ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/11
     4 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 8 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠮᠠᠨ ᠤ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠢ ᠰᠣᠨᠣᠰᠪᠠ︔ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠵᠦᠢᠯ ᠢ ᠰᠣᠨᠣᠰᠪᠠ᠃      ᠬᠤᠷᠠᠯ ᠳᠡᠭᠡᠷ᠎ᠡ᠂ ᠮᠠᠨ ᠤ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠢ ᠨᠤᠲᠠᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠢᠳᠡᠪᠬᠢᠲᠡᠢ ᠠᠬᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠥᠰᠥᠯ ᠢ ᠲᠣᠭᠲᠠᠭᠠᠵᠤ᠂ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠥᠷᠨᠢᠭᠦᠯᠬᠦ ᠬᠡᠷᠡᠭᠲᠡᠢ᠃ ︽ᠳᠠᠯᠠᠨ ᠬᠠᠷ᠎ᠠ ᠠᠭᠤᠯᠠ ᠶᠢᠨ ᠬᠤᠪᠢᠰᠬᠠᠯ ᠤᠨ ᠰᠠᠭᠤᠷᠢᠨ ᠭᠠᠵᠠᠷ︾ ᠢᠶᠠᠷ ᠭᠤᠣᠯᠯᠠᠭᠤᠯᠤᠭᠰᠠᠨ ᠬᠤᠪᠢᠰᠬᠠᠯ ᠤᠨ ᠰᠣᠶᠣᠯ ᠤᠨ ᠡᠬᠢ ᠪᠠᠶᠠᠯᠢᠭ ᠲᠤ ᠲᠦᠰᠢᠭᠯᠡᠨ᠂ ︽ᠬᠤᠪᠢᠰᠬᠠᠯ ᠤᠨ ᠪᠠ ᠠᠵᠤ ᠦᠢᠯᠡᠰ ᠤᠨ ᠬᠥᠭᠵᠢᠯᠲᠡ︾ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ ᠶᠢ ᠴᠢᠷᠮᠠᠶᠢᠨ ᠰᠦᠪᠡᠭᠴᠢᠯᠡᠵᠦ᠂ ᠬᠤᠪᠢᠰᠬᠠᠯ ᠤᠨ ᠵᠢᠭᠤᠯᠴᠢᠯᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠠᠶᠢᠴᠢᠯᠠᠬᠤ ᠬᠡᠷᠡᠭᠲᠡᠢ᠃ ᠦᠴᠦᠸᠠᠨ ᠰᠢᠶᠠᠨ ᠤ ᠤᠮᠠᠷᠠᠲᠤ ᠸᠧᠢ ᠤᠯᠤᠰ ᠤᠨ ᠮᠦᠽᠧᠢ ᠶᠢᠨ ᠪᠦᠲᠦᠭᠡᠨ ᠪᠠᠶᠢᠭᠤᠯᠤᠯᠲᠠ ᠪᠠ ᠳᠡᠯᠭᠡᠨ ᠦᠵᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠮᠦᠽᠧᠢ ᠳᠤ ᠬᠠᠳᠠᠭᠠᠯᠠᠵᠤ ᠪᠠᠶᠢᠭ᠎ᠠ ᠲᠡᠦᠬᠡ ᠶᠢᠨ ᠳᠤᠷᠠᠰᠬᠠᠯᠲᠤ ᠵᠦᠢᠯ ᠤᠨ ᠲᠤᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠬᠦᠢᠠᠵᠠᠭᠡᠢ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠠᠮᠠᠭᠲᠠᠭᠦᠯᠭᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠠᠵᠢᠯ ᠢ ᠶᠡᠬᠡᠪᠡᠷ ᠠᠬᠢᠭᠤᠯᠬᠤ ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠤᠰᠤ ᠶᠡᠭᠡ ᠬᠤᠷᠣᠭᠳᠠᠭᠤᠯᠬᠤ ᠲᠠᠷᠢᠮᠠᠯ ᠤᠨ ᠲᠠᠷᠢᠬᠤ ᠬᠡᠪᠴᠢᠶ᠎ᠡ ᠶᠢ ᠬᠢᠵᠠᠭᠠᠷᠯᠠᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢ ᠵᠡᠷᠭᠡ ᠪᠠᠷ ᠬᠥᠭᠵᠢᠭᠦᠯᠬᠦ ᠬᠡᠷᠡᠭᠲᠡᠢ᠃ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠬᠢᠵᠦ᠂ ᠤᠰᠤ ᠶᠡᠭᠡ ᠬᠤᠷᠣᠭᠳᠠᠭᠤᠯᠬᠤ ᠠᠵᠤ ᠠᠬᠤᠶᠢᠯᠠᠯ ᠤᠨ ᠤᠰᠤ ᠲᠠᠲᠠᠬᠤ ᠵᠥᠪᠰᠢᠶᠡᠷᠡᠯ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ ᠪᠠ ᠤᠰᠤ ᠬᠡᠷᠡᠭᠯᠡᠬᠦ ᠲᠣᠭᠲᠠᠭᠰᠠᠨ ᠨᠤᠷᠮ᠎ᠠ ᠶᠢᠨ ᠬᠠᠮᠢᠶᠠᠷᠤᠯᠲᠠ ᠶᠢ ᠴᠢᠩᠳᠠᠯᠠᠵᠤ᠂ ᠠᠵᠤ ᠠᠬᠤᠶᠢᠯᠠᠯ ᠤᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠬᠦ ᠶᠢ ᠵᠣᠷᠢᠭᠵᠢᠭᠤᠯᠤᠨ ᠬᠥᠲᠥᠯᠥᠨ ᠵᠢᠯᠣᠭᠤᠳᠬᠤ ᠬᠡᠷᠡᠭᠲᠡᠢ᠃ ᠤᠰᠤ ᠠᠷᠪᠢᠯᠠᠬᠤ ᠠᠵᠤ ᠦᠢᠯᠡᠰ ᠢ ᠢᠳᠡᠪᠬᠢᠲᠡᠢ ᠪᠠᠷ ᠬᠥᠭᠵᠢᠭᠦᠯᠵᠦ᠂ ᠬᠡᠪ ᠤᠨ ᠪᠤᠰᠤ ᠤᠰᠤ ᠶᠢ ᠠᠰᠢᠭᠯᠠᠬᠤ ᠡᠷᠴᠢᠮ ᠢᠶᠠᠨ ᠴᠢᠩᠭᠠᠷᠠᠭᠤᠯᠵᠤ᠂ ᠤᠳᠤ ᠦᠶ᠎ᠡ ᠶᠢᠨ ᠤᠰᠤᠨ ᠤ ᠲᠣᠣᠷ ᠤᠨ ᠶᠡᠷᠦᠩᠬᠡᠢ ᠪᠠᠶᠢᠷᠢᠰᠢᠯ ᠢ ᠲᠦᠷᠭᠡᠪᠴᠢᠯᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠪᠠ᠃ ︵ᠰᠤᠷᠪᠤᠯᠵᠢᠯᠠᠭᠴᠢ᠄ ᠯᠢᠦ ᠪᠠᠢ ᠢᠦᠢ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号