ᠦᠰᠦᠭ ᠪᠢᠴᠢᠭ ᠤᠨ ᠲᠠᠶᠢᠯᠤᠮᠵᠢ᠄ ︽ᠦᠴᠦᠸᠠᠨ ᠰᠢᠶᠠᠨ ᠤ ︿1+9+N﹀ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠤᠨ ᠲᠠᠶᠢᠯᠤᠮᠵᠢ
ᠨᠡᠶᠢᠲᠡᠯᠡᠭᠰᠡᠨ ᠴᠠᠭ᠄
2024/4/10
     ᠨᠢᠭᠡ᠂ ᠠᠬᠤᠢ ᠪᠠᠶᠢᠳᠠᠯ ᠤᠨ ᠦᠨᠳᠦᠰᠦᠯᠡᠯ      ᠠᠮᠤᠷ ᠠᠮᠤᠭᠤᠯᠠᠩ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠬᠥᠳᠡᠭᠡ ᠶᠢᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠶᠢ ᠭᠦᠨᠵᠡᠭᠡᠶᠢᠷᠡᠭᠦᠯᠵᠦ᠂ ︽ᠲᠦᠷᠪᠡᠨ ᠠᠵᠤ ᠦᠢᠯᠡᠰ ᠤᠨ ᠰᠠᠭᠤᠷᠢᠨ ᠭᠠᠵᠠᠷ︾ ᠤᠨ ᠬᠥᠭᠵᠢᠯᠲᠡ ᠶᠢ ᠬᠠᠮᠠᠭᠠᠯᠠᠵᠤ᠂ ᠨᠡᠩ ᠥᠨᠳᠥᠷ ᠲᠦᠪᠰᠢᠨ ᠲᠠᠢ ︽ᠵᠢᠷᠭᠤᠭᠠᠨ ᠰᠢᠨ᠎ᠡ ᠦᠴᠦᠸᠠᠨ︾ ᠢ ᠰᠠᠶᠢᠲᠤᠷ ᠪᠦᠲᠦᠭᠡᠨ ᠪᠠᠶᠢᠭᠤᠯᠬᠤ ᠶᠢᠨ ᠲᠥᠯᠥᠭᠡ᠂ ᠮᠠᠨ ᠤ ᠰᠢᠶᠠᠨ ᠰᠢᠶᠠᠨ ᠤ ᠪᠠᠶᠢᠳᠠᠯ ᠳᠠᠭᠠᠨ ᠰᠠᠭᠤᠷᠢᠯᠠᠵᠤ᠂ ᠤᠯᠠᠨ ᠲᠦᠮᠡᠨ ᠢ ᠳᠠᠶᠢᠴᠢᠯᠠᠵᠤ᠂ ᠤᠯᠠᠨ ᠲᠦᠮᠡᠨ ᠢ ᠵᠣᠬᠢᠶᠠᠨ ᠪᠠᠶᠢᠭᠤᠯᠵᠤ᠂ ᠤᠯᠠᠨ ᠲᠦᠮᠡᠨ ᠳᠤ ᠲᠦᠰᠢᠭᠯᠡᠨ᠂ ︽1+9+N︾ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠰᠢᠨ᠎ᠡ ᠵᠠᠭᠪᠤᠷ ᠢ ᠪᠠᠶᠢᠭᠤᠯᠵᠤ᠂ ᠦᠴᠦᠸᠠᠨ ᠰᠢᠶᠠᠨ ᠤ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠪᠠᠶᠢᠭᠤᠯᠵᠤ᠂ ᠣᠨᠴᠠᠭᠠᠶᠢᠯᠠᠨ ᠲᠤᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃      ᠬᠤᠶᠠᠷ᠂ ᠬᠠᠷᠠᠯᠲᠠ ᠶᠢᠨ ᠡᠭᠦᠷᠭᠡ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠬᠦ ᠲᠤᠬᠠᠢ ᠰᠢᠷᠢᠰ ᠴᠢᠬᠤᠯᠠ ᠶᠠᠷᠢᠶ᠎ᠠ᠂ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠭᠦᠨᠵᠡᠭᠡᠢ ᠦᠢᠯᠡᠳᠦᠯᠭᠡᠵᠢᠭᠦᠯᠵᠦ᠂ ᠮᠠᠨ ᠤ ᠨᠠᠮ ᠤᠨ ᠲᠠᠰᠤᠷᠠᠯᠲᠠ ᠦᠭᠡᠢ ᠰᠢᠨ᠎ᠡ ᠢᠯᠠᠯᠲᠠ ᠣᠯᠬᠤ ᠶᠢᠨ ᠢᠯᠠᠯᠲᠠ ᠣᠯᠬᠤ ᠡᠷᠳᠡᠨᠢ ᠶᠢ ᠴᠢᠳᠠᠮᠠᠭᠠᠢ ᠬᠡᠷᠡᠭᠯᠡᠵᠦ᠂ ᠦᠴᠦᠸᠠᠨ ᠤ ᠠᠵᠢᠯ ᠤᠨ ᠪᠣᠳᠠᠲᠤ ᠪᠠᠶᠢᠳᠠᠯ ᠪᠣᠯᠣᠨ ᠠᠷᠠᠳ ᠲᠦᠮᠡᠨ ᠤ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠪᠠᠷ ᠵᠠᠩᠭᠢᠯᠠᠭ᠎ᠠ ᠪᠣᠯᠭᠠᠵᠤ᠂ ᠡᠯ᠎ᠡ ᠲᠥᠷᠥᠯ ᠤᠨ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠬᠦᠴᠦᠨ ᠢ ᠥᠷᠭᠡᠨ ᠢᠶᠠᠷ ᠳᠠᠶᠢᠴᠢᠯᠠᠵᠤ᠂ ᠡᠯ᠎ᠡ ᠲᠥᠷᠥᠯ ᠤᠨ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠡᠬᠢ ᠪᠠᠶᠠᠯᠢᠭ ᠢ ᠬᠠᠮᠤᠭ ᠤᠨ ᠶᠡᠭᠡ ᠪᠠᠷ ᠠᠭᠤᠳᠠᠯᠵᠤ᠂ ︽ᠬᠥᠨᠳᠡᠯᠡᠨ ᠠᠴᠠ ᠵᠠᠬ᠎ᠠ ᠬᠢᠵᠠᠭᠠᠷ ᠬᠦᠷᠲᠡᠯ᠎ᠡ᠂ ᠭᠤᠯᠳᠤ ᠪᠠᠷ ᠡᠴᠦᠰ ᠲᠤᠨᠢ ᠲᠤᠯᠲᠠᠯ᠎ᠠ︾ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠤᠭ ᠤᠨ ᠡᠴᠦᠰ ᠲᠤ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠬᠦᠴᠦᠨ ᠢ ᠵᠠᠰᠠᠭ ᠵᠠᠬᠢᠷᠭᠠᠨ ᠤ ᠲᠣᠰᠬᠤᠨ ᠳᠤ ᠪᠠᠬᠢᠵᠢᠭᠦᠯᠬᠦ ᠶᠢᠨ ᠬᠠᠮᠲᠤ ᠠᠭᠠᠵᠢᠮ ᠢᠶᠠᠷ ᠠᠶᠢᠯ ᠲᠣᠰᠬᠤᠨ ᠲᠡᠰᠢ ᠥᠷᠭᠡᠳᠬᠡᠵᠦ᠂ ᠠᠪᠤᠷᠠᠨ ᠲᠤᠰᠠᠯᠠᠬᠤ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠠᠮᠤᠷ ᠢ ᠬᠠᠮᠠᠭᠠᠯᠠᠵᠤ ᠰᠡᠷᠭᠡᠶᠢᠯᠡᠨ ᠡᠵᠡᠮᠳᠡᠬᠦ ᠪᠠ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠶᠢ ᠪᠦᠷᠬᠦᠭᠦᠯᠬᠦ ᠶᠢ ᠪᠡᠶᠡᠯᠡᠭᠦᠯᠵᠦ᠂ ᠠᠪᠤᠷᠠᠨ ᠲᠤᠰᠠᠯᠠᠬᠤ ᠡᠩᠨᠡᠭᠡ ᠶᠢ ᠤᠯᠠᠨ ᠲᠦᠮᠡᠨ᠂ ᠲᠣᠮᠢᠯᠠᠭᠰᠠᠨ ᠰᠠᠯᠪᠤᠷᠢ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠦᠲᠦᠮᠵᠢᠲᠡᠢ ᠬᠤᠯᠪᠣᠬᠤ ᠪᠠᠲᠤ ᠪᠠᠬᠢ ᠬᠥᠭᠦᠷᠭᠡ ᠪᠣᠯᠭᠠᠬᠤ ᠬᠡᠷᠡᠭᠲᠡᠢ᠃      ᠭᠤᠷᠪᠠ᠂ ᠭᠤᠣᠯ ᠠᠭᠤᠯᠭ᠎ᠠ      ︵ᠨᠢᠭᠡ︶ ᠡᠩᠨᠡᠭᠡᠨ ᠤ ᠪᠦᠲᠦᠴᠡ      ᠦᠴᠦᠸᠠᠨ ᠰᠢᠶᠠᠨ ᠤ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠳᠤ ︽1+9+N︾ ︵ᠳᠠᠷᠤᠢ᠄ ᠰᠢᠶᠠᠨ ᠤ ᠨᠠᠮ ᠤᠨ ᠬᠤᠷᠢᠶ᠎ᠠ ᠰᠢᠶᠠᠨ ᠤ ᠵᠠᠰᠠᠭ ᠤᠨ ᠣᠷᠳᠣᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢᠨ ᠳᠣᠣᠷ᠎ᠠ᠂ 3 ᠪᠠᠯᠭᠠᠰᠤ 6 ᠰᠢᠶᠠᠩ ᠤᠨ ᠭᠤᠣᠯ ᠤᠳᠤᠷᠢᠳᠤᠯᠭ᠎ᠠ ᠠᠴᠠ ᠡᠩᠨᠡᠭᠡ ᠶᠢᠨ ᠪᠠᠶᠢᠭᠤᠯᠤᠯᠲᠠ ᠵᠢᠴᠢ ᠡᠳᠦᠷ ᠲᠤᠲᠤᠮ ᠤᠨ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠵᠤ᠂ ᠡᠯ᠎ᠡ ᠲᠣᠮᠢᠯᠠᠭᠰᠠᠨ ᠰᠠᠯᠪᠤᠷᠢ ᠶᠢᠨ ᠭᠤᠣᠯ ᠬᠠᠷᠢᠭᠤᠴᠠᠯᠭᠠᠲᠠᠨ ᠪᠣᠳᠠᠲᠠᠢ ᠬᠡᠷᠡᠭᠵᠢᠭᠦᠯᠦᠨ᠎ᠡ︔ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠲᠣᠬᠢᠷᠠᠭᠤᠯᠭ᠎ᠠ ᠶᠢᠨ ᠵᠢᠯᠤᠭᠤᠳᠬᠤ ᠲᠥᠪ ᠵᠢᠴᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠤᠭᠤᠳᠬᠤ ᠲᠥᠪ ᠠᠴᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠵᠢᠯᠣᠭᠤᠳᠤᠨ᠎ᠠ︔ 123 ᠰᠠᠯᠠᠭ᠎ᠠ ᠬᠥᠳᠡᠭᠡ ᠲᠣᠰᠬᠤᠨ ᠤ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠪᠣᠯᠣᠨ ᠨᠡᠶᠢᠭᠡᠮ ᠤᠨ ᠲᠤᠰᠬᠠᠢ ᠮᠡᠷᠭᠡᠵᠢᠯ ᠤᠨ ᠬᠦᠴᠦᠨ ᠬᠠᠮᠲᠤᠪᠠᠷ ᠣᠷᠣᠯᠴᠠᠨ᠎ᠠ︶ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠵᠠᠭᠪᠤᠷ ᠲᠤ᠂ ᠭᠡᠰᠢᠭᠦᠳ ᠨᠢ ᠪᠦᠬᠦ ᠰᠢᠶᠠᠨ ᠤ 93 ᠵᠠᠰᠠᠭ ᠵᠠᠬᠢᠷᠭᠠᠨ ᠤ ᠲᠣᠰᠬᠤᠨ᠂ 948 ᠠᠶᠢᠯ ᠲᠣᠰᠬᠤᠨ ᠤ ᠨᠠᠮ ᠤᠨ ᠭᠡᠰᠢᠭᠦᠨ ᠵᠢᠴᠢ ᠰᠦᠯᠵᠢᠶᠡᠨ ᠤ ᠠᠵᠢᠯᠲᠠᠨ᠂ ᠬᠤᠯᠪᠤᠭᠠᠯᠠᠨ ᠰᠡᠷᠭᠡᠶᠢᠯᠡᠬᠦ ᠠᠩᠭᠢ ᠶᠢᠨ ᠭᠡᠰᠢᠭᠦᠨ᠂ ᠠᠮᠤᠷ ᠢ ᠬᠠᠮᠠᠭᠠᠯᠠᠬᠤ ᠪᠦᠷᠢᠯᠳᠦᠭᠦᠨ᠂ ᠠᠮᠤᠷ ᠲᠦᠪᠰᠢᠨ ᠤ ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠬᠦᠴᠦᠨ ᠢᠶᠠᠷ ᠪᠦᠷᠢᠯᠳᠦᠵᠡᠢ᠃      ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠢ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠤᠭᠤᠳᠬᠤ ᠲᠥᠪ ᠲᠤ ᠪᠠᠶᠢᠷᠢᠯᠠᠭᠤᠯᠵᠤ᠂ ᠳᠣᠣᠷ᠎ᠠ ᠨᠢ 9 ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠣᠷᠣᠨ ᠭᠠᠷᠭᠠᠵᠠᠢ᠃      ︵ᠬᠤᠶᠠᠷ︶ ᠠᠵᠢᠯᠯᠠᠬᠤ ᠵᠠᠭᠪᠤᠷ      ᠦᠴᠦᠸᠠᠨ ᠰᠢᠶᠠᠨ ᠤ ︽1+9+N︾ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠳᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠤᠭᠤᠳᠬᠤ ᠲᠥᠪ᠂ ᠲᠣᠮᠢᠯᠠᠭᠰᠠᠨ ᠰᠠᠯᠪᠤᠷᠢ ᠶᠢᠨ ᠶᠡᠷᠦᠩᠬᠡᠶᠢᠯᠡᠭᠰᠡᠨ ᠵᠢᠯᠤᠭᠤᠳᠬᠤ ᠲᠠᠰᠤᠭ ᠤᠨ ᠬᠤᠶᠠᠷ ᠱᠠᠲᠤᠨ ᠤ ᠬᠠᠮᠲᠤᠷᠠᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ︽ᠴᠢᠮᠡᠭᠡ ᠮᠡᠳᠡᠭᠡ ᠵᠢᠯᠣᠭᠤᠳᠤᠯᠭ᠎ᠠ ᠠᠵᠢᠯᠯᠠᠭ᠎ᠠ︾ ᠶᠢ ᠨᠢᠭᠡ ᠴᠣᠭᠴᠠᠵᠢᠭᠤᠯᠤᠭᠰᠠᠨ ᠠᠵᠢᠯᠯᠠᠭᠠᠨ ᠤ ᠲᠠᠪᠴᠠᠩ ᠳᠤ ᠲᠦᠰᠢᠭᠯᠡᠨ᠂ ᠠᠪᠤᠷᠠᠨ ᠲᠤᠰᠠᠯᠠᠬᠤ ᠠᠩᠭᠢ ᠶᠢᠨ ᠭᠡᠰᠢᠭᠦᠳ ᠤᠨ ᠲᠣᠰ ᠪᠡᠶ᠎ᠡ ᠶᠢᠨ ︽ᠰᠠᠶᠢᠨ ᠮᠡᠳᠡᠬᠦ︾ ᠳᠠᠪᠠᠭᠤᠯᠢᠭ ᠢ ᠠᠰᠢᠭᠯᠠᠨ᠂ ᠬᠡᠷᠡᠭ ᠭᠠᠷᠤᠭᠰᠠᠨ ᠤ ᠳᠠᠷᠠᠭ᠎ᠠ ᠳᠠᠷᠤᠢ ᠲᠦᠷᠭᠡᠨ ᠣᠷᠣᠯᠴᠠᠵᠤ᠂ ᠪᠠᠴᠢᠮ ᠬᠡᠷᠡᠭ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠨ᠂ ᠡᠯ᠎ᠡ ᠵᠦᠢᠯ ᠤᠨ ᠠᠪᠤᠷᠠᠨ ᠲᠤᠰᠠᠯᠠᠬᠤ ᠠᠵᠢᠯ ᠢ ᠥᠷᠨᠢᠭᠦᠯᠦᠨ᠎ᠡ᠃ ᠡᠩ ᠤᠨ ᠪᠠᠶᠢᠳᠠᠯ ᠳᠣᠣᠷ᠎ᠠ᠂ ᠲᠣᠮᠢᠯᠠᠭᠰᠠᠨ ᠰᠠᠯᠪᠤᠷᠢ ᠶᠢᠨ ᠶᠡᠷᠦᠩᠬᠡᠶᠢᠯᠡᠨ ᠵᠢᠯᠤᠭᠤᠳᠬᠤ ᠲᠠᠰᠤᠭ ᠠᠴᠠ ᠬᠡᠷᠡᠭ ᠶᠠᠪᠤᠳᠠᠯ᠂ ᠴᠠᠭᠳᠠᠭᠠᠨ ᠤ ᠬᠦᠴᠦᠨ ᠤ ᠪᠣᠳᠠᠲᠠᠢ ᠪᠠᠶᠢᠳᠠᠯ ᠲᠠᠢ ᠤᠶᠠᠯᠳᠤᠭᠤᠯᠤᠨ ᠲᠣᠬᠢᠷᠠᠭᠤᠯᠤᠨ᠎ᠠ︔ ᠬᠡᠷᠪᠡ ᠭᠡᠨᠡᠳᠲᠡ ᠶᠢᠨ ᠬᠡᠷᠡᠭ ᠪᠤᠶᠤ ᠣᠨᠴᠠᠭᠠᠶ ᠪᠠᠶᠢᠳᠠᠯ ᠲᠣᠬᠢᠶᠠᠯᠳᠤᠪᠠᠯ᠂ ᠰᠢᠶᠠᠨ ᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠤᠭᠤᠳᠬᠤ ᠲᠥᠪ ᠠᠴᠠ ᠲᠣᠬᠢᠷᠠᠭᠤᠯᠬᠤ ᠵᠠᠷᠯᠢᠭ ᠨᠡᠶᠢᠲᠡᠯᠡᠨ᠎ᠡ︔ ᠣᠨᠴᠠᠭᠠᠶ ᠴᠢᠬᠤᠯᠠ ᠶᠡᠭᠡ ᠬᠡᠷᠡᠭ ᠶᠠᠪᠤᠳᠠᠯ ᠪᠤᠶᠤ ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ᠂ ᠰᠡᠷᠭᠡᠭ ᠴᠠᠭ ᠤᠨ ᠵᠠᠩᠭᠢᠯᠠᠭ᠎ᠠ ᠶᠢᠨ ᠴᠡᠭ ᠵᠡᠷᠭᠡ ᠴᠢᠬᠤᠯᠠ ᠠᠵᠢᠯ ᠤᠨ ᠬᠡᠷᠡᠭᠴᠡᠭᠡ ᠠᠴᠠ ᠪᠣᠯᠪᠠᠯ᠂ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠭᠠᠵᠠᠷ ᠠᠴᠠ ᠪᠠᠶᠢᠭᠤᠯᠭ᠎ᠠ ᠶᠢᠨ ᠬᠠᠷᠢᠭᠤᠴᠠᠯᠭᠠᠲᠠᠨ ᠨᠥᠬᠦᠳ ᠢ ᠲᠣᠬᠢᠷᠠᠭᠤᠯᠤᠨ ᠵᠢᠯᠤᠭᠤᠳᠴᠤ ᠲᠣᠬᠢᠷᠠᠭᠤᠯᠤᠨ᠎ᠠ᠃      ᠠᠪᠤᠷᠠᠨ ᠲᠤᠰᠠᠯᠠᠬᠤ ᠠᠩᠭᠢ ᠬᠢᠭᠡᠳ ᠠᠷᠠᠳ ᠤᠨ ᠴᠠᠭᠳᠠᠭ᠎ᠠ ᠭᠤᠣᠯᠳᠠᠭᠤ ᠳᠣᠣᠷᠠᠬᠢ ᠠᠵᠢᠯ ᠤᠳ ᠢ ᠥᠷᠨᠢᠭᠦᠯᠦᠨ᠎ᠡ᠄      ᠨᠢᠭᠡ ᠳᠤ ᠪᠠᠶᠢᠭᠠᠯᠢ ᠶᠢᠨ ᠭᠠᠢ ᠭᠠᠮᠰᠢᠭ ᠢ ᠠᠷᠭᠠᠴᠠᠨ᠎ᠠ᠃ ᠭᠠᠮᠰᠢᠭ ᠠᠴᠠ ᠡᠮᠦᠨᠡᠬᠢ ᠤᠷᠢᠳᠴᠢᠯᠠᠨ ᠰᠡᠷᠭᠡᠶᠢᠯᠡᠬᠦ ᠠᠵᠢᠯ ᠢ ᠥᠷᠨᠢᠭᠦᠯᠵᠦ᠂ ᠠᠮᠤᠷ ᠲᠦᠪᠰᠢᠨ ᠤ ᠲᠠᠯᠳᠠ ᠭᠡᠮ ᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠠᠷᠢᠯᠭᠠᠨ᠎ᠠ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠰᠠᠭᠤᠭᠠᠯᠢ ᠠᠷᠠᠳ ᠤᠨ ᠰᠡᠷᠭᠡᠶᠢᠯᠡᠯᠲᠡ ᠶᠢᠨ ᠤᠬᠠᠮᠰᠠᠷ ᠢ ᠳᠡᠭᠡᠭᠰᠢᠯᠡᠭᠦᠯᠦᠨ᠎ᠡ᠃ ᠪᠠᠶᠢᠭᠠᠯᠢ ᠶᠢᠨ ᠭᠠᠮᠰᠢᠭ ᠤᠨ ᠤᠷᠢᠳᠴᠢᠯᠠᠨ ᠰᠡᠷᠡᠮᠵᠢᠯᠡᠭᠦᠯᠬᠦ ᠵᠠᠷᠯᠢᠭ ᠪᠤᠶᠤ ᠰᠡᠷᠡᠮᠵᠢ ᠶᠢᠨ ᠪᠠᠶᠢᠳᠠᠯ ᠢ ᠣᠯᠣᠭᠰᠠᠨ ᠤ ᠲᠠᠷᠠᠭ᠎ᠠ᠂ ᠰᠠᠭᠤᠭᠠᠯᠢ ᠠᠷᠠᠳ ᠢ ᠢᠳᠬᠠᠵᠤ ᠪᠠᠶᠢᠭᠠᠳ ᠠᠶᠤᠯᠲᠠᠢ ᠣᠷᠣᠨ ᠠᠴᠠ ᠴᠠᠭ ᠲᠤᠬᠠᠢ ᠳᠤᠨᠢ ᠵᠠᠶᠢᠯᠠᠭᠤᠯᠤᠨ᠎ᠠ᠃ ᠬᠦᠨᠳᠦ ᠶᠡᠭᠡ ᠪᠠᠶᠢᠭᠠᠯᠢ ᠶᠢᠨ ᠭᠠᠮᠰᠢᠭ ᠲᠣᠬᠢᠶᠠᠯᠳᠤᠪᠠᠯ᠂ ᠠᠪᠤᠷᠠᠨ ᠲᠤᠰᠠᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠲᠤᠬᠠᠢ ᠶᠢᠨ ᠭᠠᠵᠠᠷ ᠤᠨ ᠡᠮᠬᠢ ᠵᠢᠷᠤᠮ ᠢ ᠬᠠᠮᠠᠭᠠᠯᠠᠨ᠎ᠠ᠃      ᠬᠤᠶᠠᠷ ᠲᠤ ᠠᠪᠤᠷᠠᠨ ᠲᠤᠰᠠᠯᠠᠬᠤ ᠠᠵᠢᠯ ᠢ ᠥᠷᠨᠢᠭᠦᠯᠦᠨ᠎ᠡ᠃ ᠠᠩᠭᠢ ᠶᠢᠨ ᠭᠡᠰᠢᠭᠦᠳ ᠪᠣᠯᠣᠨ ᠠᠷᠠᠳ ᠤᠨ ᠴᠠᠭᠳᠠᠭ᠎ᠠ ᠬᠠᠮᠵᠢᠯᠴᠠᠨ᠂ ᠡᠷᠢᠵᠦ ᠠᠪᠤᠷᠠᠬᠤ᠂ ᠠᠪᠤᠷᠠᠨ ᠲᠤᠰᠠᠯᠠᠬᠤ ᠪᠠ ᠬᠠᠮᠠᠭᠠᠯᠠᠬᠤ ᠠᠵᠢᠯ ᠢ ᠥᠷᠨᠢᠭᠦᠯᠵᠦ᠂ ᠬᠠᠰᠢᠭᠳᠠᠭᠰᠠᠳ ᠤᠨ ᠶᠡᠭᠡ ᠲᠥᠯᠥᠪ ᠣᠷᠣᠨ ᠪᠠᠶᠢᠷᠢ ᠶᠢ ᠬᠠᠪᠰᠤᠷᠤᠨ ᠡᠷᠢᠵᠦ᠂ ᠡᠷᠬᠢᠨ ᠲᠣᠭᠤᠷᠢᠨ ᠤ ᠣᠷᠴᠢᠨ ᠲᠣᠭᠤᠷᠢᠨ ᠤ ᠪᠠᠶᠢᠳᠠᠯ ᠵᠡᠷᠭᠡ ᠴᠢᠬᠤᠯᠠ ᠮᠡᠳᠡᠭᠡ ᠵᠠᠩᠭᠢ ᠶᠢ ᠬᠠᠩᠭᠠᠨ᠎ᠠ᠃ ᠬᠠᠮᠢᠶ᠎ᠠ ᠪᠦᠬᠦᠢ ᠬᠠᠷᠢᠭᠤᠴᠠᠯᠭᠠᠲᠠᠨ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠶᠢ ᠬᠠᠷᠢᠭᠤᠴᠠᠵᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠤᠭᠤᠳᠬᠤ ᠲᠥᠪ ᠠᠴᠠ ᠮᠡᠳᠡᠭᠡ ᠵᠠᠩᠭᠢ ᠶᠢ ᠬᠤᠷᠢᠶᠠᠩᠭᠤᠶᠢᠯᠠᠬᠤ ᠪᠠ ᠵᠠᠳᠠᠯᠤᠨ ᠰᠤᠳᠤᠯᠵᠤ ᠮᠠᠭᠠᠳᠯᠠᠬᠤ ᠶᠢ ᠬᠠᠷᠢᠭᠤᠴᠠᠨ᠎ᠠ᠃      ᠭᠤᠷᠪᠠ ᠳᠤ ᠴᠠᠭᠳᠠᠭ᠎ᠠ ᠲᠣᠮᠢᠯᠠᠬᠤ ᠪᠠᠶᠢᠳᠠᠯ ᠢ ᠬᠠᠪᠰᠤᠷᠤᠨ ᠰᠢᠢᠳᠪᠦᠷᠢᠯᠡᠨ᠎ᠡ᠃ ᠬᠡᠰᠡᠭ ᠴᠠᠭᠳᠠᠭ᠎ᠠ ᠲᠣᠮᠢᠯᠠᠬᠤ ᠪᠠᠶᠢᠳᠠᠯ ᠡᠭᠦᠰᠦᠭᠰᠡᠨ ᠭᠠᠵᠠᠷ ᠨᠢ ᠲᠣᠮᠢᠯᠠᠭᠰᠠᠨ ᠰᠠᠯᠪᠤᠷᠢ ᠠᠴᠠ ᠨᠡᠯᠢᠶᠡᠳ ᠬᠤᠯᠠ ᠪᠠᠶᠢᠵᠤ᠂ ᠭᠥᠯᠢᠶᠡᠨ ᠠᠪᠤᠭᠰᠠᠨ ᠤ ᠳᠠᠷᠠᠭ᠎ᠠ ᠴᠠᠭᠳᠠᠭ᠎ᠠ ᠲᠤᠬᠠᠢ ᠶᠢᠨ ᠲᠠᠯᠠᠪᠤᠷ ᠲᠤ ᠣᠴᠢᠬᠤ ᠴᠠᠭ ᠨᠢ ᠨᠡᠯᠢᠶᠡᠳ ᠣᠷᠳᠣ ᠪᠠᠶᠢᠳᠠᠭ ᠪᠣᠯᠬᠤᠷ ᠠᠩᠭᠢ ᠶᠢᠨ ᠭᠡᠰᠢᠭᠦᠳ ᠬᠡᠷᠡᠭ ᠭᠠᠷᠤᠭᠰᠠᠨ ᠭᠠᠵᠠᠷ ᠲᠤ ᠤᠷᠢᠳᠴᠢᠯᠠᠨ ᠬᠦᠷᠴᠦ᠂ ᠲᠤᠬᠠᠢ ᠶᠢᠨ ᠲᠠᠯᠠᠪᠤᠷ ᠤᠨ ᠡᠮᠬᠢ ᠵᠢᠷᠤᠮ ᠢ ᠬᠠᠮᠢᠶᠠᠷᠤᠨ ᠡᠵᠡᠮᠳᠡᠬᠦ ᠪᠠ ᠬᠠᠮᠠᠭᠠᠯᠠᠬᠤ ᠠᠵᠢᠯ ᠢ ᠬᠢᠨᠠᠮᠠᠭᠠᠢ ᠰᠠᠶᠢᠲᠤᠷ ᠬᠢᠨ᠎ᠡ᠃      ᠳᠥᠷᠪᠡ ᠳᠤ ᠨᠡᠶᠢᠭᠡᠮ ᠲᠣᠭᠤᠷᠢᠭ ᠤᠨ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠳᠤ ᠣᠷᠣᠯᠴᠠᠨ᠎ᠠ᠃ ᠴᠢᠬᠤᠯᠠ ᠶᠡᠭᠡ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ᠂ ᠰᠡᠷᠭᠡᠭ ᠴᠠᠭ ᠤᠨ ᠵᠠᠩᠭᠢᠯᠠᠭ᠎ᠠ ᠶᠢᠨ ᠴᠡᠭ ᠲᠤ᠂ ᠠᠩᠭᠢ ᠶᠢᠨ ᠭᠡᠰᠢᠭᠦᠳ ︽ᠬᠥᠮᠥᠨ ᠢ ᠰᠠᠶᠢᠨ ᠮᠡᠳᠡᠬᠦ᠂ ᠭᠠᠵᠠᠷ ᠢ ᠰᠠᠶᠢᠨ ᠮᠡᠳᠡᠬᠦ᠂ ᠪᠠᠶᠢᠳᠠᠯ ᠢ ᠰᠠᠶᠢᠨ ᠮᠡᠳᠡᠬᠦ︾ ᠲᠣᠰ ᠪᠡᠶ᠎ᠡ ᠶᠢᠨ ᠳᠠᠪᠠᠭᠤᠯᠢᠭ ᠢᠶᠠᠨ ᠢᠳᠡᠪᠬᠢᠲᠡᠢ ᠪᠠᠳᠠᠷᠠᠭᠤᠯᠵᠤ᠂ ᠠᠷᠠᠳ ᠤᠨ ᠲᠤᠰᠠᠯᠠᠬᠤ ᠴᠠᠭᠳᠠᠭ᠎ᠠ ᠲᠠᠢ ᠬᠠᠮᠵᠢᠯᠴᠠᠨ ᠨᠡᠶᠢᠭᠡᠮ ᠤᠨ ᠲᠠᠯ᠎ᠠ ᠶᠢᠨ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ᠂ ᠭᠡᠨᠡᠳᠲᠡ ᠶᠢᠨ ᠬᠡᠷᠡᠭ ᠢ ᠠᠷᠭᠠᠴᠠᠬᠤ ᠪᠡᠯᠡᠳᠬᠡᠯ ᠢ ᠴᠠᠭ ᠲᠤᠬᠠᠢ ᠳᠤᠨᠢ ᠰᠠᠶᠢᠲᠤᠷ ᠬᠢᠵᠦ᠂ ᠨᠡᠶᠢᠭᠡᠮ ᠤᠨ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠨᠥᠬᠦᠴᠡᠯ ᠢ ᠦᠨᠡᠨ ᠬᠦ ᠪᠣᠶ ᠪᠣᠯᠭᠠᠨ᠎ᠠ᠃      ᠲᠠᠪᠤ ᠳᠤ ᠴᠢᠮᠡᠭᠡ ᠮᠡᠳᠡᠭᠡ ᠶᠢ ᠴᠤᠭᠯᠠᠭᠤᠯᠵᠤ ᠤᠷᠢᠳᠴᠢᠯᠠᠨ ᠰᠡᠷᠡᠮᠵᠢᠯᠡᠭᠦᠯᠦᠨ᠎ᠡ᠃ ᠭᠡᠰᠢᠭᠦᠳ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠲᠠᠷᠢᠶᠠᠯᠠᠩ ᠳᠤ ᠬᠤᠯᠪᠣᠭᠳᠠᠭᠰᠠᠨ ᠬᠦᠷᠢᠶ᠎ᠡ ᠵᠢᠴᠢ ᠬᠥᠳᠡᠭᠡ ᠲᠣᠰᠬᠤᠨ ᠤ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠮᠡᠳᠡᠭᠡ ᠵᠠᠩᠭᠢ ᠶᠢ ᠴᠤᠭᠯᠠᠭᠤᠯᠬᠤ ᠶᠢᠨ ᠬᠠᠮᠲᠤ ᠴᠤᠭᠯᠠᠭᠤᠯᠤᠭᠰᠠᠨ ᠮᠡᠳᠡᠭᠡ ᠵᠠᠩᠭᠢ᠂ ᠰᠦᠪᠡᠭᠴᠢ ᠪᠠᠨ ᠴᠠᠭ ᠲᠤᠬᠠᠢ ᠳᠤᠨᠢ ᠠᠷᠠᠳ ᠤᠨ ᠴᠠᠭᠳᠠᠭ᠎ᠠ ᠳᠤ ᠬᠠᠷᠢᠭᠤ ᠲᠤᠰᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠦᠷᠢᠯᠳᠦᠭᠦᠯᠦᠨ᠎ᠡ᠃      ᠵᠢᠷᠭᠤᠭ᠎ᠠ ᠳᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠥᠷᠨᠢᠭᠦᠯᠦᠨ᠎ᠡ᠃ ᠠᠩᠭᠢ ᠶᠢᠨ ᠭᠡᠰᠢᠭᠦᠳ ᠦᠨᠳᠦᠰᠦᠨ ᠱᠠᠲᠤᠨ ᠤ ᠠᠷᠠᠳ ᠤᠨ ᠲᠤᠰᠠᠯᠠᠬᠤ ᠴᠠᠭᠳᠠᠭ᠎ᠠ ᠶᠢ ᠬᠠᠮᠵᠢᠨ ᠬᠤᠣᠷ ᠴᠠᠭᠠᠵᠠᠯᠠᠬᠤ᠂ ᠭᠠᠯ ᠰᠡᠷᠭᠡᠶᠢᠯᠡᠬᠦ᠂ ᠬᠤᠯᠠᠭᠠᠶᠢᠯᠠᠬᠤ ᠶᠢ ᠰᠡᠷᠭᠡᠶᠢᠯᠡᠬᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠰᠡᠷᠭᠡᠶᠢᠯᠡᠬᠦ ᠵᠢᠴᠢ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃      ᠲᠤᠯᠤᠭ᠎ᠠ ᠳᠤ᠂ ᠪᠤᠰᠤᠳ ᠠᠪᠤᠷᠠᠨ ᠲᠤᠰᠠᠯᠠᠬᠤ ᠲᠦᠷᠦᠯ ᠤᠨ ᠬᠡᠷᠡᠭ ᠢ ᠰᠢᠢᠳᠪᠦᠷᠢᠯᠡᠬᠦ ᠳᠤ ᠣᠷᠣᠯᠴᠠᠨ᠎ᠠ᠃      ︵ᠭᠤᠷᠪᠠ︶ ᠬᠠᠮᠲᠤᠷᠠᠨ ᠵᠢᠵᠢᠭᠦᠷᠯᠡᠬᠦ᠂ ᠬᠠᠮᠲᠤᠷᠠᠨ ᠬᠥᠳᠡᠯᠦᠯᠴᠡᠬᠦ ᠲᠣᠭᠲᠠᠴᠠ      ᠨᠢᠭᠡ ᠳᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ︽ᠴᠢᠮᠡᠭᠡ ᠮᠡᠳᠡᠭᠡ ᠵᠢᠯᠣᠭᠤᠳᠤᠯᠭ᠎ᠠ ᠠᠵᠢᠯᠯᠠᠭ᠎ᠠ︾ ᠶᠢ ᠨᠢᠭᠡ ᠴᠣᠭᠴᠠᠵᠢᠭᠤᠯᠤᠭᠰᠠᠨ ᠠᠵᠢᠯᠯᠠᠭᠠᠨ ᠤ ᠲᠠᠪᠴᠠᠩ ᠳᠤ ᠲᠦᠰᠢᠭᠯᠡᠨ᠂ ᠪᠥᠬᠦ ᠰᠢᠶᠠᠨ ᠤ ︽1+9+N︾ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠵᠢᠯᠤᠭᠤᠳᠬᠤ ᠰᠢᠰᠲ᠋ᠧᠮᠵᠢ ᠶᠢ ᠪᠠᠶᠢᠭᠤᠯᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡ ᠬᠢᠭᠡᠳ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠎ᠡ᠃      ᠬᠤᠶᠠᠷ ᠲᠤ ᠵᠢᠵᠢᠭᠦᠷᠯᠡᠨ ᠰᠠᠬᠢᠬᠤ ᠶᠢ ᠴᠢᠩᠳᠠᠯᠠᠨ᠎ᠠ᠃ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠨᠢ ᠠᠪᠤᠷᠠᠨ ᠲᠤᠰᠠᠯᠠᠬᠤ ᠶᠢ ᠳᠠᠭᠠᠬᠤ ᠲᠣᠭᠲᠠᠴᠠ ᠶᠢ ᠴᠢᠩᠭ᠎ᠠ ᠵᠢᠷᠤᠮᠯᠠᠵᠤ᠂ ᠴᠢᠬᠤᠯᠠ ᠵᠠᠩᠭᠢᠯᠠᠭ᠎ᠠ ᠶᠢᠨ ᠴᠠᠭ᠂ ᠰᠡᠷᠭᠡᠭ ᠴᠠᠭ ᠬᠤᠭᠤᠴᠠᠭᠠᠨ ᠳᠤ᠂ ᠵᠢᠯᠤᠭᠤᠳᠬᠤ ᠲᠥᠪ ᠨᠢ ᠲᠣᠭᠲᠠᠮᠠᠯ ᠬᠤᠭᠤᠴᠠᠭ᠎ᠠ ᠲᠠᠢ ᠪᠠᠷ ᠰᠢᠶᠠᠩ ᠪᠠᠯᠭᠠᠰᠤ᠂ ᠵᠡᠭᠡᠯᠢ ᠭᠤᠳᠤᠮᠵᠢ᠂ ᠵᠠᠰᠠᠭ ᠵᠠᠬᠢᠷᠭᠠᠨ ᠤ ᠲᠣᠰᠬᠤᠨ᠂ ᠠᠶᠢᠯ ᠲᠣᠰᠬᠤᠨ ᠤ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠠᠩᠭᠢ ᠶᠢᠨ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠲᠣᠬᠢᠷᠠᠭᠤᠯᠤᠨ᠎ᠠ᠃      ᠭᠤᠷᠪᠠ ᠳᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠨ᠎ᠠ᠃ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠶᠢᠨ ᠵᠢᠭᠠᠪᠤᠷᠢ ᠪᠠ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠣᠰᠣᠭᠠᠷ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠤᠰᠬᠠᠢ ᠵᠦᠢᠯ ᠵᠢᠴᠢ ᠬᠠᠮᠲᠤᠷᠠᠭᠰᠠᠨ ᠰᠣᠷᠢᠯᠲᠠ ᠶᠢ ᠵᠣᠬᠢᠶᠠᠨ ᠪᠠᠶᠢᠭᠤᠯᠵᠤ᠂ ᠠᠵᠢᠯ ᠤᠨ ᠲᠣᠭᠲᠠᠴᠠ ᠶᠢ ᠵᠣᠬᠢᠴᠠᠭᠤᠯᠤᠨ᠂ ᠡᠩᠨᠡᠭᠡ ᠶᠢᠨ ᠪᠠᠴᠢᠮ ᠳᠠᠶᠢᠴᠢᠯᠠᠬᠤ ᠪᠠ ᠬᠠᠮᠵᠢᠯᠴᠠᠨ ᠪᠠᠶᠢᠯᠳᠤᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ᠳᠥᠷᠪᠡ ᠳᠤ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠨᠠᠶᠢᠳᠠᠪᠤᠷᠢᠵᠢᠭᠤᠯᠤᠨ᠎ᠠ᠃ ᠠᠪᠤᠷᠠᠨ ᠲᠤᠰᠠᠯᠠᠬᠤ ᠬᠡᠷᠡᠭ ᠢ ᠭᠥᠯᠢᠶᠡᠨ ᠠᠪᠤᠭᠰᠠᠨ ᠤ ᠳᠠᠷᠠᠭ᠎ᠠ᠂ ᠬᠡᠷᠡᠭ ᠭᠠᠷᠤᠭᠰᠠᠨ ᠭᠠᠵᠠᠷ ᠤᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠠᠩᠭᠢ ᠨᠢ ᠬᠠᠷᠢᠶ᠎ᠠ ᠭᠠᠵᠠᠷ ᠤᠨ ᠢᠶᠠᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠲᠣᠮᠢᠯᠠᠭᠰᠠᠨ ᠰᠠᠯᠪᠤᠷᠢ ᠳᠤ ᠮᠡᠳᠡᠭᠡ ᠵᠠᠩᠭᠢ ᠪᠠᠨ ᠮᠡᠳᠡᠭᠦᠯᠦᠨ ᠬᠦᠷᠭᠡᠨ᠎ᠡ︔ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠤᠭᠤᠳᠬᠤ ᠲᠥᠪ ᠠᠴᠠ ᠤᠷᠢᠳᠴᠢᠯᠠᠨ ᠰᠡᠷᠡᠮᠵᠢᠯᠡᠭᠦᠯᠬᠦ ᠪᠠ ᠰᠤᠳᠤᠯᠤᠨ ᠮᠠᠭᠠᠳᠯᠠᠬᠤ ᠮᠡᠳᠡᠭᠡ ᠵᠠᠩᠭᠢ ᠶᠢ ᠴᠠᠭ ᠲᠤᠬᠠᠢ ᠳᠤᠨᠢ ᠮᠡᠳᠡᠭᠳᠡᠨ᠎ᠡ︔ ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠭᠠᠮᠰᠢᠭ ᠤᠨ ᠪᠠᠶᠢᠳᠠᠯ ᠪᠣᠯᠣᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠣᠭᠰᠠᠨ ᠤ ᠲᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠯ᠎ᠡ ᠬᠠᠮᠲᠤᠷᠠᠨ ᠬᠥᠳᠡᠯᠦᠯᠴᠡᠬᠦ ᠬᠦᠴᠦᠨ ᠳᠤ ᠴᠠᠭ ᠲᠤᠬᠠᠢ ᠳᠤᠨᠢ ᠬᠦᠷᠭᠡᠵᠦ᠂ ᠰᠢᠮᠳᠠᠭᠤᠯᠤᠨ ᠵᠢᠯᠤᠭᠤᠳᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠲᠤᠷ ᠬᠢᠯᠭᠡᠨ᠎ᠡ᠃      ᠲᠠᠪᠤ ᠳᠤ ᠰᠠᠨᠠᠭᠠᠴᠢᠯᠠᠭ᠎ᠠ ᠠᠴᠠ ᠪᠠᠨ ᠴᠤᠤᠷᠢᠶᠠᠲᠤᠨ ᠳᠠᠭᠠᠵᠤ ᠬᠠᠮᠵᠢᠯᠴᠠᠨ᠎ᠠ᠃ ᠠᠪᠤᠷᠠᠨ ᠲᠤᠰᠠᠯᠠᠬᠤ ᠲᠦᠷᠦᠯ ᠤᠨ ᠬᠡᠷᠡᠭ ᠢ ᠬᠦᠯᠢᠶᠡᠨ ᠠᠪᠤᠭᠰᠠᠨ ᠤ ᠳᠠᠷᠠᠭ᠎ᠠ᠂ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠬᠢᠨ ᠲᠡᠷᠡ ᠳᠠᠷᠤᠢ ᠳᠤᠨᠢ ᠤᠷᠢᠳᠠᠪᠠᠷ ᠰᠢᠢᠳᠪᠦᠷᠢᠯᠡᠬᠦ ᠠᠵᠢᠯ ᠢ ᠥᠷᠨᠢᠭᠦᠯᠵᠦ᠂ ᠠᠪᠤᠷᠠᠨ ᠲᠤᠰᠠᠯᠠᠬᠤ ᠬᠡᠷᠡᠭᠴᠡᠭᠡ ᠶᠢ ᠦᠨᠳᠦᠰᠦᠯᠡᠨ ᠪᠤᠰᠤᠳ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠢ ᠳᠠᠶᠢᠴᠢᠯᠠᠨ᠎ᠠ︔ ᠡᠯ᠎ᠡ ᠬᠤᠯᠪᠤᠭᠠᠯᠠᠨ ᠬᠥᠳᠡᠯᠦᠯᠴᠡᠭᠰᠡᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠬᠦᠴᠦᠨ ᠲᠣᠬᠢᠷᠠᠭᠤᠯᠬᠤ ᠵᠠᠷᠯᠢᠭ ᠢ ᠣᠯᠣᠭᠰᠠᠨ ᠤ ᠳᠠᠷᠠᠭ᠎ᠠ᠂ ᠦᠳᠲᠡᠷ ᠲᠦᠷᠭᠡᠨ ᠢᠶᠠᠷ ᠲᠤᠰᠠᠯᠠᠨ᠎ᠠ᠃      ︵ᠳᠥᠷᠪᠡ︶ ᠠᠵᠢᠯ ᠤᠨ ᠱᠠᠭᠠᠷᠳᠠᠯᠭ᠎ᠠ      ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠪᠦᠷᠢᠯᠳᠦᠭᠦᠨ ᠨᠢᠭᠡᠴᠢ ᠶᠢᠨ  ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠦᠴᠦᠸᠠᠨ ᠰᠢᠶᠠᠨ ᠤ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠶᠢ ︽ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ︾ ᠴᠢᠬᠤᠯᠠ ᠠᠵᠢᠯ ᠪᠣᠯᠭᠠᠨ ᠠᠳᠬᠤᠬᠤ ᠬᠡᠷᠡᠭᠲᠡᠢ᠃      ᠬᠤᠶᠠᠷ ᠲᠤ ᠥᠷᠭᠡᠨ ᠢᠶᠠᠷ ᠤᠬᠠᠭᠤᠯᠤᠨ ᠳᠠᠶᠢᠴᠢᠯᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠯᠰᠡᠬᠦ ᠤᠬᠠᠭᠤᠯᠭ᠎ᠠ ᠪᠠ ᠠᠵᠢᠯ ᠤᠨ ᠪᠣᠳᠠᠲᠤ ᠦᠷ᠎ᠡ ᠪᠦᠲᠦᠮᠵᠢ ᠶᠢ ᠤᠬᠠᠭᠤᠯᠤᠨ ᠲᠠᠶᠢᠯᠪᠤᠷᠢᠯᠠᠬᠤ ᠶᠢ ᠦᠷᠭᠦᠯᠵᠢᠯᠡᠨ ᠥᠷᠨᠢᠭᠦᠯᠵᠦ᠂ ᠠᠮᠤᠷ ᠢ ᠬᠠᠮᠠᠭᠠᠯᠠᠬᠤ ᠢᠳᠡᠪᠬᠢᠲᠡᠨ ᠢ ᠥᠷᠭᠡᠨ ᠢᠶᠠᠷ ᠳᠠᠶᠢᠴᠢᠯᠠᠨ ᠣᠷᠣᠯᠴᠠᠭᠤᠯᠵᠤ᠂ ︽ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠳᠤ ᠣᠯᠠᠨ ᠢ ᠲᠦᠰᠢᠭᠯᠡᠬᠦ᠂ ᠬᠠᠮᠲᠤ ᠪᠠᠷ ᠵᠠᠰᠠᠵᠤ ᠬᠠᠮᠲᠤ ᠪᠠᠷ ᠡᠳ᠋ᠯᠡᠵᠦ ᠠᠮᠤᠷ ᠠᠮᠤᠭᠤᠯᠠᠩ ᠢ ᠪᠠᠲᠤᠯᠠᠬᠤ︾ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠬᠦᠴᠦᠨ ᠢ ᠲᠠᠰᠤᠷᠠᠯᠲᠠ ᠦᠭᠡᠢ ᠪᠤᠵᠠᠭᠠᠶᠢᠷᠠᠭᠤᠯᠬᠤ ᠬᠡᠷᠡᠭᠲᠡᠢ᠃      ᠭᠤᠷᠪᠠ ᠳᠤ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠤᠭᠤᠳᠬᠤ ᠲᠥᠪ ᠤᠨ ᠬᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠪᠦᠷᠢᠯᠳᠦᠭᠦᠨ ᠨᠢᠭᠡᠴᠢ ᠲᠠᠢ ᠬᠠᠮᠲᠤᠷᠠᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠳᠣᠣᠷ᠎ᠠ᠂ ᠭᠠᠵᠠᠷ ᠣᠷᠣᠨ ᠳᠤᠨᠢ ᠲᠣᠬᠢᠷᠠᠭᠤᠯᠵᠤ᠂ ᠪᠠᠶᠢᠳᠠᠯ ᠳᠤᠨᠢ ᠲᠣᠬᠢᠷᠠᠭᠤᠯᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠤᠯᠠᠨ ᠲᠡᠰ ᠳᠠᠪᠬᠤᠷᠭ᠎ᠠ᠂ ᠤᠯᠠᠨ ᠲᠠᠯ᠎ᠠ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠲᠣᠭᠲᠠᠴᠠ ᠶᠢ ᠰᠢᠨ᠎ᠡ ᠶᠢ ᠡᠭᠦᠳᠦᠨ ᠲᠡᠭᠦᠯᠳᠡᠷᠵᠢᠭᠦᠯᠵᠦ᠂ ᠡᠩᠨᠡᠭᠡ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠴᠦᠸᠠᠨ ᠰᠢᠶᠠᠨ ᠤ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠦᠷᠭᠦᠯᠵᠢᠯᠡᠨ ᠪᠠᠳᠠᠷᠠᠭᠤᠯᠪᠠᠰᠤ ᠵᠣᠬᠢᠬᠤ ᠦᠢᠯᠡᠳᠦᠯ ᠢᠶᠠᠨ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃      ᠳᠥᠷᠪᠡ ᠳᠤ ᠠᠷᠤ ᠲᠠᠯ᠎ᠠ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠡᠯ᠎ᠡ ᠰᠢᠶᠠᠩ ᠪᠠᠯᠭᠠᠰᠤᠨ ᠤ ᠪᠣᠳᠠᠲᠠᠢ ᠪᠠᠶᠢᠳᠠᠯ ᠪᠠ ᠠᠵᠢᠯ ᠤᠨ ᠬᠡᠷᠡᠭᠴᠡᠭᠡ ᠲᠠᠢ ᠪᠠᠨ ᠤᠶᠠᠯᠳᠤᠭᠤᠯᠤᠨ᠂ ᠨᠢᠭᠡᠳᠦᠯᠲᠡᠢ ᠲᠡᠮᠳᠡᠭ ᠲᠠᠢ ᠬᠡᠷᠡᠯ ᠣᠶᠢᠯᠭᠠᠬᠤ ᠡᠯᠢᠭᠡᠪᠴᠢ᠂ ᠮᠥᠷᠥᠨ ᠳ᠋ᠧᠩ᠂ ᠪᠣᠷᠣᠭᠠᠨ ᠤ ᠴᠤᠪᠠ᠂ ᠶᠠᠷᠢᠯᠴᠠᠭᠤᠷ᠂ ᠬᠤᠷᠴᠠ ᠬᠡᠷᠡᠯᠳᠦ ᠭᠠᠷ ᠴᠠᠬᠢᠯᠭᠠᠨ᠂ ᠴᠠᠭᠳᠠᠭᠠᠨ ᠤ ᠪᠣᠷᠣᠣᠬᠠᠢ᠂ ᠰᠡᠷᠡᠭᠡ᠂ ᠪᠠᠮᠪᠠᠢ ᠵᠡᠷᠭᠡ ᠬᠤᠪᠢ ᠬᠥᠮᠥᠨ ᠤ ᠬᠠᠮᠠᠭᠠᠯᠠᠯᠲᠠ ᠶᠢᠨ ᠲᠣᠨᠤᠭ ᠲᠥᠬᠦᠭᠡᠷᠦᠮᠵᠢ ᠶᠢ ᠴᠠᠭ ᠲᠤᠬᠠᠢ ᠳᠤᠨᠢ ᠨᠥᠭᠡᠴᠡᠯᠡᠨ ᠲᠣᠬᠢᠷᠠᠭᠤᠯᠵᠤ᠂ ᠡᠳ᠋ ᠤᠨ ᠵᠠᠰᠠᠭ ᠤᠨ ᠲᠣᠪᠴᠢᠶ᠎ᠠ ᠪᠡᠯᠡ ᠮᠥᠩᠭᠦ ᠶᠢᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃      ᠲᠠᠪᠤ ᠳᠤ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠬᠤ ᠬᠡᠷᠡᠭᠲᠡᠢ᠃ ᠤᠬᠠᠭᠤᠯᠬᠤ ᠰᠠᠯᠠᠭ᠎ᠠ ᠮᠥᠴᠢᠷ ᠤᠨ  ᠬᠢᠨ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ ᠵᠡᠷᠭᠡ ᠤᠯᠠᠮᠵᠢᠯᠠᠯᠲᠤ ᠵᠠᠭᠤᠴᠢᠯᠠᠭᠤᠷ ᠪᠣᠯᠣᠨ ᠬᠤᠣᠰ ᠲᠠᠪᠴᠠᠩ᠂ ᠲᠢᠭ᠋ ᠲᠤᠭ ᠵᠡᠷᠭᠡ ᠰᠢᠨ᠎ᠡ ᠬᠡᠯᠪᠡᠷᠢ ᠶᠢᠨ ᠵᠠᠭᠤᠴᠢᠯᠠᠭᠤᠷ ᠢ ᠰᠠᠶᠢᠲᠤᠷ ᠠᠰᠢᠭᠯᠠᠵᠤ᠂ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ︽1+9+N︾ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠲᠦᠷᠦᠯ ᠲᠡᠮᠳᠡᠭ ᠢ ᠶᠡᠬᠡᠪᠡᠷ ᠤᠬᠠᠭᠤᠯᠵᠤ᠂ ᠡᠯ᠎ᠡ ᠪᠦᠷᠢᠯᠳᠦᠭᠦᠨ ᠨᠢᠭᠡᠴᠢ ᠶᠢᠨ ᠬᠢᠨ ᠠᠪᠤᠷᠠᠨ ᠲᠤᠰᠠᠯᠠᠬᠤ ᠶᠠᠪᠤᠴᠠ ᠳᠠᠬᠢ ᠦᠨᠡᠨ ᠪᠣᠳᠠᠲᠠᠢ ᠬᠡᠷᠡᠭ ᠤᠨ ᠵᠢᠱᠢᠶ᠎ᠡ ᠶᠢ ᠴᠤᠭᠯᠠᠭᠤᠯᠬᠤ ᠶᠢ ᠴᠢᠬᠤᠯᠠᠴᠢᠯᠠᠵᠤ᠂ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠠᠩᠭᠢ ᠶᠢᠨ ᠭᠡᠰᠢᠭᠦᠳ ᠤᠨ ᠲᠡᠷᠢᠭᠦᠨ ᠤ ᠦᠢᠯᠡ ᠠᠵᠢᠯᠯᠠᠭ᠎ᠠ ᠶᠢ ᠶᠡᠬᠡᠪᠡᠷ ᠤᠬᠠᠭᠤᠯᠬᠤ ᠬᠡᠷᠡᠭᠲᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号