︽ᠲᠣᠭᠠᠴᠢᠯᠯᠲᠠ︾ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠡᠷᠴᠢᠮᠲᠡᠢ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/4/10
     ᠣᠶᠢᠷ᠎ᠠ ᠳᠤ᠂ ᠦᠴᠦᠸᠠᠨ ᠰᠢᠶᠠᠨ ᠪᠦᠬᠦ ᠤᠯᠤᠰ ᠤᠨ ᠲᠣᠭᠠᠴᠢᠯᠠᠭᠰᠠᠨ ᠠᠵᠤ ᠦᠢᠯᠡᠰ ᠢ ᠤᠷᠢᠳᠠᠪᠠᠷ ᠴᠣᠭᠴᠠᠯᠠᠭᠰᠠᠨ 30 ᠵᠢᠱᠢᠶ᠎ᠡ ᠦᠵᠡᠭᠦᠯᠬᠦ ᠰᠢᠶᠠᠨ ᠪᠣᠯᠤᠭᠰᠠᠨ ᠤ ᠬᠤᠪᠢ ᠳᠤ᠂ ᠤᠷᠢᠯᠭ᠎ᠠ ᠪᠠᠷ ᠪᠦᠬᠦ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠲᠣᠭᠠᠴᠢᠯᠠᠭᠰᠠᠨ ᠬᠥᠭᠵᠢᠯᠲᠡ ᠶᠢᠨ ᠶᠡᠭᠡ ᠬᠤᠷᠠᠯ ᠳᠤ ᠣᠷᠣᠯᠴᠠᠪᠠ᠃ ᠲᠣᠭᠠᠴᠢᠯᠯᠲᠠ ᠪᠠᠷ ᠠᠵᠤ ᠦᠢᠯᠡᠰ ᠢ ᠠᠬᠢᠭᠤᠯᠬᠤ ᠪᠣᠯ ᠣᠳᠣᠬᠠᠨ ᠤ ᠬᠥᠭᠵᠢᠯᠲᠡ ᠶᠢᠨ ᠭᠤᠣᠯᠳᠠᠯᠭ᠎ᠠ ᠪᠣᠯᠣᠨ᠎ᠠ᠂ ᠮᠥᠨᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠬᠥᠭᠵᠢᠯᠲᠡ ᠶᠢ ᠲᠦᠷᠭᠡᠳᠬᠡᠬᠦ ᠶᠢᠨ ᠵᠠᠩᠭᠢᠯᠠᠭ᠎ᠠ ᠪᠣᠯᠣᠨ᠎ᠠ᠂ ᠲᠣᠭᠠᠴᠢᠯᠯᠲᠠ ᠪᠠᠷ ᠠᠵᠤ ᠦᠢᠯᠡᠰ ᠢ ᠠᠬᠢᠭᠤᠯᠬᠤ ᠪᠠᠷ ᠳᠠᠮᠵᠢᠭᠤᠯᠵᠤ᠂ ᠬᠥᠳᠡᠭᠡ ᠠᠵᠤ ᠠᠬᠤᠢ᠂ ᠬᠥᠳᠡᠭᠡ ᠲᠣᠰᠬᠤᠨ᠂ ᠲᠠᠷᠢᠶᠠᠴᠢᠨ ᠤ ᠲᠣᠭᠠᠴᠢᠯᠠᠭᠰᠠᠨ ᠬᠠᠮᠢᠶᠠᠷᠤᠯᠲᠠ ᠶᠢ ᠪᠡᠶᠡᠯᠡᠭᠦᠯᠵᠦ᠂ ᠬᠤᠶᠢᠰᠢᠳᠠ ᠶᠢᠨ ᠮᠠᠯ ᠠᠵᠤ ᠠᠬᠤᠢ ᠲᠠᠷᠢᠶᠠᠯᠠᠩ ᠤᠨ ᠡᠷᠡᠭᠦᠯ ᠢᠶᠠᠷ ᠲᠦᠷᠭᠡᠨ ᠬᠥᠭᠵᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃      ᠦᠴᠦᠸᠠᠨ ᠰᠢᠶᠠᠨ ᠪᠣᠯ ᠤᠮᠠᠷᠠᠲᠤ ᠥᠷᠭᠡᠷᠢᠭ ᠤᠨ 41°- 43° ᠲᠤ ᠣᠷᠣᠰᠢᠵᠤ ᠪᠠᠶᠢᠳᠠᠭ᠂ ᠡᠨᠡ ᠥᠷᠭᠡᠷᠢᠭ ᠪᠣᠯ ᠳᠡᠯᠡᠬᠡᠢ ᠨᠡᠶᠢᠲᠡ ᠳᠤ ᠮᠡᠳᠡᠷᠡᠭᠳᠡᠭᠰᠡᠨ ᠨᠢᠴᠦᠭᠦᠨ ᠨᠣᠬᠠᠢ ᠶᠢᠨ ᠬᠤᠰᠢᠭᠤ ᠶᠢᠨ ᠰᠢᠵᠢᠷ ᠠᠯᠲᠠᠨ ᠤᠷᠭᠤᠯᠲᠠ ᠶᠢᠨ ᠥᠷᠭᠡᠷᠢᠭ ᠮᠥᠨ᠂ ᠬᠥᠮᠥᠰ ᠤᠨ ᠡᠷᠡᠭᠦᠯ ᠮᠡᠨᠳᠦ ᠶᠢᠨ ᠦᠵᠡᠯ ᠤᠬᠠᠮᠰᠠᠷ ᠤᠨ ᠬᠤᠪᠢᠷᠠᠯᠲᠠ ᠶᠢ ᠳᠠᠭᠠᠯᠳᠤᠨ᠂ ᠨᠣᠬᠠᠢ ᠶᠢᠨ ᠬᠤᠰᠢᠭᠤ ᠵᠡᠷᠭᠡ ᠪᠦᠷᠢᠨ ᠠᠮᠤ ᠪᠤᠳᠠᠭᠠᠨ ᠤ ᠪᠦᠲᠦᠭᠡᠭᠳᠡᠬᠦᠨ ᠨᠢ ᠶᠠᠭ ᠰᠠᠶᠢᠬᠠᠨ ᠠᠷᠠᠳ ᠢᠷᠭᠡᠳ ᠤᠨ ᠡᠷᠡᠭᠦᠯ ᠮᠡᠨᠳᠦ ᠶᠢᠨ ᠢᠳᠡᠭᠡᠨ ᠤ ᠵᠦᠢᠯ ᠤᠨ ᠰᠢᠨ᠎ᠡ ᠬᠠᠶᠢᠷ᠎ᠠ ᠪᠣᠯᠵᠤ ᠪᠠᠶᠢᠨ᠎ᠠ᠃ ᠨᠣᠬᠠᠢ ᠶᠢᠨ ᠬᠤᠰᠢᠭᠤ ᠶᠢᠨ ᠲᠣᠭᠠᠴᠢᠯᠠᠭᠰᠠᠨ ᠠᠵᠤ ᠠᠬᠤᠢ ᠶᠢᠨ ᠲᠣᠮᠣ ᠳ᠋ᠠᠶᠢᠲ᠋ᠠ ᠶᠢᠨ ᠰᠢᠰᠲ᠋ᠧᠮ ᠢ ᠪᠠᠶᠢᠭᠤᠯᠬᠤ ᠶᠢᠨ ᠲᠥᠯᠥᠭᠡ᠂ ᠲᠣᠮᠣ ᠳ᠋ᠠᠶᠢᠲ᠋ᠠ ᠪᠠᠷ ᠳᠠᠮᠵᠢᠭᠤᠯᠤᠨ ᠦᠷ᠎ᠡ ᠶᠢᠨ ᠰᠢᠨᠵᠢᠯᠡᠬᠦ ᠤᠬᠠᠭᠠᠨ ᠤ ᠰᠤᠳᠤᠯᠤᠯ᠂ ᠳᠠᠷᠢᠵᠤ ᠪᠣᠯᠪᠠᠰᠤᠷᠠᠭᠤᠯᠬᠤ ᠶᠢ ᠬᠡᠷᠡᠭᠯᠡᠭᠴᠢ᠂ ᠡᠵᠡᠩᠨᠡᠨ ᠪᠣᠷᠣᠯᠠᠭᠤᠯᠬᠤ ᠵᠡᠷᠭᠡ ᠦᠵᠦᠭᠦᠷ ᠲᠠᠢ ᠨᠢᠭᠲᠠ ᠬᠤᠯᠪᠣᠵᠤ᠂ ᠨᠣᠬᠠᠢ ᠶᠢᠨ ᠬᠤᠰᠢᠭᠤ ᠪᠠᠷ ᠲᠥᠯᠥᠭᠡᠯᠡᠭᠦᠯᠦᠭᠰᠡᠨ ᠪᠦᠷᠢᠨ ᠠᠮᠤ ᠪᠤᠳᠠᠭᠠᠨ ᠤ ᠲᠣᠭᠠᠴᠢᠯᠠᠭᠰᠠᠨ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠠᠵᠤ ᠦᠢᠯᠡᠰ ᠤᠨ ᠲᠣᠭᠠᠴᠢᠯᠠᠯᠲᠠ ᠶᠢ ᠲᠦᠷᠭᠡᠳᠬᠡᠨ ᠠᠰᠢᠭᠯᠠᠵᠤ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠴᠦᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠬᠠᠮᠲᠤᠷᠠᠭᠰᠠᠨ ᠰᠦᠯᠵᠢᠶᠡᠨ ᠤ ᠬᠥᠮᠥᠷᠭᠡ ᠶᠢᠨ ᠪᠦᠯᠦᠭᠯᠡᠯ ᠪᠥᠬᠦ ᠤᠯᠤᠰ ᠤᠨ ᠠᠩᠬᠠᠳᠠᠭᠴᠢ ︽ᠳᠤᠮᠳᠠᠳᠤ ᠤᠯᠤᠰ ᠤᠨ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠲᠣᠭᠠᠴᠢᠯᠠᠯᠲᠠ ᠶᠢᠨ ᠶᠡᠷᠦᠩᠬᠡᠢ ᠬᠡᠯᠲᠡᠰ ᠤᠨ ᠰᠠᠭᠤᠷᠢᠨ ᠭᠠᠵᠠᠷ︾ ᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠪᠥᠬᠦ ᠤᠯᠤᠰ ᠤᠨ ᠨᠣᠬᠠᠢ ᠶᠢᠨ ᠬᠤᠰᠢᠭᠤ ᠶᠢᠨ ᠠᠵᠤ ᠦᠢᠯᠡᠰ ᠲᠤ ᠬᠠᠮᠲᠤ ᠪᠠᠷ ᠲᠣᠭᠠᠴᠢᠯᠠᠯᠲᠠ ᠶᠢᠨ ᠴᠢᠳᠠᠪᠤᠷᠢ ᠣᠯᠭᠤᠪᠠ᠃      ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠨᠢ ᠭᠤᠷᠪᠠᠨ ᠭᠤᠣᠯ ᠠᠮᠤ ᠪᠤᠳᠠᠭᠠᠨ ᠤ ᠪᠦᠯᠦᠭᠯᠡᠯ ᠤᠨ ᠬᠤᠪᠢ ᠣᠷᠣᠭᠤᠯᠤᠭᠰᠠᠨ ᠺᠣᠮᠫᠠᠨᠢ ᠲᠠᠢ ᠬᠠᠮᠲᠤᠷᠠᠨ ᠬᠠᠮᠲᠤ ᠪᠠᠷ ᠪᠡᠯᠡ ᠣᠷᠣᠭᠤᠯᠬᠤ ᠪᠠ ᠡᠵᠡᠩᠨᠡᠵᠦ᠂ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠲᠤ ︽ᠳᠤᠮᠳᠠᠳᠤ ᠤᠯᠤᠰ ᠤᠨ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠲᠣᠣᠷ ᠢ ᠪᠠᠶᠢᠭᠤᠯᠤᠨ ᠡᠵᠡᠩᠨᠡᠵᠦ᠂ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠲᠣᠭᠠᠴᠢᠯᠠᠭᠰᠠᠨ ᠲᠠᠪᠤᠨ ᠶᠡᠭᠡ ᠦᠢᠯᠡᠴᠢᠯᠡᠭᠡᠨ ᠤ ᠲᠥᠪ ᠢ ᠪᠣᠶ ᠪᠣᠯᠭᠠᠵᠤ᠂ ᠨᠣᠬᠠᠢ ᠶᠢᠨ ᠬᠤᠰᠢᠭᠤ ᠶᠢᠨ ᠠᠵᠤ ᠠᠬᠤᠶᠢᠯᠠᠯ ᠤᠨ ᠲᠠᠰ ᠠᠴᠠ ᠳᠠᠪᠠᠭᠰᠠᠨ ᠨᠠᠷᠠᠲᠤ ᠲᠥᠷᠥᠯ ᠲᠡᠮᠳᠡᠭᠲᠦ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ︾ ᠪᠠᠷ ᠳᠠᠮᠵᠢᠭᠤᠯᠤᠨ᠂ ︽ᠨᠢᠭᠡ ᠰᠢᠶᠠᠨ ᠨᠢᠭᠡ ᠦᠢᠯᠡᠳᠬᠦᠨ ᠨᠢᠭᠡ ᠲᠠᠪᠴᠠᠩ᠂ ᠨᠢᠭᠡ ᠦᠢᠯᠡᠰ ᠨᠢᠭᠡ ᠬᠦᠷᠢᠶᠡᠯᠡᠩ ᠨᠢᠭᠡ ᠨᠠᠷᠠᠲᠤ ᠲᠥᠷᠥᠯ ᠲᠡᠮᠳᠡᠭᠲᠦ︾ ᠶᠢᠨ ᠪᠠᠶᠢᠯᠳᠤᠬᠤ ᠪᠣᠳᠣᠯᠭ᠎ᠠ ᠶᠢᠨ ᠪᠣᠷᠣ ᠲᠥᠯᠥᠪ ᠢ ᠪᠡᠶᠡᠯᠡᠭᠦᠯᠦᠨ᠎ᠡ᠃ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠲᠣᠮᠣ ᠳ᠋ᠠᠶᠢᠲ᠋ᠠ ᠶᠢᠨ ᠲᠥᠪ᠂ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠬᠡᠯᠬᠢᠶᠡᠨ ᠤ ᠬᠤᠳᠠᠯᠳᠤᠭᠠᠴᠢᠨ ᠤᠷᠢᠬᠤ ᠲᠥᠪ᠂ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ 020 ᠦᠵᠡᠭᠦᠯᠦᠯᠭᠡ ᠶᠢᠨ ᠠᠷᠠᠯᠵᠢᠶᠠᠨ ᠤ ᠲᠥᠪ᠂ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠲᠣᠭᠠᠴᠢᠯᠠᠭᠰᠠᠨ ᠴᠢᠳᠠᠪᠤᠷᠢᠲᠠᠨ ᠤ ᠦᠢᠯᠡᠳᠪᠦᠷᠢᠯᠡᠯ ᠰᠤᠷᠭᠠᠨ ᠬᠥᠮᠦᠵᠢᠯ ᠤᠨ ᠠᠭᠤᠰᠤᠯᠴᠠᠯ ᠤᠨ ᠲᠥᠪ᠂ ᠠᠵᠤ ᠦᠢᠯᠡᠰ ᠤᠨ ᠬᠠᠮ ᠵᠠᠭᠤᠴᠢᠯᠠᠭᠤᠷ ᠤᠨ ᠲᠣᠭᠠᠴᠢᠯᠠᠭᠰᠠᠨ ᠡᠵᠡᠩᠨᠡᠨ ᠪᠣᠷᠣᠯᠠᠭᠤᠯᠬᠤ ᠲᠥᠪ ᠵᠡᠷᠭᠡ ᠲᠠᠪᠤᠨ ᠶᠡᠭᠡ ᠬᠦᠴᠦᠨ ᠨᠡᠮᠡᠷᠢᠯᠡᠬᠦ ᠲᠥᠪ ᠢ ᠪᠠᠶᠢᠭᠤᠯᠬᠤ ᠪᠠᠷ ᠳᠠᠮᠵᠢᠭᠤᠯᠤᠨ᠂ ︽ᠲᠦᠭᠦᠬᠡᠢ ᠮᠠᠲ᠋ᠧᠷᠢᠶᠠᠯ ᠢ ᠲᠥᠪᠯᠡᠷᠡᠭᠦᠯᠦᠨ ᠴᠤᠭᠯᠠᠭᠤᠯᠬᠤ ᠶᠢ ᠲᠣᠭᠠᠵᠢᠭᠤᠯᠬᠤ᠂ ᠦᠢᠯᠡᠳᠪᠦᠷᠢᠯᠡᠯ ᠤᠨ ᠶᠠᠪᠤᠴᠠ ᠶᠢ ᠲᠣᠭᠠᠵᠢᠭᠤᠯᠬᠤ᠂ ᠪᠣᠷᠣᠯᠠᠭᠤᠯᠬᠤ ᠵᠢᠴᠢ ᠠᠷᠭ᠎ᠠ ᠵᠠᠮ ᠤᠨ ᠬᠠᠮᠢᠶᠠᠷᠤᠯᠲᠠ ᠶᠢ ᠲᠣᠭᠠᠵᠢᠭᠤᠯᠬᠤ᠂ ᠪᠠᠷᠠᠭᠠᠨ ᠤ ᠭᠦᠢᠯᠭᠡᠭᠡᠨ ᠤ ᠬᠥᠮᠥᠷᠭᠡ ᠶᠢ ᠲᠣᠭᠠᠵᠢᠭᠤᠯᠬᠤ ᠵᠢᠴᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠲᠣᠭᠠᠵᠢᠭᠤᠯᠬᠤ︾ ᠵᠡᠷᠭᠡ ᠲᠠᠪᠤᠨ ᠶᠡᠭᠡ ᠠᠵᠤ ᠦᠢᠯᠡᠰ ᠤᠨ ᠲᠣᠭᠠᠵᠢᠭᠤᠯᠬᠤ ᠬᠡᠷᠡᠭᠯᠡᠭᠡ ᠶᠢ ᠥᠷᠨᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠭᠪᠤᠷ ᠲᠠᠢ ᠤᠶᠠᠯᠳᠤᠭᠤᠯᠤᠨ ᠦᠴᠦᠸᠠᠨ ᠵᠢᠴᠢ ᠪᠥᠬᠦ ᠤᠯᠤᠰ ᠤᠨ ᠨᠣᠬᠠᠢ ᠶᠢᠨ ᠬᠤᠰᠢᠭᠤ ᠶᠢᠨ ᠠᠵᠤ ᠠᠬᠤᠶᠢᠯᠠᠯ ᠪᠠ ᠨᠠᠷᠠᠲᠤ ᠲᠡᠮᠳᠡᠭᠲᠦ ᠶᠢ ᠳᠡᠯᠭᠡᠨ ᠦᠵᠡᠭᠦᠯᠵᠦ᠂ ᠪᠥᠬᠦ ᠤᠯᠤᠰ ᠤᠨ ᠨᠣᠬᠠᠢ ᠶᠢᠨ ᠬᠤᠰᠢᠭᠤ ᠶᠢᠨ ᠬᠤᠯᠪᠣᠭᠳᠠᠯ ᠪᠦᠬᠦᠢ ᠠᠵᠤ ᠠᠬᠤᠶᠢᠯᠠᠯ ᠢ ᠲᠠᠪᠴᠠᠩ ᠳᠤ ᠲᠡᠳᠡᠨ ᠣᠷᠣᠭᠤᠯᠵᠤ᠂ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠲᠣᠮᠣ ᠳ᠋ᠠᠶᠢᠲ᠋ᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ ᠡᠴᠦᠰ ᠲᠡᠭᠡᠨ ᠤᠯᠤᠰ ᠤᠨ ᠳᠣᠲᠣᠭᠠᠳᠤ ᠶᠢᠨ ᠲᠤᠭ᠎ᠠ ᠪᠠᠷᠢᠮᠲᠠ ᠪᠠᠷ ᠬᠠᠮᠤᠭ ᠤᠨ ᠪᠦᠷᠢᠨ᠂ ᠶᠠᠰᠤ ᠴᠢᠨᠠᠷ ᠢᠶᠠᠷ ᠬᠠᠮᠤᠭ ᠤᠨ ᠰᠢᠯᠢᠳᠡᠭ ᠨᠣᠬᠠᠢ ᠶᠢᠨ ᠬᠤᠰᠢᠭᠤ ᠶᠢᠨ ᠪᠥᠬᠦ ᠠᠵᠤ ᠦᠢᠯᠡᠰ ᠤᠨ ᠬᠡᠯᠬᠢᠶᠡᠨ ᠤ ᠲᠣᠮᠣ ᠳ᠋ᠠᠶᠢᠲ᠋ᠠ ᠶᠢᠨ ᠲᠥᠪ ᠢ ᠪᠣᠶ ᠪᠣᠯᠭᠠᠵᠤ᠂ ᠮᠠᠨ ᠤ ᠤᠯᠤᠰ ᠤᠨ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠠᠵᠤ ᠦᠢᠯᠡᠰ ᠤᠨ ᠶᠡᠭᠡ ᠲᠠᠷᠢᠬᠢ ᠶᠢ ᠴᠣᠭᠴᠠᠯᠠᠨ ᠪᠠᠶᠢᠭᠤᠯᠤᠨ᠎ᠠ᠃      ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠨ᠎ᠡ᠃ ᠲᠣᠭᠠᠴᠢᠯᠠᠯᠲᠠ᠂ ᠣᠶᠤᠨᠴᠢᠯᠠᠯᠲᠠ ᠵᠡᠷᠭᠡ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠲᠦᠷᠭᠡᠳᠬᠡᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠵᠡᠷᠭᠡ ᠶᠢ ᠪᠠᠶᠢᠷᠢᠰᠢᠭᠤᠯᠤᠨ ᠬᠡᠷᠡᠭᠯᠡᠬᠦ ᠶᠢ ᠵᠣᠷᠢᠭᠵᠢᠭᠤᠯᠤᠨ ᠳᠡᠮᠵᠢᠵᠦ᠂ ᠦᠴᠦᠸᠠᠨ ᠰᠢᠶᠠᠨ ᠣᠮᠤᠭ ᠲᠡᠭᠦᠯᠳᠡᠷ ᠢᠶᠠᠷ ᠤᠷᠤᠭᠰᠢᠯᠠᠵᠤ ᠪᠠᠶᠢᠨ᠎ᠠ᠃ ︵ᠶᠠᠩ ᠯᠢ ᠹᠠᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号