︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠣᠩᠭᠤᠮᠠᠯ ︵2017 - 2022︶︾ ᠢ ᠬᠡᠪᠯᠡᠨ ᠲᠠᠷᠬᠠᠭᠠᠪᠠ
ᠨᠡᠶᠢᠲᠡᠯᠡᠭᠰᠡᠨ ᠴᠠᠭ᠄
2024/4/1
     ᠲᠥᠪ ᠤᠨ ᠤᠳᠤᠷᠢᠳᠬᠤ ᠨᠥᠬᠦᠷ ᠤᠨ ᠵᠥᠪᠰᠢᠶᠡᠷᠡᠯ ᠢᠶᠠᠷ᠂  ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠬᠠᠤᠯᠢ ᠲᠣᠭᠲᠠᠭᠠᠯ ᠤᠨ ᠲᠣᠪᠴᠢᠶ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠣᠩᠭᠤᠮᠠᠯ ︵2017 - 2022︶︾ ᠢ ᠨᠠᠶᠢᠷᠠᠭᠤᠯᠵᠤ᠂ ᠣᠶᠢᠷ᠎ᠠ ᠳᠤ ᠬᠠᠤᠯᠢ ᠴᠠᠭᠠᠵᠠ ᠶᠢᠨ ᠬᠡᠪᠯᠡᠯ ᠤᠨ ᠬᠤᠷᠢᠶ᠎ᠠ ᠠᠴᠠ ᠬᠡᠪᠯᠡᠭᠦᠯᠦᠨ ᠲᠠᠷᠬᠠᠭᠠᠪᠠ᠃      ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠣᠩᠭᠤᠮᠠᠯ︾ ᠨᠢ ᠡᠭᠦᠨ ᠠᠴᠠ ᠡᠮᠦᠨ᠎ᠡ ᠨᠢᠭᠡᠨᠲᠡ 5 ᠪᠣᠳᠢ ᠬᠡᠪᠯᠡᠭᠳᠡᠵᠦ᠂ ᠲᠤᠰ ︽ᠰᠣᠩᠭᠤᠮᠠᠯ︾ ᠨᠢ 6 ᠳ᠋ᠤᠭᠠᠷ ᠪᠣᠳᠢ ᠪᠠᠶᠢᠵᠤ᠂ 2017 ᠣᠨ ᠤ 10 ᠰᠠᠷ᠎ᠠ ᠠᠴᠠ 2022 ᠣᠨ ᠤ 10 ᠰᠠᠷ᠎ᠠ ᠪᠤᠯᠲᠠᠯᠠᠭᠢ ᠨᠠᠮ ᠤᠨ ᠲᠥᠪ ᠬᠤᠷᠢᠶ᠎ᠠ ᠵᠢᠴᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠨᠠᠮ ᠤᠨ ᠲᠥᠪ ᠬᠤᠷᠢᠶ᠎ᠠ ᠶᠢᠨ ᠠᠵᠢᠯ ᠤᠨ ᠪᠠᠶᠢᠭᠤᠯᠭ᠎ᠠ ᠶᠢᠨ ᠲᠣᠭᠲᠠᠭᠠᠭᠰᠠᠨ ᠬᠡᠰᠡᠭ ᠤᠳᠤ ᠶᠢᠨ ᠬᠡᠷᠡᠭᠵᠢᠭᠦᠯᠵᠦ ᠪᠠᠶᠢᠭ᠎ᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠣᠯᠣᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠣᠷᠣᠭᠤᠯᠵᠤ᠂ ᠨᠡᠶᠢᠳᠡ 127 ᠬᠤᠪᠢ ᠪᠠᠶᠢᠵᠤ᠂ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠪᠠᠶᠢᠭᠤᠯᠤᠯᠲᠠ ᠶᠢᠨ ᠡᠯ᠎ᠡ ᠲᠠᠯ᠎ᠠ ᠡᠯ᠎ᠡ ᠬᠦᠷᠢᠶᠡᠨ ᠤ ᠠᠵᠢᠯ ᠳᠤ ᠬᠤᠯᠪᠣᠭᠳᠠᠵᠤ᠂ ᠡᠷᠬᠡ ᠰᠦᠷᠲᠦ ᠴᠢᠨᠠᠷ᠂ ᠵᠢᠯᠤᠭᠤᠳᠬᠤ  ᠴᠢᠨᠠᠷ᠂ ᠬᠡᠷᠡᠭᠯᠡᠭᠡᠨ ᠤ ᠴᠢᠨᠠᠷ ᠲᠠᠢ  ᠨᠣᠮ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号