ᠬᠠᠩᠰᠢ ᠶᠢᠨ ᠠᠮᠠᠷᠠᠯᠲᠠ ᠳᠤ ᠭᠦᠭᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ 8.5 ᠲᠦᠮᠡᠨ ᠠᠶᠠᠨᠴᠢᠨ ᠵᠥᠭᠡᠭᠡᠪᠦᠷᠢᠯᠡᠵᠡᠢ
ᠨᠡᠶᠢᠲᠡᠯᠡᠭᠰᠡᠨ ᠴᠠᠭ᠄
2024/4/10
     ᠬᠠᠩᠰᠢ ᠶᠢᠨ ᠠᠮᠠᠷᠠᠯᠲᠠ ᠳᠤ ᠭᠦᠭᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠨᠡᠶᠢᠲᠡ 8.5 ᠲᠦᠮᠡᠨ ᠠᠶᠠᠨᠴᠢᠨ ︵ᠤᠳᠠᠭ᠎ᠠ︶ ᠵᠥᠭᠡᠭᠡᠪᠦᠷᠢᠯᠡᠨ᠂ 266.7 ᠲᠣᠨ ᠪᠠᠷᠠᠭ᠎ᠠ ᠲᠡᠭᠡᠭᠡᠪᠦᠷᠢᠯᠡᠵᠦ᠂ ᠲᠣᠰ ᠲᠣᠰ 2019 ᠣᠨ ᠤ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠤ 87.4% ᠪᠠ 129.8% ᠪᠤᠯᠲᠠᠯ᠎ᠠ ᠰᠡᠷᠭᠦᠵᠦ᠂ ᠡᠳᠦᠷ ᠳᠤᠮᠳᠠᠴᠢ ᠶᠢᠨ ᠠᠶᠠᠨᠴᠢᠨ ᠵᠥᠭᠡᠭᠡᠪᠦᠷᠢᠯᠡᠭᠰᠡᠨ ᠬᠡᠮᠵᠢᠶ᠎ᠡ 2.8 ᠲᠦᠮᠡᠨ ᠬᠥᠮᠥᠨ ᠤᠳᠠᠭ᠎ᠠ ᠳᠤ ᠬᠦᠷᠴᠦ᠂ ᠨᠢᠭᠡ ᠡᠳᠦᠷ ᠤᠨ ᠬᠠᠮᠤᠭ ᠤᠨ ᠤᠯᠠᠨ ᠠᠶᠠᠨᠴᠢᠨ ᠵᠥᠭᠡᠭᠡᠪᠦᠷᠢᠯᠡᠭᠰᠡᠨ ᠬᠡᠮᠵᠢᠶ᠎ᠡ 3.5 ᠲᠦᠮᠡᠨ ᠬᠥᠮᠥᠨ ᠤᠳᠠᠭ᠎ᠠ ᠳᠤ ᠬᠦᠷᠴᠡᠢ᠃      ᠭᠦᠭᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠠᠴᠠ ᠣᠶᠢᠯᠠᠭᠠᠭᠰᠠᠨ  ᠢᠶᠠᠷ᠂ ᠬᠠᠩᠰᠢ ᠶᠢᠨ ᠠᠮᠠᠷᠠᠯᠲᠠ ᠶᠢᠨ ᠠᠶᠠᠨᠴᠢᠳ ᠤᠨ ᠤᠷᠤᠰᠬᠠᠯ ᠨᠢ ᠲᠥᠷᠥᠯ ᠰᠠᠳᠤᠨ ᠢᠶᠠᠨ ᠡᠷᠭᠢᠵᠦ ᠦᠵᠡᠬᠦ ᠪᠠ ᠵᠢᠭᠤᠯᠴᠢᠯᠠᠬᠤ ᠪᠠᠷ ᠭᠤᠣᠯᠲᠠᠨ᠂ ᠣᠷᠣᠨ ᠤ ᠳᠣᠲᠣᠷᠠᠬᠢ ᠤᠯᠠᠭᠠᠨᠬᠠᠳᠠ᠂ ᠲᠦᠩᠯᠢᠶᠣᠣ᠂ ᠬᠥᠯᠥᠨ ᠪᠤᠶᠢᠷ᠂ ᠰᠢᠯᠢᠩᠬᠤᠲᠠ᠂ ᠤᠯᠠᠭᠠᠨᠬᠤᠲᠠ ᠵᠡᠷᠭᠡ ᠠᠶᠢᠮᠠᠭ ᠬᠤᠲᠠ ᠪᠠ ᠣᠷᠣᠨ ᠤ ᠭᠠᠳᠠᠨᠠᠬᠢ ᠱᠠᠩᠬᠠᠢ᠂ ᠵᠧᠩᠵᠧᠦ᠂ ᠴᠧᠩᠳᠦ᠋᠂ ᠨᠠᠨᠵᠢᠩ᠂ ᠭᠤᠸᠠᠩᠵᠧᠦ ᠵᠡᠷᠭᠡ ᠭᠠᠵᠠᠷ ᠲᠤ ᠲᠥᠪᠯᠡᠷᠡᠵᠦ᠂ ᠡᠳᠡᠭᠡᠷ ᠭᠠᠵᠠᠷ ᠤᠨ ᠠᠶᠠᠨᠴᠢᠨ ᠨᠢ ᠬᠠᠩᠰᠢ ᠶᠢᠨ ᠠᠮᠠᠷᠠᠯᠲᠠ ᠳᠤ ᠵᠥᠭᠡᠭᠡᠪᠦᠷᠢᠯᠡᠭᠰᠡᠨ ᠪᠦᠭᠦ ᠠᠶᠠᠨᠴᠢᠨ ᠤ 46.7% ᠶᠢ ᠡᠵᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号