮᠲᠠ ᠶᠢ ᠴᠤᠭᠯᠠᠭᠤᠯᠬᠤ᠂ ᠢᠲᠡᠭᠡᠮᠵᠢ ᠶᠢᠨ ᠬᠡᠷᠡᠭᠯᠡᠯᠲᠡ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠢᠲᠡᠭᠡᠮᠵᠢ ᠶᠢᠨ ᠤᠬᠠᠭᠤᠯᠭ᠎ᠠ᠂ ᠢᠲᠡᠭᠡᠮᠵᠢ ᠶᠢᠨ ᠣᠷᠣᠯᠠᠬᠤ ᠲᠡᠮᠳᠡᠭ ᠤᠨ ᠦᠨᠡᠮᠯᠡᠯ ᠵᠡᠷᠭᠡ ᠴᠢᠬᠤᠯᠠ ᠭᠤᠭᠴᠤᠭ᠎ᠠ ᠶᠢ ᠪᠠᠭᠲᠠᠭᠠᠭᠰᠠᠨ ᠳᠦᠷᠢᠮ ᠪᠢᠴᠢᠭ ᠮᠠᠲ᠋ᠧᠷᠢᠶᠠᠯ ᠢ ᠨᠡᠶᠢᠲᠡᠯᠡᠵᠦ᠂ ᠮᠠᠨ ᠤ ᠰᠢᠶᠠᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠬᠠᠤᠯᠢ ᠲᠣᠭᠲᠠᠭᠠᠯ ᠶᠣᠰᠣᠭᠠᠷ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠨ᠎ᠠ᠃    ︵ᠬᠤᠶᠠᠷ︶ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠶᠢ ᠴᠢᠩᠭᠠᠳᠬᠠᠨ᠎ᠠ᠃ ᠬᠥᠬᠡᠬᠤᠲᠠ ᠶᠢᠨ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠢᠲᠡᠭᠡᠮᠵᠢ ᠶᠢᠨ ᠮᠡᠳᠡᠭᠡ ᠵᠠᠩᠭᠢ ᠶᠢᠨ ᠭᠠᠷᠴᠠᠭ ᠢ ᠴᠢᠩᠭ᠎ᠠ ᠵᠢᠷᠤᠮᠯᠠᠨ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ︽ᠬᠤᠶᠠᠷ ᠢ ᠢᠯᠡ ᠨᠡᠶᠢᠲᠡᠯᠡᠬᠦ︾ ᠲᠤᠭ᠎ᠠ ᠪᠠᠷᠢᠮᠲᠠ ᠶᠢᠨ ᠴᠠᠭ ᠲᠤᠬᠠᠢ ᠶᠢᠨ ᠨᠣᠷᠮ᠎ᠠ᠂ ᠲᠣᠭᠲᠠᠭᠠᠯ ᠳᠤ ᠨᠡᠶᠢᠴᠡᠬᠦ ᠨᠣᠷᠮ᠎ᠠ᠂ ᠳᠡᠭᠡᠭᠰᠢ ᠮᠡᠳᠡᠭᠦᠯᠬᠦ ᠨᠣᠷᠮ᠎ᠠ ᠶᠢ ᠴᠥᠮ 100% ᠳᠤ ᠬᠦᠷᠦᠭᠦᠯᠵᠦ᠂ ᠵᠠᠰᠠᠭ ᠵᠠᠬᠢᠷᠭᠠᠨ ᠤ ᠠᠯᠪᠠᠳᠠᠯᠭ᠎ᠠ᠂ ᠵᠠᠰᠠᠭ ᠵᠠᠬᠢᠷᠭᠠᠨ ᠤ ᠨᠤᠲᠠᠯᠠᠯᠲᠠ ᠵᠡᠷᠭᠡ ︽ᠠᠷᠪᠠ ᠶᠢ ᠢᠯᠡ ᠨᠡᠶᠢᠲᠡᠯᠡᠬᠦ︾ ᠲᠤᠭ᠎ᠠ ᠪᠠᠷᠢᠮᠲᠠ ᠶᠢ 100% ᠳᠤ ᠨᠡᠶᠢᠴᠡᠭᠦᠯᠵᠦ᠂ ︽ᠬᠠᠤᠯᠢ ᠲᠣᠭᠲᠠᠭᠠᠯ ᠶᠣᠰᠣᠭᠠᠷ ᠴᠤᠭᠯᠠᠭᠤᠯᠵᠤ᠂ ᠴᠤᠭᠯᠠᠭᠤᠯᠬᠤ ᠶᠣᠰᠣᠲᠠᠢ ᠶᠢ ᠨᠢ ᠪᠦᠬᠦᠨ ᠢ ᠴᠤᠭᠯᠠᠭᠤᠯᠬᠤ︾ ᠶᠢ ᠪᠡᠶᠡᠯᠡᠭᠦᠯᠦᠨ᠎ᠡ᠃    ︵ᠭᠤᠷᠪᠠ︶ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠬᠦ ᠶᠢ ᠠᠬᠢᠭᠤᠯᠤᠨ᠎ᠠ᠃ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠦᠷᠢᠨᠰᠢᠭᠦᠯᠵᠦ᠂ ᠠᠮᠠᠯᠠᠯᠲᠠ ᠪᠠᠨ ᠭᠦᠢᠴᠡᠳᠬᠡᠭᠰᠡᠨ ᠪᠠᠶᠢᠳᠠᠯ ᠢ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠳᠤ ᠲᠡᠮᠳᠡᠭᠯᠡᠨ ᠣᠷᠣᠭᠤᠯᠤᠨ᠎ᠠ︔ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠢᠲᠡᠭᠡᠮᠵᠢ ᠶᠢᠨ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮ ᠪᠠ ᠢᠲᠡᠭᠡᠮᠵᠢ ᠶᠢᠨ ᠲᠦᠭᠰᠢᠭᠦᠷᠢ ᠶᠢ ᠲᠠᠰ ᠲᠥᠷᠥᠯ ᠬᠤᠪᠢᠶᠠᠬᠤ ᠪᠠᠷᠢᠮᠵᠢᠶ᠎ᠠ ᠶᠢ ᠰᠦᠪᠡᠭᠴᠢᠯᠡᠨ ᠪᠠᠶᠢᠭᠤᠯᠵᠤ᠂ ᠵᠦᠷᠢᠶᠡᠵᠢᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ︔ ᠢᠲᠡᠭᠡᠮᠵᠢ ᠶᠢᠨ ᠱᠠᠩᠨᠠᠵᠤ ᠲᠣᠷᠭᠠᠬᠤ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ᠂ ᠬᠦᠷᠢᠶ᠎ᠡ ᠬᠡᠪᠴᠢᠶ᠎ᠡ᠂ ᠭᠠᠵᠠᠷ ᠣᠷᠣᠨ ᠠᠯᠤᠰᠯᠠᠭᠰᠠᠨ ᠱᠠᠩᠨᠠᠵᠤ ᠲᠣᠷᠭᠠᠬᠤ ᠶᠢᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃    ︵ᠳᠥᠷᠪᠡ︶ ᠵᠠᠰᠠᠭ ᠤᠨ ᠣᠷᠳᠣᠨ ᠤ ᠢᠲᠡᠭᠡᠯ ᠢᠶᠠᠨ ᠠᠯᠳᠠᠭᠰᠠᠨ ᠶᠠᠪᠤᠳᠠᠯ ᠢ ᠲᠤᠰᠬᠠᠢ ᠴᠡᠭᠴᠡᠯᠡᠨ᠎ᠡ᠃ ᠵᠠᠰᠠᠭ ᠤᠨ ᠣᠷᠳᠣᠨ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠥᠷᠢ ᠥᠭᠴᠡᠭᠡ ᠶᠢ ᠰᠡᠷᠭᠡᠶᠢᠯᠡᠨ ᠠᠷᠢᠯᠭᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠵᠥᠷᠢᠯᠳᠦᠭᠡᠨ ᠦᠭᠡᠢ ᠥᠷᠢᠲᠦᠭᠰᠡᠨ ᠵᠣᠭᠤᠰ ᠢ ︽ᠬᠥᠳᠡᠯᠦᠩᠭᠦᠢ ᠪᠠᠷ ᠲᠡᠭ ᠪᠣᠯᠭᠠᠬᠤ︾ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠤ ᠢᠲᠡᠭᠡᠯ ᠢᠶᠠᠨ ᠠᠯᠳᠠᠬᠤ ᠶᠢ ᠤᠷᠢᠳᠴᠢᠯᠠᠨ ᠰᠡᠷᠭᠡᠶᠢᠯᠡᠬᠦ ᠶᠢ ᠴᠢᠩᠭᠠᠳᠬᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠣᠨ ᠠᠵᠢᠯ ᠦᠢᠯᠡᠰ ᠤᠨ ᠨᠢᠭᠡᠴᠢ ᠶᠢᠨ ᠢᠲᠡᠭᠡᠯ ᠠᠯᠳᠠᠭᠰᠠᠨ ᠭᠦᠢᠴᠡᠳᠬᠡᠭᠳᠡᠭᠴᠢ ᠶᠢᠨ ︽ᠬᠥᠳᠡᠯᠦᠩᠭᠦᠢ ᠪᠠᠷ ᠲᠡᠭ ᠪᠣᠯᠭᠠᠬᠤ︾ ᠶᠢ ᠪᠡᠶᠡᠯᠡᠭᠦᠯᠦᠨ᠎ᠡ᠃    ︵ᠲᠠᠪᠤ︶ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠶᠡᠬᠡᠪᠡᠷ ᠰᠣᠩᠭᠤᠨ ᠪᠣᠢ ᠪᠣᠯᠭᠠᠨ᠎ᠠ᠃ ᠠᠵᠤ ᠠᠬᠤᠶᠢᠯᠠᠯ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠬᠥᠲᠥᠯᠥᠨ ᠵᠢᠯᠤᠭᠤᠳᠴᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠰᠣᠩᠭᠤᠬᠤ ᠳᠤ ᠣᠷᠣᠯᠴᠠᠭᠤᠯᠵᠤ᠂ 2024 ᠣᠨ ᠤ ᠦᠨᠡᠨᠴᠢ ᠢᠲᠡᠭᠡᠮᠵᠢ ᠶᠢᠨ ᠲᠡᠷᠢᠭᠦᠨ ᠤ ᠬᠠᠮᠲᠤ ᠪᠠ ᠬᠤᠪᠢ ᠬᠥᠮᠥᠨ ᠢ ᠲᠥᠪᠯᠡᠷᠡᠭᠦᠯᠦᠨ ᠰᠣᠩᠭᠤᠨ ᠳᠡᠭᠡᠭᠰᠢ ᠮᠡᠳᠡᠭᠦᠯᠵᠦ᠂ ᠪᠥᠬᠦ ᠰᠢᠶᠠᠨ ᠤ ᠬᠡᠪᠴᠢᠶᠡᠨ ᠳᠤ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠪᠠ ᠦᠨᠡᠨᠴᠢ ᠢᠲᠡᠭᠡᠮᠵᠢ ᠶᠢᠨ ᠬᠡᠪ ᠳᠠᠭᠤᠷᠢᠶᠠᠯ ᠤᠨ ᠠᠵᠤ ᠠᠬᠤᠶᠢᠯᠠᠯ᠂ ᠦᠨᠡᠨᠴᠢ ᠢᠲᠡᠭᠡᠮᠵᠢ ᠶᠢᠨ ᠬᠥᠮᠥᠨ ᠢ ᠰᠣᠩᠭᠤᠨ ᠪᠣᠶ ᠪᠣᠯᠭᠠᠵᠤ᠂ ᠥᠯᠢᠭᠡᠷ ᠳᠠᠭᠤᠷᠢᠶᠠᠯ ᠤᠨ ᠬᠦᠴᠦᠨ ᠢᠶᠠᠷ ᠪᠥᠬᠦ ᠰᠢᠶᠠᠨ ᠤ ᠦᠨᠡᠨᠴᠢ ᠢᠲᠡᠭᠡᠮᠵᠢ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ ᠳᠠᠶᠢᠴᠢᠯᠠᠨ᠎ᠠ᠃    ︵ᠵᠢᠷᠭᠤᠭ᠎ᠠ︶ ᠦᠨᠡᠨᠴᠢ ᠢᠲᠡᠭᠡᠮᠵᠢ ᠶᠢᠨ ᠰᠣᠶᠣᠯ ᠤᠨ ᠪᠠᠶᠢᠭᠤᠯᠤᠯᠲᠠ ᠶᠢ ᠴᠢᠬᠤᠯᠠᠴᠢᠯᠠᠨ᠎ᠠ᠃ ᠦᠨᠡᠨᠴᠢ ᠢᠲᠡᠭᠡᠮᠵᠢ ᠶᠢᠨ ᠰᠣᠶᠣᠯ ᠤᠨ ᠤᠬᠠᠭᠤᠯᠭ᠎ᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ︽ᠢᠲᠡᠭᠡᠮᠵᠢ ᠶᠢᠨ ᠤᠬᠠᠭᠤᠯᠭ᠎ᠠ ᠶᠢᠨ ᠰᠠᠷ᠎ᠠ︾ ᠵᠡᠷᠭᠡ ᠴᠠᠭ ᠤᠨ ᠵᠠᠩᠭᠢᠯᠠᠭ᠎ᠠ ᠶᠢᠨ ᠴᠡᠭ ᠢ ᠠᠰᠢᠭᠯᠠᠨ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠤᠨ ︽ᠲᠠᠪᠤ ᠳᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠢ ᠵᠣᠬᠢᠶᠠᠨ ᠪᠠᠶᠢᠭᠤᠯᠤᠨ ᠥᠷᠨᠢᠭᠦᠯᠵᠦ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢ ᠬᠠᠮᠤᠷᠤᠭᠰᠠᠨ᠂ ᠣᠷᠣᠨ ᠨᠤᠲᠤᠭ ᠤᠨ ᠣᠨᠴᠠᠯᠢᠭ ᠲᠠᠢ ᠤᠬᠠᠭᠤᠯᠭ᠎ᠠ ᠶᠢᠨ ᠵᠢᠭᠰᠠᠭᠠᠯ ᠢ ᠪᠠᠶᠢᠭᠤᠯᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃    ᠭᠤᠷᠪᠠ᠂ ᠭᠤᠣᠯ ᠠᠭᠤᠯᠭ᠎ᠠ    ᠲᠥᠰᠥᠯ ᠤᠨ ᠭᠤᠣᠯ ᠴᠣᠭᠴᠠ ᠨᠢ ᠨᠡᠶᠢᠲᠡ ᠳᠥᠷᠪᠡᠨ ᠬᠡᠰᠡᠭ ᠲᠠᠢ ᠪᠠᠶᠢᠵᠤ᠂ ᠲᠣᠰ ᠲᠣᠰ ᠠᠵᠢᠯ ᠤᠨ ᠬᠠᠷᠠᠯᠲᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠠᠵᠢᠯ ᠤᠨ ᠡᠭᠦᠷᠭᠡ᠂ ᠠᠵᠢᠯ ᠤᠨ ᠱᠠᠭᠠᠷᠳᠠᠯᠭ᠎ᠠ ᠪᠣᠯᠣᠨ᠎ᠠ᠃    ᠨᠢᠭᠡᠳᠦᠭᠡᠷ ᠬᠡᠰᠡᠭ ᠠᠵᠢᠯ ᠤᠨ ᠬᠠᠷᠠᠯᠲᠠ ᠨᠢ ︽ᠨᠢᠭᠡ ᠶᠢ ᠴᠢᠩᠭᠠᠳᠬᠠᠵᠤ᠂ ᠳᠥᠷᠪᠡ ᠶᠢ ᠳᠡᠭᠡᠭᠰᠢᠯᠡᠭᠦᠯᠬᠦ︾ ᠠᠵᠢᠯ ᠤᠨ ᠬᠠᠷᠠᠯᠲᠠ ᠶᠢᠨ ᠲᠣᠭᠤᠷᠢᠨ ᠳᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠬᠦᠷᠢᠶ᠎ᠡ ᠴᠠᠷᠠᠭ᠎ᠠ ᠪᠠᠷ ᠭᠤᠣᠯ ᠪᠣᠯᠭᠠᠵᠤ᠂ ᠬᠤᠳᠠᠯᠳᠤᠭᠠᠨ ᠤ ᠶᠠᠪᠤᠳᠠᠯ᠂ ᠨᠡᠶᠢᠭᠡᠮ ᠪᠠ ᠬᠠᠤᠯᠢ ᠴᠠᠭᠠᠵᠠ ᠵᠡᠷᠭᠡ ᠳᠥᠷᠪᠡᠨ ᠶᠡᠭᠡ ᠬᠦᠷᠢᠶ᠎ᠡ ᠴᠠᠷᠠᠭ᠎ᠠ ᠯᠤᠭ᠎ᠠ ᠬᠠᠮᠵᠢᠯᠴᠠᠭᠰᠠᠨ ᠶᠡᠷᠦᠩᠬᠡᠶᠢᠯᠡᠨ ᠵᠠᠰᠠᠬᠤ ᠰᠢᠰᠲ᠋ᠧᠮᠵᠢ ᠶᠢ ᠪᠠᠶᠢᠭᠤᠯᠵᠤ᠂ ᠢᠲᠡᠭᠡᠮᠵᠢ ᠶᠢ ᠤᠷᠮᠠᠰᠢᠭᠤᠯᠤᠨ ᠬᠢᠵᠠᠭᠠᠷᠯᠠᠬᠤ ᠲᠣᠭᠲᠠᠴᠠ ᠶᠢ ᠪᠦᠷᠢᠨᠰᠢᠭᠦᠯᠵᠦ᠂ ᠪᠥᠬᠦ ᠬᠦᠷᠢᠶ᠎ᠡ ᠴᠠᠷᠠᠭ᠎ᠠ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠳᠬᠤᠬᠤ ᠠᠵᠢᠯ ᠤᠨ ᠪᠠᠶᠢᠷᠢᠰᠢᠯ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃    ᠬᠤᠶᠠᠳᠤᠭᠠᠷ ᠬᠡᠰᠡᠭ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠳᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾ ᠤᠨ ᠠᠵᠢᠯ ᠤᠨ ᠲᠤᠰᠬᠠᠢ ᠠᠩᠭᠢ ᠶᠢᠨ ᠳᠠᠷᠤᠭ᠎ᠠ᠂ ᠳᠤᠭᠤᠶᠢᠯᠠᠩ ᠤᠨ ᠳᠡᠳ᠋ ᠳᠠᠷᠤᠭ᠎ᠠ ᠵᠢᠴᠢ 46 ᠪᠦᠷᠢᠯᠳᠦᠭᠦᠨ ᠨᠢᠭᠡᠴᠢ ᠶᠢ ᠲᠣᠳᠣᠷᠬᠠᠶᠢᠯᠠᠵᠤ᠂ ᠲᠤᠰᠬᠠᠢ ᠠᠩᠭᠢ ᠶᠢᠨ ᠠᠯᠪᠠᠨ ᠭᠡᠷ ᠤᠨ ᠬᠠᠷᠢᠭᠤᠴᠠᠬᠤ ᠠᠵᠢᠯ ᠤᠨ ᠠᠭᠤᠯᠭ᠎ᠠ ᠶᠢ ᠲᠣᠳᠣᠷᠬᠠᠶᠢᠯᠠᠪᠠ᠃    ᠭᠤᠷᠪᠠᠳᠤᠭᠠᠷ ᠬᠡᠰᠡᠭ ᠠᠵᠢᠯ ᠤᠨ ᠡᠭᠦᠷᠭᠡ ᠳᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠵᠡᠷᠭᠡ ᠳᠥᠷᠪᠡᠨ ᠲᠠᠯ᠎ᠠ ᠪᠠᠷ ᠨᠡᠶᠢᠲᠡ 23 ︵ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠢᠲᠡᠭᠡᠮᠵᠢᠲᠡᠶ ᠪᠠᠶᠢᠵᠦ ᠠᠮᠠᠯᠠᠯᠲᠠ ᠪᠠᠨ ᠪᠡᠶᠡᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠭᠡᠷ᠎ᠡ ᠪᠠᠨ ᠭᠦᠢᠴᠡᠳᠬᠡᠵᠦ ᠠᠮᠠᠯᠠᠯᠲᠠ ᠪᠠᠨ ᠦᠢᠯᠡᠳᠦᠯᠭᠡᠵᠢᠭᠦᠯᠬᠦ ᠶᠢ ᠠᠬᠢᠭᠤᠯᠬᠤ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠡᠷᠡᠭᠯᠡᠭᠡᠨ ᠤ ᠬᠦᠷᠢᠶ᠎ᠡ ᠶᠢ ᠥᠷᠭᠡᠳᠬᠡᠬᠦ᠂ ᠳᠤᠮᠳᠠ ᠪᠠᠭ᠎ᠠ ᠠᠵᠤ ᠠᠬᠤᠶᠢᠯᠠᠯ ᠤᠨ ᠲᠠᠩᠰᠠᠨ ᠵᠣᠭᠤᠰ ᠢ ᠪᠥᠬᠦ ᠲᠠᠯ᠎ᠠ ᠪᠠᠷ ᠲᠥᠯᠥᠬᠦ᠂ ᠢᠲᠡᠭᠡᠮᠵᠢ ᠠᠯᠳᠠᠭᠰᠠᠨ ᠵᠠᠰᠠᠭ ᠤᠨ ᠣᠷᠳᠣᠨ ᠤ ᠪᠠᠶᠢᠭᠤᠯᠤᠮᠵᠢ ᠶᠢ ᠦᠷᠭᠦᠯᠵᠢᠯᠡᠨ ᠵᠠᠰᠠᠬᠤ᠂ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠬᠥᠮᠦᠵᠢᠯ ᠢ ᠴᠢᠩᠭᠠᠳᠬᠠᠬᠤ᠂ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠨ ᠬᠠᠮᠲᠤ ᠪᠠᠷ ᠡᠳ᠋ᠯᠡᠬᠦ ᠶᠢ ᠴᠢᠩᠭᠠᠳᠬᠠᠬᠤ᠂ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ᠂ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠶᠡᠭᠡ ᠪᠠᠷ ᠳᠡᠯᠭᠡᠷᠡᠭᠦᠯᠬᠦ᠂ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠠᠬᠢᠭᠤᠯᠬᠤ᠂ ᠬᠠᠤᠯᠢ ᠲᠣᠭᠲᠠᠭᠠᠯ ᠶᠣᠰᠣᠭᠠᠷ ᠢᠲᠡᠭᠡᠮᠵᠢ ᠶᠢᠨ ᠵᠠᠯᠬᠠᠭᠠᠨ ᠴᠡᠭᠡᠷᠯᠡᠭᠦᠯᠬᠦ ᠶᠢ ᠥᠷᠨᠢᠭᠦᠯᠬᠦ᠂ ᠢᠲᠡᠭᠡᠮᠵᠢ ᠶᠢᠨ ᠪᠡᠯᠡ ᠲᠣᠬᠢᠷᠠᠭᠤᠯᠭ᠎ᠠ ᠶᠢᠨ ᠲᠠᠯᠠᠪᠤᠷ ᠵᠠᠮ ᠮᠥᠷ ᠢ ᠥᠷᠭᠡᠳᠬᠡᠬᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠢᠲᠡᠭᠡᠮᠵᠢ ᠠᠯᠳᠠᠭᠳᠠᠵᠦ ᠪᠠᠶᠢᠭ᠎ᠠ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯᠯᠠᠭ᠎ᠠ ᠥᠷᠨᠢᠭᠦᠯᠬᠦ᠂ ᠦᠨᠡᠨᠴᠢ ᠢᠲᠡᠭᠡᠮᠵᠢ ᠪᠠᠷ ᠠᠷᠠᠳ ᠲᠤ ᠠᠰᠢᠭ ᠬᠦᠷᠲᠡᠭᠡᠬᠦ ᠠᠵᠤ ᠠᠬᠤᠶᠢᠯᠠᠯ ᠳᠤ ᠲᠥᠬᠦᠮ ᠦᠵᠡᠭᠦᠯᠬᠦ ᠠᠬᠤᠢ ᠪᠠᠶᠢᠳᠠᠯ ᠢ ᠪᠠᠶᠢᠭᠤᠯᠬᠤ᠂ ᠦᠨᠡᠨᠴᠢ ᠢᠲᠡᠭᠡᠮᠵᠢ ᠶᠢᠨ ᠶᠣᠰᠣ ᠮᠣᠷᠠᠯ ᠬᠡᠪ ᠰᠤᠷᠲᠠᠯ ᠢ ᠶᠡᠭᠡ ᠪᠠᠷ ᠪᠠᠳᠠᠷᠠᠭᠤᠯᠬᠤ᠂ ᠦᠨᠡᠨᠴᠢ ᠢᠲᠡᠭᠡᠮᠵᠢ ᠶᠢᠨ ᠭᠤᠣᠯ ᠰᠡᠳᠦᠪᠲᠦ ᠤᠬᠠᠭᠤᠯᠭ᠎ᠠ ᠬᠥᠮᠦᠵᠢᠯ ᠢ ᠥᠷᠨᠢᠭᠦᠯᠬᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠬᠤ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢ ᠢᠯᠡ ᠪᠣᠯᠭᠠᠬᠤ ᠬᠢᠷᠢ ᠲᠦᠪᠰᠢᠨ ᠢ ᠳᠡᠭᠡᠭᠰᠢᠯᠡᠭᠦᠯᠬᠦ᠂ ᠲᠥᠪ ᠭᠤᠤᠯᠴᠢ ᠪᠠᠷ ᠬᠠᠤᠯᠢ ᠪᠠᠷᠢᠬᠤ ᠶᠢ ᠪᠥᠬᠦ ᠲᠠᠯ᠎ᠠ ᠪᠠᠷ ᠠᠬᠢᠭᠤᠯᠬᠤ᠂ ᠬᠠᠤᠯᠢ ᠴᠠᠭᠠᠵᠠ ᠶᠢᠨ ᠬᠡᠷᠡᠭᠵᠢᠭᠦᠯᠦᠯᠲᠡ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠬᠤ᠂ ᠬᠠᠤᠯᠢ ᠴᠠᠭᠠᠵᠠ ᠶᠢᠨ ᠠᠵᠢᠯ ᠲᠥᠷᠥᠯ ᠤᠨ ᠦᠨᠡᠨᠴᠢ ᠢᠲᠡᠭᠡᠮᠵᠢᠲᠡᠶ ᠪᠠᠷ ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ︶ ᠪᠣᠳᠠᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃    ᠳᠥᠷᠪᠡᠳᠦᠭᠡᠷ ᠬᠡᠰᠡᠭ ᠠᠵᠢᠯ ᠤᠨ ᠱᠠᠭᠠᠷᠳᠠᠯᠭ᠎ᠠ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠬᠠᠤᠯᠢ ᠪᠠᠷ ᠵᠠᠰᠠᠬᠤ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠬᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠰᠤᠷᠤᠯᠴᠠᠵᠤ ᠰᠤᠳᠤᠯᠤᠨ ᠶᠠᠷᠢᠯᠴᠠᠬᠤ ᠶᠢ ᠥᠷᠨᠢᠭᠦᠯᠬᠦ᠂ ᠬᠢᠨᠠᠨ ᠵᠢᠯᠤᠭᠤᠳᠴᠤ ᠲᠣᠬᠢᠷᠠᠭᠤᠯᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠠᠵᠢᠯ ᠤᠨ ᠲᠣᠬᠢᠷᠠᠭᠤᠯᠤᠯᠲᠠ ᠬᠢᠵᠦ᠂ ᠡᠭᠦᠷᠭᠡ ᠶᠢᠨ ᠨᠠᠷᠢᠨ ᠲᠠᠩᠰᠠ ᠶᠢ ᠵᠢᠭᠰᠠᠭᠠᠵᠤ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠲᠣᠳᠣᠷᠬᠠᠶᠢᠯᠠᠨ᠂ ᠨᠠᠷᠢᠨ ᠲᠠᠩᠰᠠ᠂ ᠡᠬᠡ ᠲᠠᠩᠰᠠ ᠶᠢᠨ ᠬᠡᠯᠪᠡᠷᠢ ᠪᠠᠷ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢᠨ ᠵᠣᠯᠭᠠᠯᠴᠠᠭ᠎ᠠ ᠶᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠠᠬᠢᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠳᠡᠶᠢᠯᠬᠦ᠂ ᠦᠷ᠎ᠡ ᠪᠦᠲᠦᠮᠵᠢ ᠲᠦᠷᠭᠡᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃    ᠳᠥᠷᠪᠡ᠂ ᠪᠣᠳᠠᠲᠠᠢ ᠠᠷᠭ᠎ᠠ ᠬᠡᠮᠵᠢᠶ᠎ᠡ    ︵ᠨᠢᠭᠡ︶ ︽ᠲᠥᠰᠥᠯ︾ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠬᠦᠷᠢᠶᠡᠨ ᠳᠠᠬᠢ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠨᠦᠭᠦᠳ    ︽ᠲᠥᠰᠥᠯ︾ ᠨᠢ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ 11 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠪᠠ᠄ ᠨᠢᠭᠡ ᠳᠤ ᠵᠠᠰᠠᠭ ᠤᠨ ᠣᠷᠳᠣᠨ ᠤ ᠢᠲᠡᠭᠡᠯ ᠠᠯᠳᠠᠭᠰᠠᠨ ᠠᠵᠢᠯᠯᠠᠭ᠎ᠠ ᠶᠢ ᠶᠡᠭᠡ ᠪᠠᠷ ᠵᠢᠭᠰᠠᠭᠠᠨ ᠪᠠᠶᠢᠴᠠᠭᠠᠬᠤ᠂ ᠶᠡᠭᠡ ᠪᠠᠷ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠠᠰᠠᠭᠤᠳᠠᠯ ᠤᠨ ᠨᠠᠷᠢᠨ ᠲᠠᠩᠰᠠ ᠪᠠᠶᠢᠭᠤᠯᠤᠨ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠬᠤᠶᠠᠷ ᠲᠤ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠎ᠠ᠃ ᠭᠤᠷᠪᠠ ᠳᠤ ᠵᠠᠰᠠᠭ ᠤᠨ ᠣᠷᠳᠣᠨ ᠤ ᠭᠡᠷ᠎ᠡ ᠶᠢ ᠵᠥᠷᠢᠴᠡᠭᠰᠡᠨ ᠵᠠᠭᠠᠯᠳᠤᠯᠭ᠎ᠠ ᠶᠢᠨ ᠴᠣᠩᠬᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ᠂ 96888 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠦᠢᠯᠡᠴᠢᠯᠡᠭᠡᠨ ᠤ ᠬᠠᠯᠠᠮᠰᠢᠯ ᠤᠲᠠᠰᠤ᠂ ᠭᠡᠷ᠎ᠡ ᠶᠢ ᠵᠥᠷᠢᠴᠡᠵᠦ ᠥᠷᠢᠲᠦᠵᠦ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠤᠨ ᠵᠦᠢᠯ ᠤᠨ ᠳᠠᠩᠰᠠᠯᠠᠯᠲᠠ ︵ᠵᠠᠭᠠᠯᠳᠤᠯᠭ᠎ᠠ︶ ᠶᠢᠨ ᠲᠠᠪᠴᠠᠩ᠂ ︽ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠡᠯᠴᠡᠭᠡ︾ ᠵᠡᠷᠭᠡ ᠵᠠᠭᠠᠯᠳᠤᠯᠭ᠎ᠠ ᠶᠢᠨ ᠲᠠᠪᠴᠠᠩ ᠵᠡᠷᠭᠡ ᠡᠯ᠎ᠡ ᠲᠥᠷᠥᠯ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠡᠮᠬᠢᠯᠡᠨ ᠨᠡᠶᠢᠯᠡᠭᠦᠯᠵᠦ ᠰᠠᠭᠠᠳ ᠦᠭᠡᠢ ᠨᠠᠪᠲᠠᠷᠡᠭᠦᠯᠵᠦ᠂ ᠪᠠᠶᠢᠳᠠᠯ ᠢ ᠦᠨᠡᠨ ᠪᠣᠳᠠᠲᠠᠢ ᠴᠠᠭ ᠲᠤᠬᠠᠢ ᠳᠤᠨᠢ ᠵᠠᠰᠠᠭ ᠤᠨ ᠶᠠᠪᠤᠳᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠳᠤ ᠣᠷᠣᠭᠤᠯᠤᠨ ᠨᠢᠭᠡᠳᠦᠯᠲᠡᠢ ᠬᠢᠨᠠᠨ ᠬᠠᠮᠢᠶᠠᠷᠤᠨ᠎ᠠ᠃ ᠳᠥᠷᠪᠡ ᠳᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠲᠡᠯᠢᠭ ᠴᠢᠨᠠᠷᠲᠠᠢ ᠬᠦᠴᠢᠷ ᠲᠦᠪᠡᠭᠲᠡᠢ ᠠᠰᠠᠭᠤᠳᠠᠯ ᠢ ᠵᠥᠪᠳᠡᠯᠴᠡᠨ ᠰᠢᠢᠳᠪᠦᠷᠢᠯᠡᠬᠦ ᠲᠣᠭᠲᠠᠴᠠ᠂ ᠰᠠᠷ᠎ᠠ ᠶᠢᠨ ᠦᠨᠡᠯᠡᠯᠲᠡ᠂ ᠰᠠᠷ᠎ᠠ ᠶᠢᠨ ᠮᠡᠳᠡᠭᠡᠯᠡᠬᠦ ᠲᠣᠭᠲᠠᠴᠠ ᠵᠡᠷᠭᠡ ᠶᠢ ᠪᠠᠶᠢᠭᠤᠯᠤᠨ᠎ᠠ᠃ ᠲᠠᠪᠤ ᠳᠤ ᠲᠥᠷᠥ ᠶᠢᠨ ᠪᠣᠳᠣᠯᠭ᠎ᠠ ᠶᠢᠨ ᠦᠢᠯᠡᠴᠢᠯᠡᠭᠡᠨ ᠤ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠨᠡᠶᠢᠲᠡᠯᠢᠭ ᠴᠢᠨᠠᠷᠲᠠᠢ ᠬᠦᠴᠢᠷ ᠲᠦᠪᠡᠭᠲᠡᠢ ᠠᠰᠠᠭᠤᠳᠠᠯ ᠢ ᠵᠥᠪᠳᠡᠯᠴᠡᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ ᠵᠢᠷᠭᠤᠭ᠎ᠠ ᠳᠤ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ ᠭᠦᠢᠴᠡᠳᠬᠡᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠠᠷᠠᠳ ᠤᠨ ᠰᠢᠭᠦᠬᠦ ᠬᠤᠷᠢᠶᠠᠨ ᠤ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ ᠭᠦᠢᠴᠡᠳᠬᠡᠬᠦ ᠶᠢ ᠲᠡᠪᠴᠢᠭᠰᠡᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠬᠤᠯᠪᠣᠭᠳᠠᠯ ᠪᠦᠬᠦᠢ ᠳᠡᠰ ᠳᠠᠷᠠᠭᠠᠯᠠᠯ ᠶᠣᠰᠣᠭᠠᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃ ᠳᠣᠯᠤᠭ᠎ᠠ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠵᠤ᠂ ᠪᠥᠬᠦ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠢᠳᠬᠡᠯ ᠤᠨ ᠦᠷ᠎ᠡ ᠳ᠋ᠦᠩ ᠤᠨ ︽ᠬᠤᠶᠠᠷ ᠢ ᠢᠯᠡ ᠨᠡᠶᠢᠲᠡᠯᠡᠬᠦ︾ ᠠᠵᠢᠯ ᠢ ᠨᠡᠶᠢᠳᠡᠮ ᠪᠦᠷᠬᠦᠭᠦᠯᠬᠦ ᠶᠢ ᠠᠬᠢᠭᠤᠯᠬᠤ ᠶᠢᠨ ᠬᠠᠮᠲᠤ ︽ᠬᠤᠶᠠᠷ ᠢ ᠢᠯᠡ ᠨᠡᠶᠢᠲᠡᠯᠡᠬᠦ︾ ᠶᠢ ᠪᠥᠬᠦ ᠲᠠᠯ᠎ᠠ ᠪᠠᠷ ᠥᠷᠭᠡᠳᠬᠡᠨ᠎ᠡ᠃ ᠨᠠᠢᠮᠠ ᠳᠤ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ 13 ᠢᠵᠢ ᠦᠢᠯᠡᠴᠢᠯᠡᠭᠡ ᠶᠢ ᠪᠠᠶᠢᠭᠤᠯᠵᠤ᠂ ᠭᠤᠣᠯᠳᠠᠯᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠤᠯᠪᠣᠭᠳᠠᠬᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ᠂ ᠳᠤᠲᠠᠭᠤ ᠶᠢ ᠪᠠᠭᠲᠠᠭᠠᠵᠤ ᠠᠮᠠᠯᠠᠯᠲᠠ ᠶᠢᠨ ᠳᠦᠷᠢᠮ ᠢᠶᠠᠷ ᠭᠦᠢᠴᠡᠳᠬᠡᠬᠦ᠂ ᠣᠨᠳᠣᠣ ᠭᠠᠵᠠᠷ ᠤᠨ ᠵᠦᠢᠯᠡᠰ ᠢ ᠣᠷᠣᠨ ᠪᠦᠰᠡ ᠠᠯᠤᠰᠯᠠᠨ ᠭᠦᠢᠴᠡᠳᠬᠡᠬᠦ᠂ ᠲᠦᠷᠦ ᠶᠢᠨ ᠪᠣᠳᠣᠯᠭ᠎ᠠ ᠶᠢᠨ ᠦᠢᠯᠡᠴᠢᠯᠡᠭᠡ ᠶᠢ ᠭᠤᠶᠤᠴᠢᠯᠠᠨ ᠭᠦᠢᠴᠡᠳᠬᠡᠬᠦ ᠠᠴᠠ ᠬᠡᠯᠲᠦᠷᠢᠭᠦᠯᠬᠦ ᠶᠢ ᠠᠬᠢᠭᠤᠯᠤᠨ᠎ᠠ᠃ ᠶᠢᠰᠦ ᠳᠤ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠤ ᠴᠠᠭᠠᠨ ᠭᠠᠳᠠᠷᠲᠤ ᠪᠢᠴᠢᠭ ᠢ ᠨᠡᠶᠢᠲᠡᠯᠡᠨ᠎ᠡ᠃ ᠠᠷᠪᠠ ᠳᠤ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠢᠲᠡᠭᠡᠮᠵᠢ ᠶᠢᠨ ᠦᠵᠡᠯ ᠤᠬᠠᠮᠰᠠᠷ ᠪᠣᠯᠣᠨ ᠦᠨᠡᠨᠴᠢ ᠢᠲᠡᠭᠡᠮᠵᠢᠲᠡᠢ ᠵᠠᠰᠠᠭ ᠵᠠᠬᠢᠷᠭᠠᠨ ᠤ ᠤᠬᠠᠮᠰᠠᠷᠲᠤ ᠴᠢᠨᠠᠷ ᠢ ᠨᠡᠮᠡᠭᠳᠡᠭᠦᠯᠦᠨ᠎ᠡ᠃ ᠠᠷᠪᠠᠨ ᠨᠢᠭᠡ ᠳᠤ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠯ ᠠᠯᠳᠠᠭᠰᠠᠨ ᠠᠵᠢᠯᠯᠠᠭ᠎ᠠ ᠶᠢᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠢᠲᠡᠭᠡᠯ ᠠᠯᠳᠠᠭᠰᠠᠳ ᠢ ᠬᠠᠷᠢᠭᠤᠴᠠᠯᠭ᠎ᠠ ᠨᠡᠬᠡᠮᠵᠢᠯᠡᠬᠦ ᠪᠣᠳᠠᠲᠠᠢ ᠠᠷᠭ᠎ᠠ ᠶᠢ ᠲᠣᠭᠲᠠᠭᠠᠨ ᠲᠡᠭᠦᠯᠳᠡᠷᠵᠢᠭᠦᠯᠦᠨ᠎ᠡ᠃    ︵ᠬᠤᠶᠠᠷ︶ ︽ᠲᠥᠰᠥᠯ︾ ᠤᠨ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠬᠦᠷᠢᠶᠡᠨ ᠳᠠᠬᠢ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠨᠦᠭᠦᠳ    ︽ᠲᠥᠰᠥᠯ︾ ᠨᠢ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ 10 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠄ ᠨᠢᠭᠡ ᠳᠤ ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠪᠥᠬᠦ ᠲᠠᠯ᠎ᠠ ᠪᠠᠷ ᠬᠠᠤᠯᠢ ᠶᠣᠰᠣᠭᠠᠷ ᠴᠤᠭᠯᠠᠭᠤᠯᠵᠤ᠂ ᠪᠤᠰᠤᠳᠴᠢ ᠪᠠᠷ ᠲᠡᠮᠳᠡᠭᠯᠡᠵᠦ᠂ ᠪᠥᠬᠦ ᠰᠢᠶᠠᠨ ᠤ ᠬᠠᠤᠯᠢ ᠶᠢᠨ ᠡᠷᠬᠡᠲᠡᠨ ᠤ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠤᠨ᠎ᠠ᠃ ᠬᠤᠶᠠᠷ ᠲᠤ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠦᠨᠳᠦᠰᠦᠯᠡᠨ᠂ ᠰᠢᠨᠵᠢᠯᠡᠬᠦ ᠤᠬᠠᠭᠠᠨ ᠤ ᠰᠤᠳᠤᠯᠭᠠᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ᠂ ᠶᠠᠰᠤ ᠴᠢᠨᠠᠷ ᠪᠠ ᠨᠠᠷᠠᠲᠤ ᠲᠡᠮᠳᠡᠭᠲᠦ᠂ ᠠᠶᠤᠯᠭᠦᠢ ᠦᠢᠯᠡᠳᠪᠦᠷᠢᠯᠡᠯ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠡᠳ᠋ ᠤᠨ ᠵᠠᠰᠠᠭ ᠭᠠᠶᠢᠯᠢ᠂ ᠬᠡᠷᠡᠭᠯᠡᠭᠡ᠂ ᠮᠥᠩᠭᠦᠨ ᠭᠦᠢᠯᠭᠡᠭᠡ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ᠂ ᠭᠡᠷ ᠤᠨ ᠶᠠᠪᠤᠳᠠᠯ ᠤᠨ ᠦᠢᠯᠡᠴᠢᠯᠡᠭᠡ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ᠂ ᠰᠣᠶᠣᠯ ᠵᠢᠭᠤᠯᠴᠢᠯᠠᠯ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠤ ᠢᠲᠡᠭᠡᠮᠵᠢ ᠶᠢᠨ ᠦᠨᠡᠯᠡᠯᠲᠡ ᠶᠢᠨ ᠳᠦᠷᠢᠮ ᠢ ᠪᠠᠶᠢᠭᠤᠯᠤᠨ᠎ᠠ᠃ ᠭᠤᠷᠪᠠ ᠳᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠬᠦᠷᠢᠶᠡᠨ ᠳᠠᠬᠢ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠪᠥᠬᠦ ᠲᠠᠯ᠎ᠠ ᠪᠠᠷ ᠪᠠᠶᠢᠭᠤᠯᠵᠤ᠂ ᠲᠥᠪ ᠤᠨ ᠱᠠᠲᠤ ᠶᠢᠨ 523 ᠵᠦᠢᠯ ᠵᠢᠴᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠲᠣᠭᠲᠠᠭᠠᠭᠰᠠᠨ 18 ᠵᠦᠢᠯ ᠤᠨ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ ᠵᠥᠪᠰᠢᠶᠡᠷᠡᠯ ᠤᠨ ᠵᠦᠢᠯᠡᠰ ᠲᠤ ᠴᠢᠭᠯᠡᠭᠦᠯᠦᠨ᠂ ᠮᠡᠳᠡᠭᠳᠡᠬᠦ ᠠᠮᠠᠯᠠᠯᠲᠠ ᠶᠢᠨ ᠳᠦᠷᠢᠮ ᠢ ᠲᠣᠭᠲᠠᠭᠠᠵᠤ ᠨᠡᠶᠢᠲᠡᠯᠡᠬᠦ ᠴᠢᠬᠤᠯᠠᠲᠠᠢ ᠵᠦᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢ ᠲᠣᠭᠲᠠᠭᠠᠨ᠎ᠠ᠃ ᠳᠥᠷᠪᠡ ᠳᠤ ᠢᠲᠡᠭᠡᠮᠵᠢ ᠶᠢᠨ ᠲᠡᠮᠳᠡᠭᠯᠡᠯ᠂ ︽ᠤᠯᠠᠭᠠᠨ ᠬᠠᠷ᠎ᠠ ᠲᠠᠩᠰᠠ︾ ᠪᠠ ᠢᠲᠡᠭᠡᠮᠵᠢ ᠶᠢᠨ ᠦᠨᠡᠯᠡᠯᠲᠡ ᠶᠢᠨ ᠦᠷ᠎ᠡ ᠳ᠋ᠦᠩ ᠢ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠳᠤᠮᠳᠠ ᠥᠷᠭᠡᠨ ᠢᠶᠠᠷ ᠬᠡᠷᠡᠭᠯᠡᠬᠦ ᠶᠢ ᠭᠦᠨᠵᠡᠭᠡᠶᠢᠷᠡᠭᠦᠯᠵᠦ᠂ ᠡᠯ᠎ᠡ ᠱᠠᠲᠤᠨ ᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠡᠵᠡᠩᠨᠡᠯᠲᠡ ᠶᠢᠨ ᠭᠤᠣᠯ ᠴᠣᠭᠴᠠ ᠳᠤ ᠬᠡᠷᠡᠭ ᠤᠨ ᠡᠮᠦᠨᠡᠬᠢ᠂ ᠬᠡᠷᠡᠭ ᠤᠨ ᠳᠤᠮᠳᠠᠬᠢ᠂ ᠬᠡᠷᠡᠭ ᠤᠨ ᠳᠠᠷᠠᠭᠠᠬᠢ ︽ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠲᠠᠪᠤ ᠳᠤ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠨᠢᠭᠡ ᠪᠦᠯᠦᠭ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠠᠯᠳᠠᠭᠰᠠᠨ ᠠᠵᠢᠯᠯᠠᠭ᠎ᠠ ᠳᠤ ᠡᠷᠡᠰ ᠴᠣᠬᠢᠯᠲᠠ ᠥᠭᠴᠦ ᠵᠠᠰᠠᠵᠤ᠂ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠰᠣᠶᠣᠯ ᠤᠨ ᠪᠠᠶᠢᠭᠤᠯᠤᠯᠲᠠ ᠶᠢ ᠥᠷᠨᠢᠭᠦᠯᠦᠨ᠎ᠡ᠃ ᠵᠢᠷᠭᠤᠭ᠎ᠠ ᠳᠤ ᠤᠷᠮᠠᠰᠢᠭᠤᠯᠬᠤ ᠪᠠ ᠢᠲᠡᠭᠡᠮᠵᠢ ᠠᠯᠳᠠᠭᠰᠠᠨ ᠬᠢᠵᠠᠭᠠᠷᠯᠠᠯ ᠢ ᠬᠤᠯᠪᠣᠭᠠᠯᠠᠨ ᠡᠬᠢᠯᠡᠭᠦᠯᠬᠦ᠂ ᠳᠠᠭᠠᠬᠤ᠂ ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠳᠣᠯᠤᠭ᠎ᠠ ᠳᠤ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠥᠬᠦ ᠤᠯᠤᠰ ᠤᠨ ᠪᠡᠯᠡ ᠲᠣᠬᠢᠷᠠᠭᠤᠯᠭ᠎ᠠ ᠶᠢᠨ ᠦᠢᠯᠡᠴᠢᠯᠡᠭᠡᠨ ᠤ ᠲᠠᠪᠴᠠᠩ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠩᠭᠢᠯᠠᠭ᠎ᠠ ᠶᠢᠨ ᠴᠡᠭ ᠪᠠ ᠡᠯ᠎ᠡ ᠱᠠᠲᠤ ᠡᠯ᠎ᠡ ᠲᠥᠷᠥᠯ ᠤᠨ ᠢᠲᠡᠭᠡᠮᠵᠢ ᠶᠢᠨ ᠪᠡᠯᠡ ᠲᠣᠬᠢᠷᠠᠭᠤᠯᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠪᠡᠯᠡ ᠲᠣᠬᠢᠷᠠᠭᠤᠯᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠠᠤᠯᠢ ᠲᠣᠭᠲᠠᠭᠠᠯ ᠶᠣᠰᠣᠭᠠᠷ ᠢᠲᠡᠭᠡᠮᠵᠢ ᠶᠢᠨ ᠮᠡᠳᠡᠭᠡ ᠵᠠᠩᠭᠢ ᠬᠠᠩᠭᠠᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠪᠡᠯᠡ ᠲᠣᠬᠢᠷᠠᠭᠤᠯᠭ᠎ᠠ ᠶᠢᠨ ᠮᠡᠳᠡᠭᠡ ᠵᠠᠩᠭᠢ ᠶᠢᠨ ︽ᠮᠥᠬᠦᠯᠢᠭ ᠤᠨ ᠬᠡᠮᠵᠢᠶ᠎ᠡ ᠶᠡᠭᠡ︾ ᠠᠰᠠᠭᠤᠳᠠᠯ ᠢ ᠰᠢᠢᠳᠪᠦᠷᠢᠯᠡᠨ᠎ᠡ᠃ ᠨᠠᠢᠮᠠ ᠳᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠬᠢᠭᠡᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠢᠲᠡᠭᠡᠮᠵᠢ ᠶᠢ ᠰᠡᠷᠭᠦᠭᠡᠬᠦ ᠶᠢᠨ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠣᠯᠠᠨ ᠲᠠᠯ᠎ᠠ ᠠᠴᠠ ᠰᠡᠷᠭᠦᠭᠡᠬᠦ︾ ᠠᠰᠠᠭᠤᠳᠠᠯ ᠢ ᠰᠢᠢᠳᠪᠦᠷᠢᠯᠡᠨ᠂ ᠰᠡᠷᠭᠦᠭᠡᠬᠦ ᠨᠥᠬᠦᠴᠡᠯ ᠳᠤ ᠨᠡᠶᠢᠴᠡᠬᠦ ᠢᠲᠡᠭᠡᠯ ᠠᠯᠳᠠᠭᠰᠠᠨ ᠠᠵᠤ ᠠᠬᠤᠶᠢᠯᠠᠯ ᠳᠤ ᠦᠨᠡᠨᠴᠢ ᠢᠲᠡᠭᠡᠮᠵᠢ ᠶᠢᠨ ᠬᠥᠮᠦᠵᠢᠯ᠂ ᠲᠥᠪᠯᠡᠷᠡᠭᠦᠯᠦᠨ ᠰᠠᠨᠠᠭᠤᠯᠬᠤ ᠪᠠ ᠲᠤᠬᠠᠶᠢᠯᠠᠭᠰᠠᠨ ᠠᠵᠢᠯ ᠤᠨ ᠵᠢᠯᠤᠭᠤᠳᠬᠤ ᠠᠵᠢᠯ ᠢ ᠥᠷᠨᠢᠭᠦᠯᠵᠦ᠂ ᠢᠲᠡᠭᠡᠯ ᠠᠯᠳᠠᠭᠰᠠᠨ ᠭᠤᠣᠯ ᠴᠣᠭᠴᠠ ᠶᠢᠨ ᠬᠠᠳᠠᠭᠠᠯᠠᠯᠲᠠ ᠶᠢᠨ ᠬᠡᠮᠵᠢᠶ᠎ᠡ ᠶᠢ ᠦᠷᠭᠦᠯᠵᠢᠯᠡᠨ ᠪᠠᠭᠠᠰᠬᠠᠵᠤ᠂ ᠢᠲᠡᠭᠡᠯ ᠠᠯᠳᠠᠭᠰᠠᠨ ᠭᠤᠣᠯ ᠴᠣᠭᠴᠠ ᠶᠢᠨ ᠨᠡᠮᠡᠭᠳᠡᠯ ᠤᠨ ᠬᠡᠮᠵᠢᠶ᠎ᠡ ᠶᠢ ᠬᠢᠵᠠᠭᠠᠷᠯᠠᠨ᠎ᠠ᠃ ᠶᠢᠰᠦ ᠳᠤ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠨ ᠦᠨᠡᠨᠴᠢ ᠢᠲᠡᠭᠡᠮᠵᠢᠲᠡᠢ ᠪᠠᠷ ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠶᠢ ᠵᠣᠷᠢᠭᠵᠢᠭᠤᠯᠵᠤ᠂ ᠠᠵᠢᠯ ᠲᠦᠷᠦᠯ ᠤᠨ ᠣᠨᠴᠠᠯᠢᠭ ᠪᠠ ᠬᠤᠳᠠᠯᠳᠤᠭᠠᠴᠢᠳ ᠤᠨ ᠡᠪᠯᠡᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠦᠨᠡᠨᠴᠢ ᠢᠲᠡᠭᠡᠮᠵᠢᠲᠡᠢ ᠪᠠᠷ ᠥᠪᠡᠷ ᠢ ᠪᠠᠨ ᠱᠠᠭᠠᠷᠳᠠᠬᠤ ᠨᠡᠶᠢᠲᠡ ᠶᠢᠨ ᠭᠡᠷ᠎ᠡ ᠶᠢ ᠲᠤᠭᠤᠷᠪᠢᠨ ᠲᠣᠭᠲᠠᠭᠠᠨ᠎ᠠ᠃ ᠠᠷᠪᠠ ᠳᠤ ᠦᠨᠡᠨᠴᠢ ᠢᠲᠡᠭᠡᠮᠵᠢᠲᠡᠢ ᠪᠠᠷ ᠬᠤᠳᠠᠯᠳᠤᠭ᠎ᠠ ᠶᠢ ᠬᠥᠭᠵᠢᠭᠦᠯᠬᠦ ᠤᠬᠠᠭᠤᠯᠭ᠎ᠠ ᠶᠢᠨ ᠰᠠᠷ᠎ᠠ᠂ ᠢᠲᠡᠭᠡᠮᠵᠢ ᠶᠢᠨ ᠤᠬᠠᠭᠤᠯᠭ᠎ᠠ ᠶᠢᠨ ᠰᠠᠷ᠎ᠠ᠂ ︽3 · 15︾ ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠥᠮᠦᠵᠢᠯ ᠤᠨ ᠤᠬᠠᠭᠤᠯᠭ᠎ᠠ ᠶᠢᠨ ᠭᠠᠷᠠᠭ᠂ ᠢᠳᠡᠭᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠵᠡᠷᠭᠡ ᠴᠢᠬᠤᠯᠠ ᠴᠠᠭ ᠬᠤᠭᠤᠴᠠᠭ᠎ᠠ ᠶᠢ ᠭᠦᠢᠴᠡᠳ ᠠᠰᠢᠭᠯᠠᠨ᠂ ᠣᠯᠠᠨ ᠶᠠᠩᠵᠤ ᠬᠡᠯᠪᠡᠷᠢ ᠶᠢᠨ ᠦᠨᠡᠨᠴᠢ ᠢᠲᠡᠭᠡᠮᠵᠢ ᠶᠢᠨ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠰᠣᠶᠣᠯ ᠤᠨ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠦᠨ᠎ᠡ᠃    ︵ᠭᠤᠷᠪᠠ︶ ︽ᠲᠥᠰᠥᠯ︾ ᠤᠨ ᠨᠡᠶᠢᠭᠡᠮ ᠤᠨ ᠦᠨᠡᠨᠴᠢ ᠢᠲᠡᠭᠡᠮᠵᠢ ᠶᠢᠨ ᠬᠦᠷᠢᠶᠡᠨ ᠳᠠᠬᠢ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠨᠦᠭᠦᠳ    ︽ᠲᠥᠰᠥᠯ︾ ᠳᠤ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ 14 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠪᠠ᠄ ᠨᠢᠭᠡ ᠳᠤ ᠬᠤᠪᠢ ᠬᠥᠮᠥᠨ ᠤ ᠦᠨᠡᠨ ᠨᠡᠷ᠎ᠡ ᠪᠠᠷ ᠳᠠᠩᠰᠠᠯᠠᠬᠤ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠬᠥᠮᠥᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ ᠰᠢᠢᠳᠪᠦᠷᠢᠯᠡᠬᠦ ᠪᠠ ᠬᠡᠷᠡᠭᠯᠡᠬᠦ ᠶᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠬᠥᠮᠥᠰ ᠤᠨ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ ᠪᠠᠶᠢᠭᠤᠯᠤᠨ᠎ᠠ᠃ ᠬᠤᠶᠠᠷ ᠲᠤ ᠬᠤᠪᠢ ᠬᠥᠮᠥᠨ ᠳᠤ ᠬᠦᠨᠳᠦ ᠨᠣᠴᠢᠲᠠᠢ ᠢᠲᠡᠭᠡᠯ ᠠᠯᠳᠠᠭᠰᠠᠨ ᠦᠢᠯᠡ ᠠᠵᠢᠯᠯᠠᠭ᠎ᠠ ᠡᠭᠦᠰᠦᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠢᠯᠢ ᠠᠴᠠ ᠭᠠᠷᠬᠤ ᠶᠢ ᠬᠢᠵᠠᠭᠠᠷᠯᠠᠬᠤ᠂ ᠥᠯᠥ ᠬᠥᠳᠡᠯᠬᠦ ᠬᠥᠷᠥᠩᠭᠡ ᠬᠤᠳᠠᠯᠳᠤᠨ ᠠᠪᠬᠤ᠂ ᠨᠢᠰᠬᠡᠯ ᠳᠤ ᠰᠠᠭᠤᠬᠤ᠂ ᠳᠡᠭᠡᠳᠦ ᠲᠠᠰ ᠤᠨ ᠭᠠᠯᠲᠤ ᠲᠡᠷᠭᠡᠨ ᠳᠤ ᠰᠠᠭᠤᠬᠤ ᠪᠠ ᠰᠠᠭᠤᠳᠠᠯ᠂ ᠵᠢᠭᠤᠯᠴᠢᠯᠠᠵᠤ ᠠᠮᠠᠷᠠᠬᠤ᠂ ᠣᠳᠣᠨ ᠲᠠᠰ ᠠᠴᠠ ᠳᠡᠭᠡᠭᠰᠢᠬᠢ ᠵᠣᠴᠢᠳ ᠤᠨ ᠪᠠᠭᠤᠳᠠᠯ ᠵᠢᠴᠢ ᠪᠤᠰᠤᠳ ᠥᠨᠳᠥᠷ ᠬᠡᠷᠡᠭᠯᠡᠭᠡ ᠶᠢᠨ ᠦᠢᠯᠡ ᠠᠵᠢᠯᠯᠠᠭ᠎ᠠ ᠵᠡᠷᠭᠡ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠦᠨ᠎ᠡ᠃ ᠭᠤᠷᠪᠠ ᠳᠤ ᠢᠲᠡᠭᠡᠮᠵᠢ ᠶᠢ ᠰᠡᠷᠭᠦᠭᠡᠬᠦ ᠬᠦᠷᠢᠶ᠎ᠡ ᠬᠡᠪᠴᠢᠶ᠎ᠡ᠂ ᠠᠷᠭ᠎ᠠ ᠵᠠᠮ᠂ ᠴᠤᠪᠤᠷᠠᠯ ᠵᠡᠷᠭᠡ ᠶᠢ ᠵᠢᠷᠤᠮᠵᠢᠭᠤᠯᠵᠤ᠂ ᠢᠲᠡᠭᠡᠯ ᠠᠯᠳᠠᠭᠰᠠᠨ ᠠᠵᠢᠯᠯᠠᠭ᠎ᠠ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠳᠥᠷᠪᠡ ᠳᠤ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠡᠯ᠎ᠡ ᠲᠥᠷᠥᠯ ᠤᠨ ᠪᠡᠯᠡ ᠮᠥᠩᠭᠦ ᠶᠢ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠬᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠡᠷᠳᠡᠮ ᠰᠢᠨᠵᠢᠯᠡᠭᠡᠨ ᠭᠤᠣᠯᠴᠢ ᠪᠤᠰᠤ᠂ ᠬᠠᠷ᠎ᠠ ᠵᠠᠭᠤᠴᠢ ᠬᠠᠷ᠎ᠠ ᠰᠢᠯᠭᠠᠯᠲᠠ ᠶᠢᠨ ᠪᠣᠯᠪᠠᠰᠤᠷᠠᠯ ᠡᠷᠬᠢᠯᠡᠬᠦ᠂ ᠬᠡᠲᠦᠷᠡᠲᠡᠯ᠎ᠡ ᠣᠨᠣᠰᠢᠯᠠᠨ ᠡᠮᠨᠡᠬᠦ᠂ ᠬᠢᠨᠠᠨ ᠲᠣᠭᠲᠠᠭᠠᠬᠤ ᠳᠤ ᠬᠠᠤᠯᠢ ᠶᠣᠰᠣ ᠶᠢ ᠵᠥᠷᠢᠴᠡᠬᠦ᠂ ᠠᠶᠠᠨᠴᠢᠳ ᠢ ᠮᠡᠬᠡᠯᠡᠨ ᠠᠰᠢᠭ ᠣᠯᠬᠤ ᠵᠡᠷᠭᠡ ᠢᠲᠡᠭᠡᠯ ᠠᠯᠳᠠᠭᠰᠠᠨ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠵᠠᠰᠠᠨ᠎ᠠ᠃ ᠲᠠᠪᠤ ᠳᠤ ᠬᠠᠮᠢᠶ᠎ᠠ ᠪᠦᠬᠦᠢ ᠡᠵᠡᠩᠨᠡᠯᠲᠡ ᠶᠢᠨ ᠭᠤᠣᠯ ᠴᠣᠭᠴᠠ ᠶᠢ ᠬᠠᠤᠯᠢ ᠲᠣᠭᠲᠠᠭᠠᠯ ᠶᠣᠰᠣᠭᠠᠷ ᠬᠦᠨᠳᠦ ᠨᠣᠴᠢᠲᠠᠢ ᠬᠠᠤᠯᠢ ᠠᠴᠠ ᠵᠥᠷᠢᠴᠡᠵᠦ ᠢᠲᠡᠭᠡᠯ ᠠᠯᠳᠠᠭᠰᠠᠨ ᠨᠡᠷᠡᠰ ᠲᠤ ᠣᠷᠣᠭᠤᠯᠬᠤ ᠶᠢᠨ ᠬᠠᠮᠲᠤ ᠨᠡᠶᠢᠭᠡᠮ ᠳᠤ ᠵᠠᠷᠯᠠᠨ ᠨᠡᠶᠢᠲᠡᠯᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠦᠷᠳᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠵᠢᠷᠭᠤᠭ᠎ᠠ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠤᠮᠳᠠ ᠬᠦᠨᠳᠦ ᠨᠣᠴᠢᠲᠠᠢ ᠵᠠᠰᠠᠭ ᠵᠠᠬᠢᠷᠭᠠᠨ ᠤ ᠰᠢᠢᠳᠬᠡᠯ ᠥᠭᠭᠦᠭᠰᠡᠨ ᠭᠤᠣᠯᠳᠠᠯᠭ᠎ᠠ ᠲᠠᠢ ᠬᠡᠷᠡᠭ ᠤᠨ ᠰᠦᠪᠡᠭᠴᠢ ᠶᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠨ᠎ᠠ᠃ ᠳᠣᠯᠤᠭ᠎ᠠ ᠳᠤ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠮᠵᠢ ᠠᠯᠳᠠᠭᠰᠠᠨ ᠡᠵᠡᠩᠨᠡᠯᠲᠡ ᠶᠢᠨ ᠭᠤᠣᠯ ᠴᠣᠭᠴᠠ ᠳᠤ ᠬᠡᠯᠡᠵᠦ ᠥᠭᠬᠦ ᠠᠮᠠᠯᠠᠯᠲᠠ ᠶᠢᠨ ᠳᠦᠷᠢᠮ ᠢ ᠬᠡᠷᠡᠭᠯᠡᠬᠦ ᠦᠭᠡᠢ᠂ ᠪᠠᠶᠢᠴᠠᠭᠠᠬᠤ ᠤᠳᠠᠭ᠎ᠠ ᠶᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠶᠢ ᠠᠪᠴᠤ ᠬᠠᠤᠯᠢ ᠶᠣᠰᠣᠭᠠᠷ ᠴᠢᠩᠭ᠎ᠠ ᠬᠢᠨᠠᠨ ᠬᠠᠮᠢᠶᠠᠷᠴᠤ᠂ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠨ᠎ᠠ᠃ ᠨᠠᠢᠮᠠ ᠳᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠬᠢᠭᠡᠳ ᠲᠥᠪᠯᠡᠷᠡᠭᠦᠯᠦᠨ ᠵᠠᠰᠠᠬᠤ ᠶᠢ ᠵᠣᠯᠭᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠦᠶᠯᠡ ᠠᠵᠢᠯᠯᠠᠭ᠎ᠠ ᠶᠢᠨ ᠳᠠᠬᠢᠨ ᠳᠠᠪᠲᠠᠨ ᠭᠠᠷᠬᠤ᠂ ᠣᠨᠳᠣᠣ ᠭᠠᠵᠠᠷ ᠲᠤ ᠭᠠᠷᠬᠤ ᠵᠡᠷᠭᠡ ᠦᠵᠡᠭᠳᠡᠯ ᠢ ᠬᠤᠷᠢᠭᠯᠠᠨ᠎ᠠ᠃ ᠶᠢᠰᠦ ᠳᠤ ᠡᠯ᠎ᠡ ᠱᠠᠲᠤᠨ ᠤ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠭᠤᠯᠤᠨ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠯ ᠠᠯᠳᠠᠭᠰᠠᠨ ᠨᠡᠶᠢᠲᠡᠯᠢᠭ ᠬᠡᠷᠡᠭ ᠤᠨ ᠵᠢᠱᠢᠶ᠎ᠡ ᠶᠢ ᠲᠥᠪᠯᠡᠷᠡᠭᠦᠯᠦᠨ ᠢᠯᠡᠴᠢᠯᠡᠵᠦ᠂ ᠨᠢᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠨᠢᠭᠡ ᠪᠦᠯᠦᠭ ᠢ ᠰᠡᠷᠡᠮᠵᠢᠯᠡᠭᠦᠯᠬᠦ᠂ ᠨᠢᠭᠡ ᠬᠡᠰᠡᠭ ᠢ ᠬᠥᠮᠥᠵᠢᠭᠦᠯᠬᠦ ᠦᠷ᠎ᠡ ᠪᠦᠲᠦᠮᠵᠢ ᠶᠢ ᠪᠡᠶᠡᠯᠡᠭᠦᠯᠦᠨ᠎ᠡ᠃ ᠠᠷᠪᠠ ᠳᠤ ᠦᠨᠡᠨᠴᠢ ᠢᠲᠡᠭᠡᠮᠵᠢ ᠶᠢᠨ ᠰᠣᠶᠣᠯ ᠬᠢᠭᠡᠳ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠬᠠᠷᠢᠯᠴᠠᠨ ᠠᠭᠤᠰᠤᠯᠴᠠᠭᠤᠯᠵᠤ᠂ ᠦᠨᠡᠨᠴᠢ ᠢᠲᠡᠭᠡᠮᠵᠢ ᠶᠢᠨ ᠰᠣᠶᠣᠯ ᠤᠨ ᠰᠤᠳᠤᠯᠭᠠᠨ ᠢ ᠨᠡᠶᠢᠭᠡᠮ ᠤᠨ ᠰᠢᠨᠵᠢᠯᠡᠬᠦ ᠤᠬᠠᠭᠠᠨ ᠤ ᠲᠥᠯᠦᠪᠵᠢᠭᠦᠯᠭᠡ ᠪᠠ ᠰᠡᠳᠦᠪ ᠲᠤ ᠣᠷᠣᠭᠤᠯᠵᠤ᠂ ᠦᠨᠡᠨᠴᠢ ᠢᠲᠡᠭᠡᠮᠵᠢ ᠶᠢᠨ ᠪᠠᠶᠠᠯᠢᠭ ᠠᠭᠤᠯᠤᠭᠳᠠᠬᠤᠨ ᠪᠠ ᠦᠨᠳᠦᠰᠦᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠤᠬᠠᠭᠤᠯᠤᠨ ᠲᠠᠶᠢᠯᠪᠤᠷᠢᠯᠠᠨ᠎ᠠ᠃ ᠠᠷᠪᠠᠨ ᠨᠢᠭᠡ ᠳᠤ ᠨᠢᠭᠡ ᠪᠦᠯᠦᠭ ᠦᠨᠡᠨᠴᠢ ᠢᠲᠡᠭᠡᠮᠵᠢᠲᠡᠢ ᠪᠠᠷ ᠡᠵᠡᠩᠨᠡᠬᠦ᠂ ᠢᠲᠡᠭᠡᠮᠵᠢ ᠪᠠᠨ ᠰᠠᠬᠢᠵᠤ ᠠᠮᠠᠯᠠᠯᠲᠠ ᠪᠠᠨ ᠭᠦᠢᠴᠡᠳᠬᠡᠬᠦ ᠬᠡᠪ ᠳᠠᠭᠤᠷᠢᠶᠠᠯ ᠤᠨ ᠠᠵᠤ ᠠᠬᠤᠶᠢᠯᠠᠯ ᠪᠠ ︽ᠮᠣᠩᠭᠤᠯ︾ ᠲᠡᠮᠳᠡᠭᠲᠦ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠠᠷᠪᠠᠨ ᠬᠤᠶᠠᠷ ᠲᠤ ᠦᠨᠡᠨᠴᠢ ᠢᠲᠡᠭᠡᠮᠵᠢ ᠶᠢ ᠰᠠᠭᠤᠷᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠡᠷᠭᠡ ᠡᠯ᠎ᠡ ᠬᠦᠷᠢᠶᠡᠨ ᠳᠤ ᠲᠤᠭᠤᠰᠢᠯᠠᠭᠤᠯᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠪᠠ ᠬᠠᠮᠢᠶᠠᠷᠤᠯᠲᠠ ᠦᠢᠯᠡᠴᠢᠯᠡᠭᠡᠨ ᠤ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠤᠨ᠎ᠠ᠃ ᠠᠷᠪᠠᠨ ᠭᠤᠷᠪᠠ ᠳᠤ ᠵᠢᠱᠢᠶᠡᠴᠢ ᠨᠡᠶᠢᠲᠡᠯᠢᠭ ᠵᠢᠱᠢᠶ᠎ᠡ ᠶᠢ ᠴᠡᠴᠡᠷᠯᠢᠭ ᠠᠭᠤᠳᠠᠮ ᠲᠠᠯᠠᠪᠠᠢ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠳᠤ ᠣᠷᠣᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠮᠠᠯᠠᠭᠰᠠᠨ ᠢᠶᠠᠨ ᠨᠡᠩ ᠢᠯᠡᠭᠦᠦ ᠦᠢᠯᠡᠳᠦᠯᠭᠡᠵᠢᠭᠦᠯᠵᠦ᠂ ᠠᠮᠠᠯᠠᠯᠲᠠ ᠪᠠᠨ ᠦᠨᠡᠨ ᠬᠦ ᠭᠦᠢᠴᠡᠳᠬᠡᠬᠦ ᠡᠭᠡᠯ ᠠᠷᠠᠳ ᠢ ᠤᠯᠠᠨ ᠲᠦᠮᠡᠨ ᠤ ᠳᠤᠮᠳᠠ ᠣᠷᠣᠭᠤᠯᠤᠨ᠎ᠠ᠃ ᠠᠷᠪᠠᠨ ᠳᠥᠷᠪᠡ ᠳᠤ ᠰᠦᠯᠵᠢᠶᠡᠨ ᠤ ᠡᠬᠢ ᠪᠠᠶᠠᠯᠢᠭ ᠢ ᠬᠡᠷᠡᠭᠯᠡᠬᠦ ᠶᠢ ᠴᠢᠬᠤᠯᠠᠴᠢᠯᠠᠵᠤ᠂ ᠡᠯ᠎ᠡ ᠱᠠᠲᠤᠨ ᠤ ᠵᠠᠭᠤᠴᠢᠯᠠᠭᠤᠷ᠂ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ ᠲᠤ ᠢᠲᠡᠭᠡᠮᠵᠢ ᠶᠢᠨ ᠮᠡᠳᠡᠯᠭᠡ ᠶᠢ ᠲᠠᠨᠢᠯᠴᠠᠭᠤᠯᠤᠨ᠂ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠤᠯᠠᠮᠵᠢᠯᠠᠵᠤ᠂ ᠦᠨᠡᠨᠴᠢ ᠢᠲᠡᠭᠡᠮᠵᠢ ᠶᠢᠨ ᠤᠬᠠᠮᠰᠠᠷ ᠢ ᠪᠠᠲᠤ ᠪᠠᠬᠢ ᠪᠠᠶᠢᠭᠤᠯᠵᠤ᠂ ᠰᠦᠯᠵᠢᠶᠡᠨ ᠤ ᠦᠨᠡᠨᠴᠢ ᠢᠲᠡᠭᠡᠮᠵᠢ ᠶᠢᠨ ᠰᠣᠶᠣᠯ ᠢ ᠪᠠᠳᠠᠷᠠᠭᠤᠯᠬᠤ ᠶᠢᠨ ᠬᠠᠮᠲᠤ ᠵᠠᠭᠤᠴᠢᠯᠠᠭᠤᠷ ᠪᠠ ᠢᠨᠲ᠋ᠧᠷ ᠰᠦᠯᠵᠢᠶᠡᠨ ᠤ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠳᠣᠲᠣᠭᠠᠳᠤ ᠶᠢᠨ ᠦᠨᠡᠨᠴᠢ ᠢᠲᠡᠭᠡᠮᠵᠢ ᠶᠢᠨ ᠵᠢᠷᠤᠮᠵᠢᠯ ᠪᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠠᠭᠤᠴᠢᠯᠠᠭᠤᠷ ᠤᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃    ︵ᠳᠥᠷᠪᠡ︶ ︽ᠲᠥᠰᠥᠯ︾ ᠤᠨ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠬᠦᠷᠢᠶᠡᠨ ᠳᠠᠬᠢ ᠪᠠᠶᠢᠭᠤᠯᠤᠯᠲᠠ ᠶᠢᠨ ᠠᠷᠭ᠎ᠠ ᠬᠡᠮᠵᠢᠶ᠎ᠡ ᠨᠦᠭᠦᠳ    ︽ᠲᠥᠰᠥᠯ︾ ᠨᠢ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ 9 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠪᠠ᠄ ᠨᠢᠭᠡ ᠳᠤ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠮᠡᠳᠡᠭᠡ ᠵᠠᠩᠭᠢ ᠶᠢ ᠢᠯᠡ ᠪᠣᠯᠭᠠᠬᠤ ᠶᠢ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠠᠪᠤᠴᠠ ᠶᠢᠨ ᠮᠡᠳᠡᠭᠡ ᠵᠠᠩᠭᠢ ᠶᠢᠨ ︽ᠴᠡᠭ ᠠᠴᠠ ᠴᠡᠭ ᠲᠤ ᠬᠦᠷᠬᠦ︾ ᠶᠢ ᠢᠯᠡ ᠪᠣᠯᠭᠠᠬᠤ ᠶᠢ ᠭᠦᠨᠵᠡᠭᠡᠶᠢᠷᠡᠭᠦᠯᠵᠦ᠂ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠳᠠᠯ ᠢ ᠲᠣᠭᠤᠷᠢᠨ ᠪᠠᠶᠢᠴᠠᠭᠠᠵᠤ ᠮᠡᠳᠡᠭᠡᠯᠡᠬᠦ ᠲᠣᠭᠲᠠᠴᠠ ᠶᠢ ᠪᠠᠶᠢᠭᠤᠯᠤᠨ᠎ᠠ᠃ ᠬᠤᠶᠠᠷ ᠲᠤ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠠᠰᠤ ᠴᠢᠨᠠᠷ ᠢ ᠵᠠᠳᠠᠯᠬᠤ ᠲᠣᠭᠲᠠᠴᠠ ᠶᠢ ᠪᠠᠶᠢᠭᠤᠯᠵᠤ᠂ ᠨᠠᠮ ᠤᠨ ᠬᠤᠷᠢᠶ᠎ᠠ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠤᠯᠤᠰ ᠲᠦᠷᠦ ᠬᠠᠤᠯᠢ ᠴᠠᠭᠠᠵᠠ ᠶᠢᠨ ᠨᠢᠭᠡᠴᠢ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠠᠰᠤ ᠴᠢᠨᠠᠷ ᠤᠨ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠵᠤ᠂ ᠬᠡᠷᠡᠭ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠰᠢᠯᠭᠠᠨ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠦᠨ᠎ᠡ᠃ ᠭᠤᠷᠪᠠ ᠳᠤ ᠠᠵᠤ ᠠᠬᠤᠶᠢᠯᠠᠯ ᠳᠤ ᠬᠤᠯᠪᠣᠭᠳᠠᠭᠰᠠᠨ ᠬᠢᠯᠢᠰ ᠪᠤᠷᠤᠭᠤ ᠬᠡᠷᠡᠭ ᠢ ᠵᠠᠯᠠᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠡᠷᠬᠡ ᠶᠢᠨ ᠬᠢᠵᠠᠭᠠᠷ ᠠᠴᠠ ᠳᠠᠪᠠᠭᠰᠠᠨ᠂ ᠬᠦᠷᠢᠶ᠎ᠡ ᠬᠡᠪᠴᠢᠶ᠎ᠡ ᠠᠴᠠ ᠳᠠᠪᠠᠭᠰᠠᠨ᠂ ᠲᠤᠭ᠎ᠠ ᠨᠤᠷᠮ᠎ᠠ ᠠᠴᠠ ᠳᠠᠪᠠᠭᠰᠠᠨ᠂ ᠬᠤᠭᠤᠴᠠᠭ᠎ᠠ ᠠᠴᠠ ᠬᠡᠲᠦᠷᠡᠭᠰᠡᠨ᠂ ᠪᠠᠶᠢᠴᠠᠭᠠᠨ ᠪᠢᠲᠡᠭᠦᠮᠵᠢᠯᠡᠭᠰᠡᠨ᠂ ᠦᠯᠡᠳᠡᠭᠡᠨ ᠠᠪᠤᠭᠰᠠᠨ᠂ ᠬᠥᠯᠳᠡᠭᠡᠭᠰᠡᠨ ᠠᠰᠠᠭᠤᠳᠠᠯ ᠢ ᠲᠤᠰᠬᠠᠢ ᠵᠦᠢᠯ ᠢᠶᠠᠷ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠳᠥᠷᠪᠡ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠳᠤ ᠬᠤᠯᠪᠣᠭᠳᠠᠭᠰᠠᠨ ᠪᠠ ᠬᠤᠳᠠᠯ ᠬᠠᠭᠤᠷᠮᠠᠭ ᠴᠢᠨᠠᠷ ᠮᠠᠭᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠺᠦᠨᠯᠦ᠋ᠨ 2024︾ ᠲᠤᠰᠬᠠᠢ ᠠᠵᠢᠯᠯᠠᠭ᠎ᠠ ᠶᠢ ᠥᠷᠨᠢᠭᠦᠯᠦᠨ᠎ᠡ᠃ ᠲᠠᠪᠤ ᠳᠤ ᠬᠠᠮᠲᠤᠷᠠᠨ ᠰᠡᠷᠭᠡᠶᠢᠯᠡᠵᠦ ᠵᠠᠯᠬᠠᠭᠠᠨ ᠰᠢᠳᠬᠡᠬᠦ ᠠᠵᠢᠯ ᠤᠨ ᠲᠣᠭᠲᠠᠴᠠ ᠶᠢ ᠪᠠᠶᠢᠭᠤᠯᠤᠨ᠂ ᠬᠤᠳᠠᠯ ᠬᠠᠭᠤᠷᠮᠠᠭ ᠵᠠᠷᠭᠤ ᠶᠢ ᠬᠢᠨᠠᠨ ᠲᠣᠳᠣᠯᠠᠵᠤ ᠮᠠᠭᠠᠳᠯᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠵᠠᠯᠬᠠᠭᠠᠨ ᠰᠢᠳᠬᠡᠬᠦ ᠡᠷᠴᠢᠮ ᠢᠶᠠᠨ ᠨᠡᠮᠡᠭᠳᠡᠭᠦᠯᠦᠨ᠎ᠡ᠃ ᠵᠢᠷᠭᠤᠭ᠎ᠠ ᠳᠤ ᠬᠠᠤᠯᠢ ᠴᠠᠭᠠᠵᠠ ᠳᠤ ᠭᠠᠷ ᠲᠦᠷᠦᠭᠦ ᠶᠢ ᠰᠡᠷᠭᠡᠶᠢᠯᠡᠬᠦ ︽ᠭᠤᠷᠪᠠᠨ ᠲᠣᠭᠲᠠᠭᠠᠯ︾ ᠢ ᠰᠢᠮᠳᠠᠭᠤᠯᠤᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠡᠷᠡᠭ ᠤᠨ ᠰᠦᠪᠡᠭᠴᠢ ᠶᠢ ᠨᠠᠷᠢᠨ ᠬᠢᠨᠠᠮᠠᠭᠠᠢ ᠬᠠᠷᠭᠤᠭᠤᠯᠤᠨ ᠪᠠᠶᠢᠴᠠᠭᠠᠨ᠎ᠠ᠃ ᠲᠤᠯᠤᠭ᠎ᠠ ᠳᠤ ᠵᠠᠰᠠᠭ ᠤᠨ ᠣᠷᠳᠣᠨ ᠳᠤ ᠬᠤᠯᠪᠣᠭᠳᠠᠭᠰᠠᠨ᠂ ᠠᠵᠤ ᠠᠬᠤᠶᠢᠯᠠᠯ ᠳᠤ ᠬᠤᠯᠪᠣᠭᠳᠠᠭᠰᠠᠨ᠂ ᠠᠷᠠᠳ ᠤᠨ ᠠᠮᠢᠳᠤᠷᠠᠯ ᠳᠤ ᠬᠤᠯᠪᠣᠭᠳᠠᠭᠰᠠᠨ᠂ ᠮᠥᠩᠭᠦᠨ ᠭᠦᠢᠯᠭᠡᠭᠡᠨ ᠳᠤ ᠬᠤᠯᠪᠣᠭᠳᠠᠭᠰᠠᠨ ᠬᠡᠷᠡᠭ ᠤᠨ ᠭᠦᠢᠴᠡᠳᠬᠡᠬᠦ ᠲᠤᠰᠬᠠᠢ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ ᠭᠦᠢᠴᠡᠳᠬᠡᠬᠦ ᠪᠣᠳᠠᠲᠠᠶᠢᠵᠢᠭᠤᠯᠬᠤ ᠨᠣᠷᠮ᠎ᠠ ᠶᠢ ᠳᠡᠭᠡᠭᠰᠢᠯᠡᠭᠦᠯᠵᠦ᠂ ᠲᠤᠬᠠᠢ ᠶᠢᠨ ᠬᠥᠮᠥᠨ ᠤ ᠵᠠᠷᠭᠤ ᠢᠯᠠᠭᠰᠠᠨ ᠡᠷᠬᠡ ᠠᠰᠢᠭ ᠢ ᠡᠷᠡᠰ ᠬᠠᠮᠠᠭᠠᠯᠠᠨ᠎ᠠ᠃ ᠨᠠᠢᠮᠠ ᠳᠤ ︽ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠨᠢᠭᠡ ᠪᠦᠯᠦᠭ ᠭᠦᠢᠴᠡᠳᠬᠡᠬᠦ ᠬᠦᠷᠢᠶᠡᠨ ᠳᠠᠬᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠭᠰᠠᠨ ᠨᠡᠶᠢᠲᠡᠯᠢᠭ ᠬᠡᠷᠡᠭ ᠢ ᠰᠢᠢᠳᠪᠦᠷᠢᠯᠡᠨ᠎ᠡ᠃ ᠶᠢᠰᠦ ᠳᠤ ᠪᠦᠬᠦ ᠰᠢᠶᠠᠨ ᠤ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠠᠯᠪᠠᠨ ᠭᠡᠷᠡᠴᠢᠯᠡᠭᠡ ᠶᠢᠨ ᠭᠠᠵᠠᠷ᠂ ᠬᠥᠨᠳᠡᠯᠡᠨ ᠠᠴᠠ ᠲᠠᠰᠤᠯᠬᠤ ᠪᠠᠶᠢᠭᠤᠯᠤᠮᠵᠢ ᠵᠢᠴᠢ ᠠᠵᠢᠯᠯᠠᠭᠰᠠᠳ ᠤᠨ ᠠᠵᠢᠯ ᠡᠷᠬᠢᠯᠡᠬᠦ ᠳᠠᠩᠰᠠ ᠡᠪᠬᠡᠮᠡᠯ ᠢ ᠡᠯᠧᠺᠲᠷᠤᠨᠴᠢᠯᠡᠬᠦ ᠶᠢ ᠪᠡᠶᠡᠯᠡᠭᠦᠯᠬᠦ ᠶᠢ ᠠᠬᠢᠭᠤᠯᠵᠤ᠂ ᠬᠠᠤᠯᠢᠴᠢ ᠶᠢᠨ ᠵᠠᠬᠢᠳᠠᠯ ᠰᠣᠷᠪᠤᠯᠵᠢᠯᠠᠭ᠎ᠠ ᠶᠢᠨ ᠵᠠᠭᠠᠯᠳᠤᠯᠭ᠎ᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠵᠤ᠂ ᠢᠲᠡᠭᠡᠯ ᠠᠯᠳᠠᠭᠰᠠᠨ ︽ᠬᠠᠷ᠎ᠠ ᠳᠠᠩᠰᠠ︾ ᠶᠢᠨ ᠳᠦᠷᠢᠮ ᠢ ᠪᠠᠶᠢᠭᠤᠯᠵᠤ᠂ ᠠᠵᠢᠯ ᠡᠷᠬᠢᠯᠡᠬᠦ ︵ᠢᠲᠡᠭᠡᠮᠵᠢ︶ ᠮᠡᠳᠡᠭᠡ ᠵᠠᠩᠭᠢ ᠪᠠ ᠰᠢᠯᠭᠠᠨ ᠬᠢᠨᠠᠭᠰᠠᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠭᠡᠮ ᠳᠤ ᠨᠡᠶᠢᠲᠡᠯᠡᠬᠦ ᠶᠢᠨ ᠬᠠᠮᠲᠤ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠡᠷᠭᠡ ᠳᠤ ᠬᠦᠷᠭᠡᠨ᠎ᠡ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号