ᠪᠥᠬᠦ ᠰᠢᠶᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/11
     4 ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠪᠦᠬᠦ ᠰᠢᠶᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠮᠢᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᡁᠢ ᠵᠢᠶᠠᠨ ᠭᠠᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠼᠦᠢ ᠵᠧᠨ ᠬᠤᠸᠠ᠂ ᠶᠦᠨ ᠰᠢᠶᠣᠣ ᠮᠢᠨ᠂ ᠵᠠᠩ ᠵᠢᠶᠧ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠬᠦᠶ ᠭᠦᠸᠧ ᠰᠢᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠴᠢ ᠰᠢᠶᠠᠨ ᠤ ᠬᠡᠪᠴᠢᠶᠡᠨ ᠤ ᠡᠯ᠎ᠡ ᠬᠠᠮᠢᠶᠠᠷᠤᠯᠲᠠ ᠶᠢᠨ ᠥᠷᠲᠡᠭᠡᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      ᠬᠤᠷᠠᠯ ᠠᠴᠠ ᠦᠴᠦᠸᠠᠨ ᠰᠢᠶᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠵᠢᠴᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠰᠢᠨ᠎ᠡ ᠵᠠᠭᠪᠤᠷ ᠢ ᠡᠭᠦᠳᠦᠨ ᠪᠠᠶᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠥᠭᠬᠦ ᠰᠢᠯᠭᠠᠨ ᠬᠢᠨᠠᠬᠤ ᠠᠷᠭ᠎ᠠ ᠶᠢ ᠲᠣᠭᠲᠠᠭᠠᠨ᠂ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠵᠤ᠂ ᠲᠣᠰᠬᠤᠨ ᠤ ︽ᠬᠤᠶᠠᠷ ᠵᠥᠪᠯᠡᠯ︾ ᠪᠣᠯᠣᠨ ᠣᠯᠠᠨ ᠲᠦᠮᠡᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠬᠠᠮᠲᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠬᠦᠴᠦᠨ ᠢᠶᠠᠨ ᠲᠡᠭᠦᠯᠳᠡᠷᠵᠢᠭᠦᠯᠦᠨ᠂ ᠬᠠᠤᠯᠢ ᠬᠡᠷᠡᠭᠵᠢᠭᠦᠯᠬᠦ ᠤᠳᠠᠭ᠎ᠠ ᠶᠢ ᠳᠡᠭᠡᠭᠰᠢᠯᠡᠭᠦᠯᠵᠦ᠂  ᠬᠦᠳᠦᠯᠦᠨ ᠵᠢᠯᠤᠭᠤᠳᠬᠤ ᠪᠠ ᠬᠢᠵᠠᠭᠠᠷᠯᠠᠨ ᠬᠤᠷᠢᠭᠯᠠᠬᠤ ᠶᠢ ᠤᠶᠠᠯᠳᠤᠭᠤᠯᠵᠤ᠂ ᠰᠢᠯᠭᠠᠨ ᠬᠢᠨᠠᠬᠤ ᠲᠣᠭᠲᠠᠴᠠ ᠶᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠳᠤᠮᠳᠠ ᠵᠥᠪ ᠴᠢᠭᠯᠡᠯ ᠢᠶᠠᠷ ᠤᠷᠮᠠᠰᠢᠭᠤᠯᠬᠤ ᠦᠢᠯᠡᠳᠦᠯ ᠪᠠᠳᠠᠷᠠᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠶᠢᠨ ᠴᠢᠬᠤᠯᠠ ᠠᠴᠢ ᠬᠤᠯᠪᠣᠭᠳᠠᠯ᠂ ᠬᠠᠮᠢᠶ᠎ᠠ ᠪᠦᠬᠦᠢ ᠬᠠᠤᠯᠢ ᠲᠣᠭᠲᠠᠭᠠᠯ᠂ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠳᠤ ᠲᠠᠶᠢᠯᠤᠮᠵᠢ ᠬᠢᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠡᠷᠤᠬᠡ ᠪᠣᠯᠭᠠᠨ ᠳᠤ ᠮᠡᠳᠡᠭᠦᠯᠵᠦ᠂ ᠤᠯᠠᠨ ᠲᠦᠮᠡᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠬᠠᠢ ᠣᠶᠢᠯᠠᠭᠠᠬᠤ ᠬᠡᠮᠵᠢᠶ᠎ᠡ ᠪᠣᠯᠣᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠶᠣᠰᠣ ᠤᠴᠢᠷ ᠢ ᠣᠶᠢᠯᠠᠭᠠᠵᠤ᠂ ᠰᠡᠳᠬᠢᠯᠭᠡ ᠪᠠᠷ ᠢᠶᠠᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ︵ᠰᠤᠷᠪᠤᠯᠵᠢᠯᠠᠭᠴᠢ᠄ ᠵᠤᠤ ᠯᠧ᠂ ᠴᠧᠨ ᠪᠦᠥᠸ᠋︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号