ᠮᠠᠨ ᠤ ᠣᠷᠣᠨ ︽ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠠᠢ
ᠨᠡᠶᠢᠲᠡᠯᠡᠭᠰᠡᠨ ᠴᠠᠭ᠄
2024/4/10
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠠᠴᠠ ︽ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ︵ᠳᠣᠷᠣᠭᠰᠢ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠬᠢ ᠪᠠᠶᠠᠯᠢᠭ ᠤᠨ ᠳᠠᠪᠠᠭᠤᠯᠢᠭ ᠢᠯᠠᠩᠭᠤᠶ᠎ᠠ ᠤᠰᠤᠨ ᠤ ᠡᠬᠢ ᠪᠠᠶᠠᠯᠢᠭ ᠤᠨ ᠨᠥᠬᠦᠴᠡᠯ  ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠨᠠᠯ ᠢ ᠨᠠᠶᠢᠳᠠᠪᠤᠷᠢᠵᠢᠭᠤᠯᠬᠤ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠠᠢ ᠨᠢᠭᠲᠠ ᠤᠶᠠᠯᠳᠤᠭᠤᠯᠵᠤ ᠪᠠᠶᠢᠭᠠᠳ ᠮᠠᠨ ᠤ ᠣᠷᠣᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠭᠤᠣᠯ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃      ︽ᠬᠡᠷᠡᠭᠵᠢᠭᠦᠯᠬᠦ ᠲᠥᠰᠥᠯ︾ ᠳᠤ ᠰᠢᠰᠲ᠋ᠧᠮᠲᠦ ᠦᠵᠡᠯᠲᠡ ᠶᠢ ᠪᠠᠷᠢᠮᠲᠠᠯᠠᠨ ︽ᠲᠠᠪᠤᠨ ᠶᠡᠭᠡ ᠡᠭᠦᠷᠭᠡ︾ ᠶᠢ ᠠᠬᠢᠭᠤᠯᠬᠤ ᠵᠣᠭᠰᠣᠴᠠ ᠠᠴᠠ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠠᠰᠠᠭᠤᠳᠠᠯ ᠢ ᠵᠠᠳᠠᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ᠂ ᠲᠠᠷᠢᠶᠠᠨ ᠭᠠᠵᠠᠷ ᠢ ᠬᠠᠮᠠᠭᠠᠯᠠᠬᠤ ᠪᠠ ᠤᠰᠤ ᠶᠢ ᠵᠠᠰᠠᠬᠤ᠂ ᠬᠥᠷᠥᠰᠥ ᠰᠢᠷᠣᠢ ᠶᠢ ᠰᠢᠮᠡᠵᠢᠭᠦᠯᠬᠦ᠂ ᠡᠭᠦᠯᠳᠡᠷ ᠰᠠᠶᠢᠵᠢᠷᠠᠭᠤᠯᠬᠤ ᠶᠢ ᠵᠣᠬᠢᠴᠠᠯᠳᠤᠭᠤᠯᠤᠨ ᠠᠬᠢᠭᠤᠯᠬᠤ ᠶᠢ ᠴᠢᠩᠭᠠᠳᠬᠠᠨ ᠲᠠᠷᠢᠶᠠᠯᠠᠩ᠂ ᠤᠰᠤᠨ ᠠᠰᠢᠭᠯᠠᠯᠲᠠ ᠪᠠ ᠠᠮᠢ ᠠᠬᠤᠢ ᠶᠢᠨ ᠬᠠᠮᠢᠶ᠎ᠠ ᠪᠦᠬᠦᠢ ᠲᠥᠷᠥ  ᠶᠢᠨ ᠪᠣᠳᠣᠯᠭ᠎ᠠ ᠶᠢ ᠵᠣᠬᠢᠴᠠᠭᠤᠯᠤᠨ ᠬᠠᠮᠵᠢᠯᠴᠠᠭᠤᠯᠵᠤ᠂ ᠪᠣᠳᠠᠲᠠᠢ ᠠᠷᠭ᠎ᠠ ᠬᠡᠮᠵᠢᠶ᠎ᠡ ᠲᠣᠭᠲᠠᠭᠠᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠵᠣᠷᠢᠪᠠ᠃ ᠠᠵᠢᠯ ᠤᠨ ᠲᠣᠬᠢᠷᠠᠭᠤᠯᠤᠯᠲᠠ  ᠶᠢᠨ ᠲᠠᠯ᠎ᠠ ᠪᠠᠷ᠂︽ᠬᠡᠷᠡᠭᠵᠢᠭᠦᠯᠬᠦ ᠲᠥᠰᠥᠯ︾ ᠨᠢ ︽ᠡᠮᠬᠢ ᠵᠢᠷᠤᠮ ᠲᠠᠢ︾ ᠪᠠᠶᠢᠬᠤ ᠶᠢ ᠴᠢᠩᠭᠠᠳᠬᠠᠬᠤ ᠶᠢᠨ ᠬᠠᠮᠲᠤ ︽ᠬᠦᠴᠦᠲᠡᠢ︾ ᠪᠠ ︽ᠪᠦᠲᠦᠮᠵᠢᠲᠡᠢ︾ ᠪᠠᠶᠢᠬᠤ ᠶᠢ ᠴᠢᠨᠠᠭᠰᠢᠳᠠ ᠳᠣᠪᠤᠶᠢᠯᠭᠠᠵᠤ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠳᠤ ᠰᠠᠭᠤᠷᠢᠯᠠᠨ ᠡᠭᠦᠷᠭᠡ ᠶᠢ ᠨᠡᠩ ᠢᠯᠡᠭᠦᠦ ᠲᠥᠪᠯᠡᠷᠡᠭᠦᠯᠵᠦ᠂ ᠠᠷᠭ᠎ᠠ ᠬᠡᠮᠵᠢᠶ᠎ᠡ ᠶᠢ ᠨᠡᠩ ᠣᠨᠣᠴᠠᠲᠠᠢ ᠪᠣᠯᠭᠠᠨ᠂ ᠬᠠᠷᠠᠯᠲᠠ ᠶᠢ ᠨᠡᠩ ᠪᠣᠳᠠᠲᠠᠶᠢᠵᠢᠭᠤᠯᠵᠤ᠂ ᠬᠡᠷᠡᠭᠵᠢᠭᠦᠯᠵᠦ ᠪᠤᠯᠬᠤ ᠮᠥᠷᠲᠡᠭᠡᠨ ᠪᠣᠳᠠᠲᠠᠢ ᠳᠤ ᠨᠠᠶᠢᠳᠠᠪᠤᠷᠢᠵᠢᠭᠤᠯᠵᠤ ᠳᠡᠶᠢᠯᠭᠦ ᠶᠢ ᠪᠠᠲᠤᠯᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号