ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 5 ᠳ᠋ᠤᠭᠠᠷ ᠤᠳᠠᠭ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/11
     4 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 7 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 5 ᠳ᠋ᠤᠭᠠᠷ ᠤᠳᠠᠭ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠰᠦᠨ ᠱᠤᠤ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠤᠨ ᠭᠤᠣᠯ ᠳᠤᠭᠤᠶᠢᠯᠠᠩ ᠤᠨ 2024 ᠣᠨ ᠤ 3 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠠᠮᠢ ᠠᠬᠤᠢ ᠶᠢᠨ ᠢᠨᠵᠧᠨᠧᠷᠢᠩ ᠪᠣᠯᠣᠨ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠬᠤᠳᠠ ᠶᠢᠨ ᠪᠣᠷᠣᠭᠠᠨ ᠤ ᠤᠰᠤ ᠪᠣᠬᠢᠷ ᠤᠰᠤ ᠶᠢ ᠰᠠᠯᠭᠠᠨ ᠥᠭᠡᠷᠡᠴᠢᠯᠡᠬᠦ ᠠᠵᠢᠯ ᠢ ᠡᠬᠢᠯᠡᠭᠦᠯᠵᠦ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠵᠠᠰᠠᠵᠤ ᠰᠡᠷᠭᠡᠶᠢᠯᠡᠨ ᠵᠠᠰᠠᠬᠤ ᠪᠠ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠶᠢ ᠨᠢᠭᠲᠠ ᠤᠶᠠᠯᠳᠤᠭᠤᠯᠵᠤ᠂ ᠠᠶᠢᠯ ᠲᠣᠰᠬᠤᠨ ᠤ ᠣᠷᠴᠢᠨ ᠲᠣᠭᠤᠷᠢᠨ ᠢ ᠴᠡᠪᠡᠷᠰᠢᠭᠦᠯᠵᠦ᠂ ᠭᠤᠶᠣᠵᠢᠭᠤᠯᠵᠤ᠂ ᠨᠣᠭᠤᠭᠠᠷᠠᠭᠤᠯᠵᠤ᠂ ᠭᠡᠷᠡᠯᠲᠦᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠵᠡᠨ ᠦᠭᠡᠢ ᠦᠯᠡᠳᠡᠭᠳᠡᠯ ᠬᠦᠳᠡᠷ ᠤᠨ ᠬᠥᠮᠥᠷᠭᠡ ᠶᠢ ᠵᠠᠰᠠᠬᠤ ᠪᠠ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠠᠵᠢᠯ ᠢ ᠲᠥᠪᠯᠡᠷᠡᠭᠦᠯᠦᠨ ᠥᠷᠨᠢᠭᠦᠯᠵᠦ᠂ ᠳᠤᠷ᠎ᠠ ᠪᠠᠷ ᠢᠶᠠᠨ ᠮᠠᠯᠲᠠᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠡᠷᠡᠰ ᠴᠣᠬᠢᠯᠲᠠ ᠥᠭᠬᠦ ᠬᠡᠷᠡᠭᠲᠡᠢ᠃ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠶᠢ ᠴᠢᠩᠭᠠᠷᠠᠭᠤᠯᠤᠨ᠂ ᠡᠯ᠎ᠡ ᠲᠥᠷᠥᠯ ᠤᠨ ᠬᠤᠯᠠᠭᠠᠶᠢᠯᠠᠨ ᠴᠢᠳᠬᠤᠬᠤ ᠪᠠ ᠳᠤᠷ᠎ᠠ ᠪᠠᠷ ᠢᠶᠠᠨ ᠴᠢᠳᠬᠤᠬᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠬᠦᠴᠦᠲᠡᠢ ᠴᠣᠬᠢᠯᠲᠠ ᠥᠭᠬᠦ ᠬᠡᠷᠡᠭᠲᠡᠢ᠃ ᠠᠵᠤ ᠦᠢᠯᠡᠳᠪᠦᠷᠢ ᠶᠢᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠵᠤ᠂ ᠬᠤᠣᠰ ᠨᠡᠭᠦᠷᠡᠰᠦᠲᠥ᠋ᠷᠥᠭᠴᠢ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠬᠡᠪᠴᠢᠶ᠎ᠡ ᠪᠠᠷ ᠪᠠᠭ᠎ᠠ᠂ ᠠᠵᠤ ᠠᠬᠤᠢ ᠶᠢᠨ ᠦᠷ᠎ᠡ ᠠᠰᠢᠭ ᠢᠶᠠᠷ ᠪᠠᠷᠤᠭᠲᠠᠢ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠪᠠᠷ ᠳᠣᠣᠷ᠎ᠠ᠂ ᠠᠶᠤᠯᠲᠠᠢ ᠬᠠᠶᠠᠭᠳᠠᠮᠠᠯ ᠪᠣᠳᠠᠰ ᠢ ᠵᠠᠰᠠᠬᠤ ᠳᠤ ᠬᠦᠴᠢᠷ ᠢᠶᠠᠷ ᠶᠡᠭᠡ᠂ ᠪᠣᠬᠢᠷᠲᠤᠯ ᠢᠶᠠᠷ ᠬᠦᠨᠳᠦ ᠲᠥᠷᠥᠯ ᠵᠦᠢᠯ ᠢ ᠬᠠᠭᠠᠵᠤ ᠵᠣᠭᠰᠤᠭᠠᠬᠤ ᠪᠤᠶᠤ ᠬᠡᠯᠪᠡᠷᠢ ᠪᠠᠨ ᠬᠤᠪᠢᠷᠠᠭᠤᠯᠬᠤ ᠶᠢ ᠬᠠᠤᠯᠢ ᠶᠣᠰᠣᠭᠠᠷ ᠡᠮᠬᠢ ᠵᠢᠷᠤᠮ ᠲᠠᠢ ᠠᠬᠢᠭᠤᠯᠵᠤ᠂ ᠪᠣᠬᠢᠷᠲᠤᠯ ᠦᠭᠡᠢ ᠦᠢᠯᠡᠳᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠵᠢᠯ ᠤᠨ ᠡᠬᠢᠨ ᠳᠤ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠᠲᠤ ᠡᠭᠦᠷᠭᠡ ᠲᠠᠢ ᠬᠠᠷᠢᠴᠠᠭᠤᠯᠤᠨ᠂ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠠᠯᠳᠠᠭᠳᠠᠯ ᠢ ᠪᠠᠶᠢᠴᠠᠭᠠᠨ ᠳᠤᠲᠠᠭᠳᠠᠯ ᠢ ᠨᠥᠬᠦᠪᠦᠷᠢᠯᠡᠵᠦ᠂ ᠠᠵᠤ ᠠᠬᠤᠢ ᠶᠢᠨ ᠠᠵᠢᠯᠯᠠᠭᠠᠨ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ ︵ᠰᠤᠷᠪᠤᠯᠵᠢᠯᠠᠭᠴᠢ᠄ ᠯᠢᠦ ᠪᠠᠢ ᠢᠦᠢ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号