ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠣᠶᠢᠷ᠎ᠠ ᠶᠢᠨ ᠬᠤᠭᠤᠴᠠᠭᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ᠂ ᠣᠷᠴᠢᠨ ᠠᠬᠤᠢ ᠶᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/11
     4 ᠰᠠᠷ᠎ᠠ ᠶᠢᠨ 10 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 131 ᠳ᠋ᠦ᠋ᠭᠡᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠳᠠᠬᠢ ᠮᠠᠨ ᠤ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ᠣᠷᠴᠢᠨ ᠠᠬᠤᠢ ᠶᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯ ᠠᠵᠤ ᠠᠬᠤᠢ ᠶᠢᠨ ᠬᠥᠭᠵᠢᠯᠲᠡ ᠶᠢᠨ ᠠᠮᠢᠨ ᠰᠤᠳᠠᠰᠤ ᠪᠠ ᠭᠤᠣᠯ ᠭᠠᠷᠳᠠᠴᠠ ᠮᠥᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠯ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠬᠢ ᠪᠤᠯᠠᠭ ᠮᠥᠨ᠂ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠬᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠃ ᠪᠦᠬᠦ ᠰᠢᠶᠠᠨ ᠢᠶᠠᠷ ᠢᠶᠠᠨ ᠪᠠᠶᠢᠳᠠᠯ ᠢ ᠲᠣᠳᠣᠷᠬᠠᠢ ᠲᠠᠨᠢᠵᠤ᠂ ᠬᠥᠭᠵᠢᠯᠲᠡ ᠶᠢ ᠲᠥᠯᠥᠪᠵᠢᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠳᠬᠤᠬᠤ ᠡᠭᠦᠷᠭᠡᠲᠦ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠮᠠᠨ ᠤ ᠰᠢᠶᠠᠨ ᠤ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠣᠨᠴᠠᠯᠢᠭᠲᠤ ᠳᠠᠪᠠᠭᠤᠯᠢᠭ᠂ ᠤᠳᠤ ᠪᠠᠶᠢᠭ᠎ᠠ ᠡᠬᠢ ᠪᠠᠶᠠᠯᠢᠭ ᠵᠡᠷᠭᠡ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠦᠷᠦᠯ ᠵᠦᠢᠯ ᠢ ᠲᠥᠯᠥᠪᠵᠢᠭᠦᠯᠵᠦ᠂ ᠲᠦᠷᠦᠯ ᠵᠦᠢᠯ ᠢ ᠤᠨᠢᠨ ᠳᠡᠭᠡᠷ᠎ᠡ ᠨᠢ ᠵᠣᠯᠭᠠᠭᠤᠯᠵᠤ᠂ ᠬᠤᠳᠠᠯᠳᠤᠭᠠᠴᠢᠨ ᠤᠷᠢᠬᠤ ᠳᠡᠭᠡᠷ᠎ᠡ ᠬᠦᠴᠦ ᠣᠷᠣᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠨᠠᠷᠢᠯᠢᠭ ᠣᠨᠣᠪᠴᠢᠲᠤ ᠴᠢᠨᠠᠷ ᠪᠣᠯᠣᠨ ᠦᠷ᠎ᠡ ᠪᠦᠲᠦᠮᠵᠢᠲᠦ ᠴᠢᠨᠠᠷ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠰᠢᠶᠠᠨ ᠤ ᠱᠠᠲᠤᠨ ᠤ ᠤᠳᠤᠷᠢᠳᠤᠯᠭ᠎ᠠ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠡᠯ᠎ᠡ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠬᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠠᠨᠠᠭᠠᠴᠢᠯᠠᠭᠠᠲᠤ ᠤᠬᠠᠮᠰᠠᠷ ᠢᠶᠠᠨ ᠦᠨᠡᠨᠬᠦ ᠳᠡᠭᠡᠭᠰᠢᠯᠡᠭᠦᠯᠵᠦ᠂ ᠡᠯ᠎ᠡ ᠱᠠᠲᠤᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠬᠤᠳᠠᠯᠳᠤᠭᠠᠴᠢᠨ ᠤᠷᠢᠵᠤ᠂ ᠰᠠᠨᠠᠭᠠᠴᠢᠯᠠᠭ᠎ᠠ ᠠᠴᠠ ᠪᠠᠨ ᠳᠠᠯᠳᠠ ᠬᠦᠴᠦᠨ ᠢ ᠠᠭᠤᠳᠠᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠠᠵᠢᠯ ᠤᠨ ᠳᠠᠷᠤᠯᠲᠠ ᠲᠠᠢ ᠪᠠᠶᠢᠵᠦ᠂ ᠴᠠᠭ ᠢᠮᠠᠭᠲᠠ ᠡᠭᠦᠷᠭᠡ ᠪᠠᠨ ᠪᠠᠷᠢᠮᠵᠢᠶ᠎ᠠ ᠲᠠᠢ ᠬᠠᠷᠢᠴᠠᠭᠤᠯᠤᠨ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠳᠠᠭᠠᠭᠠᠴᠢᠯᠠᠨ ᠬᠠᠷᠢᠯᠴᠠᠵᠤ ᠪᠠᠶᠢᠭ᠎ᠠ ᠲᠦᠷᠦᠯ ᠵᠦᠢᠯ ᠢ ᠴᠢᠩᠭ᠎ᠠ ᠠᠩᠬᠠᠷᠴᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠱᠠᠯᠠᠪᠳᠠᠭᠤᠯᠤᠨ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠶᠠᠷᠢᠯᠴᠠᠵᠤ ᠪᠠᠶᠢᠭ᠎ᠠ ᠪᠠ ᠪᠠᠶᠢᠭᠤᠯᠵᠤ ᠪᠠᠶᠢᠭ᠎ᠠ ᠲᠦᠷᠦᠯ ᠵᠦᠢᠯ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ  ᠳᠤᠨᠢ ᠣᠶᠢᠯᠠᠭᠠᠵᠤ᠂ ᠬᠠᠮᠤᠭ ᠤᠨ ᠲᠡᠷᠢᠭᠦᠨ ᠳᠤ ᠲᠣᠬᠢᠷᠠᠭᠤᠯᠤᠨ ᠰᠢᠢᠳᠪᠦᠷᠢᠯᠡᠵᠦ᠂ ᠲᠦᠷᠦᠯ ᠵᠦᠢᠯ ᠢ ᠤᠷᠢᠳᠴᠢᠯᠠᠨ ᠲᠣᠭᠲᠠᠭᠠᠭᠰᠠᠨ ᠠᠬᠢᠴᠠ ᠶᠣᠰᠣᠭᠠᠷ ᠤᠷᠤᠭᠰᠢᠲᠠᠢ ᠠᠬᠢᠭᠤᠯᠵᠤ᠂ ᠡᠷᠲᠡ ᠨᠠᠶᠢᠳᠠᠪᠤᠷᠢᠵᠢᠭᠤᠯᠵᠤ᠂ ᠡᠷᠲᠡ ᠠᠵᠢᠯ ᠡᠬᠢᠯᠡᠭᠦᠯᠵᠦ᠂ ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠤᠬᠠᠮᠰᠠᠷ ᠢ ᠪᠠᠲᠤ ᠪᠤᠢ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠵᠤ ᠠᠬᠤᠢ ᠶᠢᠨ ᠬᠥᠭᠵᠢᠯᠲᠡ᠂ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠨᠢᠭᠲᠠ ᠬᠠᠮᠵᠢᠯᠴᠠᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠰᠠᠬᠢᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠰᠤᠷᠪᠤᠯᠵᠢ ᠶᠢ ᠲᠣᠳᠣᠷᠬᠠᠢ ᠣᠶᠢᠯᠠᠭᠠᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠨᠡᠶᠢᠳᠡᠮ ᠪᠠᠶᠢᠴᠠᠭᠠᠯᠲᠠ ᠶᠢ ᠭᠦᠨᠵᠡᠭᠡᠢ ᠥᠷᠨᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠰᠤᠷᠪᠤᠯᠵᠢ ᠶᠢ ᠦᠨᠡᠨᠬᠦ ᠲᠣᠳᠣᠷᠬᠠᠢ ᠣᠶᠢᠯᠠᠭᠠᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠦᠨ᠎ᠡ ᠦᠷᠳᠡᠭ ᠢ ᠪᠠᠶᠢᠴᠠᠭᠠᠨ ᠲᠣᠳᠣᠯᠠᠵᠤ᠂ ᠲᠡᠦᠬᠡ ᠶᠢᠨ ᠳᠤᠷᠠᠰᠬᠠᠯᠲᠤ ᠵᠦᠢᠯ ᠤᠨ ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠤᠨ ᠬᠠᠮᠢᠶᠠᠷᠤᠯᠲᠠ ᠶᠢ ︽ᠪᠠᠶᠢᠴᠠᠭᠠᠬᠤ ᠲᠤᠭ᠎ᠠ ᠲᠠᠢ ᠪᠣᠯᠭᠠᠬᠤ︾ ᠬᠡᠷᠡᠭᠲᠡᠢ᠃ ᠡᠯ᠎ᠡ ᠰᠢᠶᠠᠩ ᠪᠠᠯᠭᠠᠰᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠲᠣᠰᠬᠤᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠳᠦᠷᠢᠮ ᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠶᠢᠨ ᠬᠠᠮᠲᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠦᠬᠦ ᠠᠷᠠᠳ ᠤᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠳᠬᠠᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠲᠠᠯ᠎ᠠ ᠪᠠᠷ ᠭᠦᠢᠴᠡᠳ ᠬᠦᠴᠦ ᠣᠷᠣᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠢ ᠭᠦᠢᠴᠡᠳ ᠠᠭᠤᠳᠠᠯᠵᠤ᠂ ᠳᠡᠯᠭᠡᠨ ᠦᠵᠡᠭᠦᠯᠵᠦ᠂ ᠠᠰᠢᠭᠯᠠᠵᠤ᠂ ᠡᠬᠢ ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠦᠢᠯᠡᠰ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠶ᠎ᠡ ᠵᠣᠬᠢᠴᠠᠩᠭᠤᠢ ᠪᠠᠷ ᠬᠠᠮᠲᠤᠪᠠᠷ ᠤᠷᠤᠭᠰᠢᠯᠠᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭ᠎ᠠ ᠶᠢᠨ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠩᠬᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠰᠢᠶᠠᠨ ᠤ ᠨᠠᠮ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠤᠳᠤᠷᠢᠳᠬᠤ ᠳᠤᠭᠤᠶᠢᠯᠠᠩ ᠤᠨ 2024 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ᠂ ᠪᠦᠬᠦ ᠰᠢᠶᠠᠨ ᠢᠶᠠᠷ ᠢᠶᠠᠨ ᠴᠢᠳᠠᠪᠤᠷᠢᠲᠠᠨ ᠤ ᠴᠢᠨᠠᠷ ᠰᠠᠶᠢᠲᠠᠢ ᠬᠥᠭᠵᠢᠯᠲᠡ ᠳᠤ ᠦᠵᠡᠭᠦᠯᠬᠦ ᠴᠢᠬᠤᠯᠠ ᠴᠢᠨᠠᠷ ᠢ ᠭᠦᠢᠴᠡᠳ ᠲᠠᠨᠢᠵᠤ᠂ ᠠᠵᠤ ᠦᠢᠯᠡᠰ ᠤᠨ ᠬᠥᠭᠵᠢᠯᠲᠡ ᠶᠢᠨ ᠭᠤᠣᠯ ᠵᠢᠭᠰᠠᠭᠠᠯ ᠤᠨ ᠭᠠᠵᠠᠷ ᠤᠨ ᠲᠣᠭᠤᠷᠢᠨ ᠳᠤ᠂ ᠠᠷᠭ᠎ᠠ ᠪᠦᠬᠦᠨ ᠢ ᠰᠦᠪᠡᠭᠴᠢᠯᠡᠨ ᠴᠢᠳᠠᠪᠤᠷᠢᠲᠠᠨ ᠢ ᠲᠠᠲᠠᠵᠤ᠂ ︽ᠳᠦᠷᠪᠡᠨ ᠶᠡᠭᠡ ᠠᠵᠤ ᠦᠢᠯᠡᠰ ᠤᠨ ᠰᠠᠭᠤᠷᠢᠨ ᠭᠠᠵᠠᠷ︾ ᠤᠨ ᠪᠠᠶᠢᠷᠢᠰᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠳᠠᠪᠤᠷᠢᠲᠠᠨ ᠢ ᠲᠠᠲᠠᠬᠤ ᠠᠷᠭ᠎ᠠ ᠵᠠᠮ ᠤᠨ ᠵᠢᠯᠣᠭᠤᠳᠤᠯᠭ᠎ᠠ ᠶᠢ ᠨᠠᠷᠢᠯᠢᠭᠵᠢᠭᠤᠯᠵᠤ᠂ ᠮᠡᠳᠡᠭᠡ ᠵᠠᠩᠭᠢ ᠶᠢ ᠣᠨᠣᠪᠴᠢᠲᠠᠢ ᠵᠣᠬᠢᠴᠠᠭᠤᠯᠵᠤ᠂ ︽ᠬᠠᠨᠳᠤᠯᠭᠠᠲᠤ ᠬᠡᠯᠪᠡᠷᠢ︾ ᠪᠠᠷ ᠴᠢᠳᠠᠪᠤᠷᠢᠲᠠᠨ ᠢ ᠲᠠᠲᠠᠬᠤ᠂ ᠲᠤᠰᠬᠠᠢ ᠮᠡᠷᠭᠡᠵᠢᠯ ᠢᠶᠠᠷ ᠴᠢᠳᠠᠪᠤᠷᠢᠲᠠᠨ ᠢ ᠲᠠᠲᠠᠬᠤ ᠶᠢ ᠥᠷᠨᠢᠭᠦᠯᠵᠦ᠂ ᠨᠢᠭᠡ ᠪᠦᠯᠦᠭ ᠰᠠᠭᠤᠷᠢ ᠬᠡᠯᠪᠡᠷᠢ ᠶᠢᠨ ᠴᠢᠳᠠᠪᠤᠷᠢᠲᠠᠨ᠂ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠪᠠ ᠲᠤᠰᠬᠠᠢ ᠮᠡᠷᠭᠡᠵᠢᠯᠲᠡᠨ ᠤ ᠬᠡᠯᠪᠡᠷᠢ ᠶᠢᠨ ᠴᠢᠳᠠᠪᠤᠷᠢᠲᠠᠨ ᠢ ᠥᠨᠳᠥᠷ ᠪᠦᠲᠦᠮᠵᠢᠲᠡᠢ ᠤᠨᠢᠨ ᠳᠡᠭᠡᠷ᠎ᠡ ᠨᠢ ᠣᠷᠣᠭᠤᠯᠤᠨ ᠠᠪᠴᠢᠷᠠᠵᠤ᠂ ᠮᠠᠨ ᠤ ᠰᠢᠶᠠᠨ ᠤ ᠬᠥᠭᠵᠢᠯᠲᠡ ᠶᠢᠨ ᠭᠤᠣᠯᠯᠠᠭᠴᠢ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号