ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ︾ ᠪᠠᠷ ᠬᠢᠨᠠᠨ ᠵᠥᠪᠰᠢᠶᠡᠷᠡᠯ ᠤᠨ ︽ᠴᠢᠨᠠᠷ ᠰᠠᠶᠢᠲᠠᠢ︾ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/4/10
     ᠴᠢᠨᠠᠷ ᠰᠠᠶᠢᠲᠠᠢ ᠢᠲᠡᠭᠡᠮᠵᠢ ᠪᠣᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠦᠨᠳᠦᠰᠦᠨ ᠪᠠᠲᠤᠯᠠᠭ᠎ᠠ ᠮᠥᠨ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠣᠯ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠴᠢᠬᠤᠯᠠ ᠠᠭᠤᠯᠭ᠎ᠠ ᠪᠣᠯᠬᠤ ᠮᠥᠷᠲᠡᠭᠡᠨ ᠪᠠᠰᠠ ᠴᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠴᠢᠬᠤᠯᠠ ᠴᠣᠩᠬᠤ ᠪᠣᠯᠣᠨ᠎ᠠ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠪᠠᠶᠢᠭᠤᠯᠵᠤ᠂ ᠡᠷᠬᠡ ᠲᠡᠭᠰᠢ ᠲᠥᠪ ᠭᠤᠣᠯᠴᠢ᠂ ᠢᠯᠡ ᠲᠣᠳᠣ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠤᠶ ᠪᠣᠯᠭᠠᠬᠤ ᠶᠢᠨ ᠲᠥᠯᠥᠭᠡ᠂ ᠡᠨᠡ ᠵᠢᠯ ᠠᠴᠠ ᠨᠠᠰᠢ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠪᠠᠶᠢᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠨ ᠣᠷᠳᠣ ᠬᠤᠭᠤᠴᠠᠭᠠᠨ ᠤ ᠴᠢᠬᠤᠯᠠ ᠠᠵᠢᠯ ᠪᠣᠯᠭᠠᠨ ᠠᠳᠬᠤᠵᠤ᠂ ᠢᠲᠡᠭᠡᠮᠵᠢ ᠶᠢᠨ ᠠᠮᠠᠯᠠᠯᠲᠠ ᠶᠢᠨ ᠲᠣᠭᠲᠠᠴᠠ ᠶᠢᠨ ᠪᠠᠶᠢᠭᠤᠯᠤᠯᠲᠠ ᠪᠠ ︽ᠢᠲᠡᠭᠡᠮᠵᠢ +︾ ᠪᠠᠷ ᠰᠠᠭᠤᠷᠢ ᠪᠣᠯᠭᠠᠭᠰᠠᠨ ᠰᠢᠨ᠎ᠡ ᠮᠠᠶ᠋ᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠶᠢ ᠲᠦᠷᠭᠡᠳᠬᠡᠨ ᠲᠡᠭᠦᠯᠳᠡᠷᠵᠢᠭᠦᠯᠵᠦ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃      ︽ᠡᠯ᠎ᠡ ᠠᠵᠤ ᠠᠬᠤᠶᠢᠯᠠᠯ ᠤᠨ ᠲᠦᠷᠭᠡᠨ ᠬᠢᠨᠠᠨ ᠵᠥᠪᠰᠢᠶᠡᠷᠡᠬᠦ᠂ ᠡᠷᠲᠡ ᠠᠵᠢᠯ ᠡᠬᠢᠯᠡᠭᠦᠯᠬᠦ ᠶᠢ ᠦᠨᠡᠨ ᠬᠦ ᠪᠠᠲᠤᠯᠠᠵᠤ᠂ ᠦᠨᠡᠨᠴᠢ ᠢᠲᠡᠭᠡᠮᠵᠢ ᠪᠠᠷ ᠦᠨᠳᠦᠰᠦ ᠪᠣᠯᠭᠠᠭᠰᠠᠨ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠪᠠ ᠨᠡᠶᠢᠭᠡᠮ ᠤᠨ ᠣᠷᠴᠢᠨ ᠨᠥᠬᠦᠴᠡᠯ ᠢ ᠦᠷᠭᠦᠯᠵᠢᠯᠡᠨ ᠪᠣᠶ ᠪᠣᠯᠭᠠᠬᠤ ᠶᠢᠨ ᠲᠥᠯᠥᠭᠡ᠂ ᠨᠢᠭᠡ ᠳᠤ ᠢᠯᠡ ᠲᠣᠳᠣ ᠵᠠᠰᠠᠭ ᠤᠨ ᠶᠠᠪᠤᠳᠠᠯ ᠤᠨ ᠣᠷᠴᠢᠨ ᠨᠥᠬᠦᠴᠡᠯ ᠢ ᠢᠳᠡᠪᠬᠢᠲᠡᠢ ᠪᠠᠷ ᠪᠣᠶ ᠪᠣᠯᠭᠠᠨ᠎ᠠ᠃ ᠲᠥᠪ ᠭᠤᠣᠯᠴᠢ ᠪᠣᠯᠪᠠᠰᠤᠨ ᠢᠶᠠᠷ ᠬᠢᠨᠠᠨ ᠵᠥᠪᠰᠢᠶᠡᠷᠡᠬᠦ ᠶᠢ ᠴᠢᠩᠭ᠎ᠠ ᠵᠢᠷᠤᠮᠵᠢᠭᠤᠯᠵᠤ᠂ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ︿ᠢᠲᠡᠭᠡᠮᠵᠢ﹀ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠬᠦ ᠶᠢᠨ ᠲᠥᠯᠥᠭᠡ᠂ ᠮᠠᠨ ᠤ ᠰᠢᠶᠠᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠠᠵᠤ ᠠᠬᠤᠶᠢᠯᠠᠯ ᠢ ᠨᠡᠭᠡᠭᠡᠨ ᠡᠷᠬᠢᠯᠡᠬᠦ ᠲᠤᠰᠬᠠᠢ ᠲᠣᠭᠤᠷᠢᠭ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠲᠠᠢ ᠭᠦᠨᠵᠡᠭᠡᠢ ᠵᠣᠯᠭᠠᠭᠤᠯᠬᠤ ᠶᠢ ᠪᠡᠶᠡᠯᠡᠭᠦᠯᠪᠡ᠃ ︿ᠬᠡᠨ ᠬᠢᠨᠠᠨ ᠵᠥᠪᠰᠢᠶᠡᠷᠡᠪᠡᠯ᠂ ᠬᠡᠨ ᠢᠯᠡ ᠨᠡᠶᠢᠲᠡᠯᠡᠬᠦ﹀ ᠬᠠᠷᠢᠭᠤᠴᠠᠯᠭ᠎ᠠ ᠶᠢᠨ ᠳᠦᠷᠢᠮ ᠢ ᠲᠣᠳᠣᠷᠬᠠᠢ ᠲᠣᠭᠲᠠᠭᠠᠵᠤ᠂ ︿ᠬᠤᠶᠠᠷ ᠢ ᠢᠯᠡ ᠨᠡᠶᠢᠲᠡᠯᠡᠬᠦ﹀ ᠠᠵᠢᠯ ᠢ ᠪᠣᠳᠠᠲᠠᠢ ᠭᠠᠷᠲᠠᠨ ᠭᠦᠢᠴᠡᠳᠬᠡᠬᠦ ᠠᠵᠢᠯᠲᠠᠨ ᠳᠤ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠳᠤ ᠬᠤᠯᠪᠣᠭᠳᠠᠬᠤ ᠵᠥᠪᠰᠢᠶᠡᠷᠡᠯ ︵ᠰᠢᠨ᠎ᠡ ᠪᠠᠷ ᠳᠠᠩᠰᠠᠯᠠᠭᠤᠯᠬᠤ᠂ ᠬᠤᠪᠢᠷᠠᠭᠤᠯᠬᠤ᠂ ᠦᠷᠭᠦᠯᠵᠢᠯᠡᠭᠦᠯᠬᠦ᠂ ᠬᠦᠴᠦᠨ ᠦᠭᠡᠢ ᠪᠣᠯᠭᠠᠬᠤ︶᠂ ᠠᠵᠤ ᠠᠬᠤᠶᠢᠯᠠᠯ ᠳᠤ ᠥᠯᠥ ᠬᠤᠯᠪᠣᠭᠳᠠᠬᠤ ᠵᠥᠪᠰᠢᠶᠡᠷᠡᠯ ᠢ ᠴᠥᠮ ᠲᠠᠪᠴᠠᠩ ᠳᠤ ᠳᠠᠮᠵᠢᠭᠤᠯᠤᠨ ᠢᠯᠡ ᠨᠡᠶᠢᠲᠡᠯᠡᠨ᠎ᠡ᠃ ᠬᠤᠶᠠᠷ ᠲᠤ ᠢᠲᠡᠭᠡᠮᠵᠢ ᠶᠢᠨ ᠠᠮᠠᠯᠠᠯᠲᠠ ᠶᠢᠨ ᠳᠦᠷᠢᠮ ᠬᠢᠭᠡᠳ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠵᠤ᠂ ︿ᠢᠲᠡᠭᠡᠮᠵᠢ ᠶᠢᠨ ᠠᠮᠠᠯᠠᠯᠲᠠ + ᠸᠢᠳᠢᠤ᠋ ᠪᠠᠷ ᠬᠠᠶᠢᠨ ᠰᠢᠯᠭᠠᠬᠤ﹀ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠢᠨ᠎ᠡ ᠵᠠᠭᠪᠤᠷ ᠢ ᠰᠢᠨ᠎ᠡ ᠪᠠᠷ ᠡᠭᠦᠳᠦᠨ ᠬᠡᠷᠡᠭᠵᠢᠭᠦᠯᠦᠨ᠎ᠡ᠃ ᠠᠯᠤᠰ ᠠᠴᠠ ᠬᠠᠶᠢᠨ ᠰᠢᠯᠭᠠᠬᠤ ᠪᠥᠬᠦ ᠶᠠᠪᠤᠴᠠ ᠳᠤ ᠵᠡᠷᠭᠡ ᠪᠠᠷ ᠲᠠᠭᠤ ᠳᠦᠷᠰᠦ ᠰᠢᠩᠭᠡᠭᠡᠵᠦ᠂ ᠭᠤᠭᠴᠤᠭ᠎ᠠ ᠶᠢ ᠬᠠᠰᠤᠬᠤ ᠦᠭᠡᠢ᠂ ᠪᠠᠷᠢᠮᠵᠢᠶ᠎ᠠ ᠶᠢ ᠪᠠᠭᠤᠷᠠᠭᠤᠯᠬᠤ ᠦᠭᠡᠢ᠂ ᠪᠦᠬᠦ᠋ᠢᠯᠡ ᠶᠠᠪᠤᠴᠠ ᠶᠢ ᠢᠯᠡ ᠲᠣᠳᠣ ᠪᠠᠶᠢᠯᠭᠠᠵᠤ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ᠂ ᠣᠯᠠᠨ ᠲᠦᠮᠡᠨ ᠳᠤ ᠴᠠᠭ ᠪᠠ ᠥᠪᠡᠷ ᠤᠨ ᠥᠷᠲᠡᠭ ᠢ ᠠᠷᠪᠢᠯᠠᠵᠤ ᠥᠭᠭᠦᠨ᠎ᠡ︾ ᠭᠡᠵᠦ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠹᠧᠩ ᠸᠧᠢ ᠰᠢᠨ ᠲᠠᠨᠢᠯᠴᠠᠭᠤᠯᠪᠠ᠃      ᠣᠶᠢᠯᠠᠭᠠᠭᠰᠠᠨ ᠢᠶᠠᠷ᠂ ︽ᠢᠲᠡᠭᠡᠮᠵᠢ ᠶᠢᠨ ᠠᠮᠠᠯᠠᠯᠲᠠ + ᠸᠢᠳᠢᠤ᠋ ᠪᠠᠷ ᠬᠠᠶᠢᠨ ᠰᠢᠯᠭᠠᠬᠤ︾ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠰᠢᠨ᠎ᠡ ᠵᠠᠭᠪᠤᠷ ᠢ ᠬᠡᠷᠡᠭᠵᠢᠭᠦᠯᠦᠭᠰᠡᠨ ᠠᠴᠠ ᠨᠠᠰᠢ᠂ ︽ᠦᠴᠦᠸᠠᠨ ᠰᠢᠶᠠᠨ ᠤ ᠢᠲᠡᠭᠡᠮᠵᠢ ᠶᠢᠨ ᠠᠮᠠᠯᠠᠯᠲᠠ ᠶᠢᠨ ᠵᠦᠢᠯᠡᠰ ᠤᠨ ᠨᠠᠷᠢᠨ ᠬᠠᠭᠤᠳᠠᠰᠤ︾ ᠳᠣᠲᠣᠷᠠᠬᠢ ᠡᠷᠡᠭᠦᠯ ᠬᠠᠮᠠᠭᠠᠯᠠᠯ ᠤᠨ ᠵᠥᠪᠰᠢᠶᠡᠷᠡᠯ ᠤᠨ ᠦᠨᠡᠮᠯᠡᠯ᠂ ᠡᠮᠴᠢᠯᠡᠭᠡᠨ ᠤ ᠪᠠᠶᠢᠭᠤᠯᠤᠮᠵᠢ ᠶᠢᠨ ᠬᠢᠨᠠᠨ ᠰᠢᠯᠭᠠᠯᠲᠠ᠂ ᠵᠤᠭ᠎ᠠ ᠴᠡᠩᠭᠡᠯ ᠤᠨ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠲᠠᠷᠢᠶᠠᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ᠂ ᠮᠠᠯ ᠤᠨ ᠡᠮ ᠡᠵᠡᠩᠨᠡᠬᠦ ᠵᠥᠪᠰᠢᠶᠡᠷᠡᠯ ᠤᠨ ᠦᠨᠡᠮᠯᠡᠯ ᠵᠡᠷᠭᠡ 5 ᠲᠥᠷᠥᠯ ᠤᠨ ᠵᠦᠢᠯᠡᠰ ᠢ ᠨᠢᠭᠡᠨᠲᠡ ᠠᠯᠤᠰ ᠠᠴᠠ ᠬᠠᠶᠢᠨ ᠰᠢᠯᠭᠠᠬᠤ ᠳᠤ ᠣᠷᠣᠭᠤᠯᠵᠤ᠂ ᠠᠯᠤᠰ ᠠᠴᠠ ᠬᠠᠶᠢᠨ ᠰᠢᠯᠭᠠᠬᠤ ᠶᠢ 36 ᠤᠳᠠᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠬᠠᠶᠢᠨ ᠰᠢᠯᠭᠠᠯᠲᠠ ᠶᠢᠨ ᠬᠤᠷᠳᠤᠴᠠ ᠶᠢ 90% ᠠᠴᠠ ᠳᠡᠭᠡᠭᠰᠢ ᠳᠡᠭᠡᠭᠰᠢᠯᠡᠭᠦᠯᠦᠭᠰᠡᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠷᠭ᠎ᠠ ᠵᠠᠮ ᠪᠠ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ + ᠦᠨᠡᠨᠴᠢ ᠢᠲᠡᠭᠡᠮᠵᠢ ᠶᠢᠨ ᠪᠠᠶᠢᠭᠤᠯᠤᠯᠲᠠ︾ ᠶᠢᠨ ᠰᠢᠨ᠎ᠡ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ︽ᠵᠢᠷᠭᠤᠭᠠᠨ ᠰᠢᠨ᠎ᠡ ᠦᠴᠦᠸᠠᠨ︾ ᠢ ᠪᠠᠶᠢᠭᠤᠯᠬᠤ ᠳᠤ ᠵᠠᠰᠠᠭ ᠤᠨ ᠶᠠᠪᠤᠳᠠᠯ ᠤᠨ ᠬᠦᠴᠦᠨ ᠴᠢᠳᠠᠯ ᠢᠶᠠᠨ ᠡᠷᠭᠦᠵᠦ᠂ ᠮᠠᠨ ᠤ ᠰᠢᠶᠠᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ︵ᠯᠢᠦᠢ ᠫᠢᠩ ᠫᠢᠩ᠂ ᠴᠧᠨ ᠪᠥᠸᠧ᠂ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号