ᠲᠦᠷᠦᠭᠦᠬᠡᠨ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠠᠯᠪᠠᠨ ᠭᠡᠷ ᠪᠣᠯᠣᠨ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠠᠯᠪᠠᠨ ᠲᠢᠩᠬᠢᠮ ᠬᠠᠮᠲᠤᠷᠠᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ 3 ᠨᠡᠶᠢᠲᠡᠯᠢᠭ ᠠᠰᠠᠭᠤᠳᠠᠯ ᠢ ᠵᠠᠷᠯᠠᠪᠠ᠃ ᠳᠣᠣᠷᠠᠬᠢ ᠮᠡᠲᠦ᠄ | 1. ᠱᠠᠨ ᠰᠢ ᠮᠤᠵᠢ ᠶᠢᠨ ᠵᠠᠷᠢᠮ ᠬᠤᠲᠠ ᠰᠢᠶᠠᠨ ᠡᠵᠡᠩᠨᠡᠯᠲᠡ ᠶᠢᠨ ᠭᠤᠣᠯ ᠴᠣᠭᠴᠠ ᠶᠢ ᠨᠡᠮᠡᠭᠳᠡᠭᠦᠯᠬᠦ | ᠡᠭᠦᠷᠭᠡ ᠶᠢ ᠱᠠᠲᠤ ᠱᠠᠲᠤ ᠪᠠᠷ ᠡᠭᠦᠷᠭᠡ ᠨᠡᠮᠡᠵᠦ ᠲᠡᠰᠬᠡᠨ ᠳᠠᠭᠠᠭᠠᠯᠭᠠᠪᠠ᠃ 2022 ᠣᠨ ᠪᠠ 2023 ᠣᠨ ᠳᠤ᠂ | ᠶᠦᠨᠴᠧᠩ ᠬᠤᠲᠠ ᠶᠢᠨ ᠰᠢᠨᠵᠢᠶᠠᠩ ᠰᠢᠶᠠᠨ᠂ ᠵᠢᠨᠴᠧᠩ ᠬᠤᠲᠠ ᠶᠢᠨ ᠴᠢᠨᠱᠦ᠋ᠢ ᠰᠢᠶᠠᠨ ᠵᠡᠷᠭᠡ ᠭᠠᠵᠠᠷ ᠣᠷᠣᠨ | ᠥᠪᠡᠷ ᠤᠨ ᠪᠣᠳᠠᠲᠤ ᠪᠠᠶᠢᠳᠠᠯ ᠢᠶᠠᠨ ᠥᠯᠥ ᠬᠠᠶᠢᠬᠤᠷᠤᠨ᠂ ᠵᠠᠬ᠎ᠠ ᠳᠡᠯᠭᠡᠭᠦᠷ ᠤᠨ ᠵᠢᠮ᠎ᠡ ᠶᠣᠰᠣ ᠠᠴᠠ ᠵᠥᠷᠢᠴᠡᠵᠦ᠂ | ᠵᠠᠰᠠᠭ ᠵᠠᠬᠢᠷᠭᠠᠨ ᠤ ᠵᠠᠷᠯᠢᠭ ᠤᠨ ᠠᠷᠭ᠎ᠠ ᠭᠡᠯᠪᠡᠷᠢ ᠪᠠᠷ ᠱᠠᠲᠤ ᠱᠠᠲᠤ ᠪᠠᠷ ᠡᠭᠦᠷᠭᠡ ᠨᠡᠮᠡᠵᠦ ᠵᠢᠭᠠᠯᠲᠠ ᠲᠤᠭ᠎ᠠ | ᠪᠠᠭᠤᠯᠭᠠᠨ᠂ ᠡᠵᠡᠩᠨᠡᠯᠲᠡ ᠶᠢᠨ ᠭᠤᠣᠯ ᠴᠣᠭᠴᠠ ᠶᠢᠨ ᠲᠤᠭ᠎ᠠ ᠬᠡᠮᠵᠢᠶ᠎ᠡ ᠶᠢ ᠳᠠᠭᠢᠨ ᠢᠶᠠᠷ ᠨᠡᠮᠡᠭᠳᠡᠭᠦᠯᠬᠦ ᠡᠭᠦᠷᠭᠡ ᠶᠢ | ᠠᠯᠪᠠᠲᠠᠨ ᠠᠬᠢᠭᠤᠯᠪᠠ᠃ ᠵᠠᠷᠢᠮ ᠨᠢ ᠵᠢᠭᠠᠯᠲᠠ ᠲᠤᠭ᠎ᠠ ᠶᠢᠨ ᠡᠭᠦᠷᠭᠡ ᠪᠠᠨ ᠬᠠᠷᠢᠶ᠎ᠠ ᠰᠢᠶᠠᠩ ᠪᠠᠯᠭᠠᠰᠤ ︵ᠵᠡᠭᠡᠯᠢ | ᠭᠤᠳᠤᠮᠵᠢ︶ ᠲᠠᠭᠠᠨ ᠲᠡᠰᠬᠡᠨ ᠳᠠᠭᠠᠭᠠᠯᠭᠠᠵᠤ᠂ ᠵᠠᠷᠢᠮ ᠨᠢ ᠡᠨᠡ ᠬᠦ ᠠᠵᠢᠯ ᠢ ᠡᠯ᠎ᠡ ᠰᠢᠶᠠᠩ ᠪᠠᠯᠭᠠᠰᠤ ︵ᠵᠡᠭᠡᠯᠢ | ᠭᠤᠳᠤᠮᠵᠢ︶ ᠶᠢᠨ ᠬᠢᠨᠠᠨ ᠰᠢᠯᠭᠠᠬᠤ ᠳᠤ ᠣᠷᠣᠭᠤᠯᠵᠤ᠂ ᠭᠠᠷᠠᠭ ᠪᠦᠷᠢ ᠵᠠᠷᠯᠠᠵᠤ᠂ ᠰᠠᠷ᠎ᠠ ᠪᠦᠷᠢ ᠲᠣᠬᠢᠷᠠᠭᠤᠯᠵᠤ᠂ | ᠤᠯᠠᠷᠢᠯ ᠪᠦᠷᠢ ᠰᠤᠳᠤᠯᠤᠨ ᠮᠠᠭᠠᠳᠯᠠᠵᠤ᠂ ᠣᠨ ᠪᠦᠷᠢ ᠬᠢᠨᠠᠨ ᠰᠢᠯᠭᠠᠪᠠ᠃ ᠳᠡᠭᠡᠷ᠎ᠡ ᠱᠠᠲᠤᠨ ᠤ ᠬᠦᠴᠦᠲᠡᠢ | ᠠᠬᠢᠭᠤᠯᠤᠯ ᠳᠣᠣᠷ᠎ᠠ᠂ ᠬᠡᠰᠡᠭ ᠰᠢᠶᠠᠩ ᠪᠠᠯᠭᠠᠰᠤ ︵ᠵᠡᠭᠡᠯᠢ ᠭᠤᠳᠤᠮᠵᠢ︶ ᠨᠢ ᠡᠭᠦᠷᠭᠡ ᠪᠠᠨ ᠪᠡᠶᠡᠯᠡᠭᠦᠯᠵᠦ᠂ ᠬᠢᠨᠠᠨ | ᠰᠢᠯᠭᠠᠯᠲᠠ ᠶᠢ ᠠᠷᠭᠠᠴᠠᠭᠠᠬᠤ ᠶᠢᠨ ᠲᠥᠯᠥᠭᠡ ᠳᠠᠶᠢᠴᠢᠯᠠᠬᠤ᠂ ᠣᠷᠣᠯᠠᠨ ᠭᠦᠢᠴᠡᠳᠬᠡᠬᠦ ᠵᠡᠷᠭᠡ ᠠᠷᠭ᠎ᠠ ᠭᠡᠯᠪᠡᠷᠢ ᠶᠢ | ᠠᠪᠴᠤ᠂ ᠣᠯᠠᠨ ᠲᠦᠮᠡᠨ ᠤ ᠨᠡᠷ᠎ᠡ ᠪᠠᠷ ᠵᠠᠷᠢᠮ ᠪᠣᠳᠠᠲᠠᠢ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠦᠭᠡᠢ | ᠡᠵᠡᠩᠨᠡᠯᠲᠡ ᠶᠢᠨ ᠭᠤᠣᠯ ᠴᠣᠭᠴᠠ ᠶᠢ ᠳᠠᠩᠰᠠᠯᠠᠭᠤᠯᠵᠤ ᠣᠷᠣᠨ ᠪᠥᠭᠯᠡᠵᠦ ᠲᠤᠭ᠎ᠠ ᠭᠦᠢᠴᠡᠳᠬᠡᠵᠦ᠂ ᠴᠢᠨᠠᠭᠰᠢᠯᠠᠪᠠᠯ | ᠨᠢᠭᠡ ᠬᠥᠮᠥᠨ 20 ᠭᠠᠷᠤᠢ ᠡᠵᠡᠩᠨᠡᠯᠲᠡ ᠶᠢᠨ ᠭᠤᠣᠯ ᠴᠣᠭᠴᠠ ᠶᠢ ᠳᠠᠩᠰᠠᠯᠠᠭᠤᠯᠤᠭᠰᠠᠨ ᠪᠠᠶᠢᠳᠠᠯ ᠢᠯᠡᠷᠡᠵᠦ᠂ ᠵᠠᠷᠢᠮ | ᠨᠢ ᠣᠨ ᠤ ᠬᠢᠨᠠᠨ ᠰᠢᠯᠭᠠᠯᠲᠠ ᠪᠠ ᠠᠳᠠᠯᠢᠳᠬᠠᠨ ᠰᠢᠯᠭᠠᠷᠠᠭᠤᠯᠤᠯᠲᠠ ᠳᠠᠭᠤᠰᠤᠭᠰᠠᠨ ᠤ ᠳᠠᠷᠠᠭ᠎ᠠ᠂ ᠵᠠᠷᠢᠮ | ᠡᠵᠡᠩᠨᠡᠯᠲᠡ ᠶᠢᠨ ᠭᠤᠣᠯ ᠴᠣᠭᠴᠠ ᠶᠢ ᠬᠦᠴᠦᠨ ᠦᠭᠡᠢ ᠪᠤᠯᠭᠠᠵᠤ ᠬᠠᠶᠠᠳᠠᠭ᠃ | 2. ᠯᠢᠶᠣᠤᠨᠢᠩ ᠮᠤᠵᠢ ᠶᠢᠨ ᠹᠦᠰᠢᠨ ᠬᠤᠲᠠ ᠶᠢᠨ ᠬᠡᠰᠡᠭ ᠲᠠᠷᠢᠶᠠᠴᠢᠨ ᠠᠶᠢᠯ ᠤᠨ ᠨᠣᠮ ᠤᠨ ᠥᠷᠥᠭᠡ ᠨᠢ | ᠪᠣᠳᠠᠲᠤ ᠦᠷ᠎ᠡ ᠪᠦᠲᠦᠮᠵᠢ ᠪᠠᠷ ᠠᠨᠠᠢ ᠪᠠᠶᠢᠨ᠎ᠠ᠃ ᠣᠶᠢᠷ᠎ᠠ ᠶᠢᠨ ᠵᠢᠯ ᠠᠴᠠ ᠨᠠᠭᠠᠰᠢ᠂ ᠹᠦᠰᠢᠨ ᠬᠤᠲᠠ ᠨᠢ 600 | ᠭᠠᠷᠤᠢ ᠲᠠᠷᠢᠶᠠᠴᠢᠨ ᠠᠶᠢᠯ ᠤᠨ ᠨᠣᠮ ᠤᠨ ᠥᠷᠥᠭᠡ ᠶᠢ ᠪᠡᠯᠡ ᠣᠷᠣᠭᠤᠯᠵᠤ ᠪᠠᠶᠢᠭᠤᠯᠪᠠ᠂ ᠡᠳᠡᠭᠡᠷ ᠨᠣᠮ ᠤᠨ | ᠥᠷᠥᠭᠡ ᠨᠢ ᠵᠣᠬᠢᠬᠤ ᠬᠡᠮᠵᠢᠶᠡᠨ ᠳᠡᠭᠡᠷ᠎ᠡ ᠲᠠᠷᠢᠶᠠᠴᠢᠳ ᠤᠨ ᠦᠨᠳᠦᠰᠦᠨ ᠰᠣᠶᠣᠯ ᠤᠨ ᠡᠷᠬᠡ ᠠᠰᠢᠭ ᠢ ᠪᠠᠲᠤᠯᠠᠬᠤ᠂ | ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ᠂ ᠦᠨᠳᠦᠰᠦᠨ ᠱᠠᠲᠤᠨ ᠤ | ᠦᠵᠡᠯ ᠰᠠᠨᠠᠭ᠎ᠠ ᠰᠣᠶᠣᠯ ᠤᠨ ᠵᠢᠭᠰᠠᠭᠠᠯ ᠤᠨ ᠭᠠᠵᠠᠷ ᠢ ᠪᠠᠬᠢᠵᠢᠭᠦᠯᠬᠦ ᠦᠢᠯᠡᠳᠦᠯ ᠭᠠᠷᠭᠠᠭᠰᠠᠨ ᠪᠤᠯᠪᠠᠴᠤ ᠪᠠᠰᠠ | ᠪᠣᠳᠠᠲᠤ ᠬᠡᠷᠡᠭᠴᠡᠭᠡ ᠱᠠᠭᠠᠷᠳᠠᠯᠭ᠎ᠠ ᠠᠴᠠ ᠰᠠᠯᠤᠩᠬᠢᠷᠠᠭᠰᠠᠨ᠂ ᠬᠠᠮᠢᠶᠠᠷᠴᠤ ᠬᠠᠮᠠᠭᠠᠯᠠᠬᠤ ᠵᠡᠷᠭᠡ ᠢᠵᠢ ᠪᠦᠷᠢᠳᠦᠭᠰᠡᠨ | ᠲᠣᠭᠲᠠᠴᠠ ᠨᠢ ᠲᠡᠭᠦᠯᠳᠡᠷ ᠪᠤᠰᠤ᠂ ᠨᠣᠮ ᠤᠨ ᠲᠥᠷᠥᠯ ᠵᠦᠢᠯ ᠴᠥᠭᠡᠨ ᠵᠢᠴᠢ ᠨᠣᠮ ᠪᠢᠴᠢᠭ ᠲᠣᠬᠢᠷᠠᠭᠤᠯᠬᠤ | ᠬᠠᠨᠳᠤᠯᠭᠠᠲᠤ ᠴᠢᠨᠠᠷ᠂ ᠬᠡᠷᠡᠭᠯᠡᠭᠡᠨ ᠤ ᠴᠢᠨᠠᠷ ᠨᠢ ᠲᠠᠷᠢᠶᠠᠴᠢᠳ ᠤᠨ ᠪᠣᠳᠠᠲᠠᠢ ᠦᠢᠯᠡᠳᠪᠦᠷᠢᠯᠡᠯ ᠠᠮᠢᠳᠤᠷᠠᠯ ᠲᠠᠢ | ᠵᠥᠷᠢᠶ᠎ᠡ ᠲᠠᠢ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠣᠳᠣᠬᠠᠨ ᠤ ᠮᠡᠳᠡᠭᠡ ᠵᠠᠩᠭᠢᠵᠢᠯᠲᠠ ᠶᠢᠨ ᠲᠦᠷᠭᠡᠨ | ᠬᠥᠭᠵᠢᠯᠲᠡ ᠶᠢᠨ ᠪᠠᠶᠢᠳᠠᠯ ᠳᠣᠣᠷ᠎ᠠ᠂ ᠲᠠᠷᠢᠶᠠᠴᠢᠨ ᠲᠦᠮᠡᠨ ᠤ ᠮᠡᠳᠡᠭᠡ ᠵᠠᠩᠭᠢ ᠣᠯᠬᠤ ᠠᠷᠭ᠎ᠠ ᠭᠡᠯᠪᠡᠷᠢ ᠨᠠᠩ ᠣᠯᠠᠨ | ᠡᠰᠢᠵᠢᠵᠦ᠂ ᠨᠣᠮ ᠤᠨ ᠥᠷᠥᠭᠡ ᠶᠢᠨ ᠪᠣᠳᠠᠲᠠᠢ ᠠᠰᠢᠭᠯᠠᠯᠲᠠ ᠶᠢᠨ ᠨᠣᠷᠮ᠎ᠠ ᠶᠠᠪᠤᠬᠤ ᠲᠤᠲᠤᠮ ᠳᠣᠣᠷ᠎ᠠ ᠪᠣᠯᠵᠤ᠂ | ᠪᠤᠰᠤᠳᠴᠢ ᠲᠠᠯ᠎ᠠ ᠪᠠᠷ ᠪᠡᠯᠡ ᠮᠥᠩᠭᠦ ᠶᠢ ᠪᠦᠷᠢᠯᠭᠡᠨ ᠰᠦᠢᠳᠬᠡᠵᠦ ᠪᠠᠶᠢᠨ᠎ᠠ᠃ | 3. ᠬᠠᠷᠠᠮᠥ᠋ᠷᠡᠨ ᠮᠤᠵᠢ ᠶᠢᠨ ᠴᠢᠴᠢᠬᠠᠷ ᠬᠤᠲᠠ ᠶᠢᠨ ᠬᠢᠨ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ | ᠳᠤᠮᠳᠠ ᠰᠠᠶᠢᠰᠢᠶᠠᠯ ᠤᠨ ᠵᠢᠭᠠᠯᠲᠠ ᠲᠤᠭ᠎ᠠ ᠭᠠᠷᠭᠠᠵᠤ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠵᠦ | ᠪᠠᠶᠢᠨ᠎ᠠ᠃ 2023 ᠣᠨ ᠳᠤ᠂ ᠴᠢᠴᠢᠬᠠᠷ ᠬᠤᠲᠠ ︽ᠳᠤᠮᠳᠠᠳᠤ ᠤᠯᠤᠰ ᠤᠨ ᠬᠤᠲᠠ ᠶᠢ ᠰᠠᠶᠢᠰᠢᠶᠠᠬᠤ︾ᠨᠡᠶᠢᠲᠡ ᠶᠢᠨ | ᠠᠰᠠᠷᠠᠮᠵᠢ ᠶᠢᠨ ᠠᠵᠢᠯᠯᠠᠭ᠎ᠠ ᠳᠤ ᠣᠷᠣᠯᠴᠠᠵᠤ ᠪᠠᠶᠢᠬᠤ ᠬᠤᠭᠤᠴᠠᠭᠠᠨ ᠳᠤ᠂ ᠬᠤᠲᠠ ᠶᠢᠨ ᠨᠠᠮ ᠤᠨ ᠬᠤᠷᠢᠶ᠎ᠠ ᠶᠢᠨ | ᠤᠬᠠᠭᠤᠯᠬᠤ ᠬᠡᠯᠲᠡᠰ ᠮᠡᠳᠡᠭᠳᠡᠯ ᠪᠠᠭᠤᠯᠭᠠᠵᠤ᠂ ᠡᠯ᠎ᠡ ᠰᠢᠶᠠᠨ ︵ᠬᠤᠲᠠ᠂ ᠲᠣᠭᠤᠷᠢᠭ︶᠂ ᠡᠯ᠎ᠡ ᠨᠢᠭᠡᠴᠢ ᠶᠢᠨ ᠬᠢᠨ | ᠲᠣᠭᠲᠠᠭᠰᠠᠨ ᠬᠤᠭᠤᠴᠠᠭ᠎ᠠ ᠲᠠᠢ ᠪᠠᠷ ᠠᠬᠢᠴᠠ ᠪᠠᠨ ᠲᠣᠬᠢᠷᠠᠭᠤᠯᠵᠤ᠂ ᠰᠠᠶᠢᠰᠢᠶᠠᠭᠰᠠᠨ ᠲᠤᠭ᠎ᠠ ᠬᠡᠮᠵᠢᠶᠡᠨ ᠤ | ᠨᠡᠷᠡᠰ ᠤᠨ ᠵᠢᠭᠰᠠᠭᠠᠯᠲᠠ ᠶᠢᠨ ᠪᠠᠶᠢᠳᠠᠯ ᠢ ᠵᠠᠷᠯᠠᠬᠤ ᠬᠡᠷᠡᠭᠲᠡᠢ ᠭᠡᠵᠦ ᠱᠠᠭᠠᠷᠳᠠᠭᠰᠠᠨ ᠪᠥᠭᠡᠳ ᠡᠯ᠎ᠡ ᠭᠠᠵᠠᠷ ᠣᠷᠣᠨ ᠤ | ᠣᠷᠤᠯᠴᠠᠬᠤ ᠨᠤᠷᠮ᠎ᠠ ᠶᠢ ᠶᠡᠷᠦᠩᠬᠡᠢ ᠬᠥᠮᠥᠨ ᠠᠮᠠ ᠶᠢᠨ 10% ᠠᠴᠠ ᠳᠣᠣᠷ᠎ᠠ ᠪᠠᠶᠢᠯᠭᠠᠵᠤ ᠪᠤᠯᠬᠤ ᠦᠭᠡᠢ ᠭᠡᠵᠦ | ᠲᠣᠳᠣᠷᠬᠠᠢ ᠳᠤᠷᠠᠳᠴᠠᠢ᠃ ᠡᠯ᠎ᠡ ᠰᠢᠶᠠᠨ︵ᠬᠤᠲᠠ᠂ ᠲᠣᠭᠤᠷᠢᠭ︶ ᠲᠤᠰᠬᠠᠢ ᠰᠡᠳᠦᠪᠲᠦ ᠪᠠᠶᠢᠷᠢᠯᠠᠭᠤᠯᠤᠯᠲᠠ ᠶᠢ | ᠠᠬᠢᠭᠤᠯᠬᠤ ᠬᠤᠷᠠᠯ ᠬᠤᠷᠠᠯᠳᠤᠭᠤᠯᠵᠤ᠂ ᠱᠠᠲᠤ ᠱᠠᠲᠤ ᠪᠠᠷ ︽ᠳᠠᠷᠤᠯᠲᠠ︾ ᠶᠢ ᠳᠠᠮᠵᠢᠭᠤᠯᠵᠤ᠂ ᠵᠠᠷᠢᠮ ᠰᠢᠶᠠᠨ | ᠲᠣᠭᠤᠷᠢᠭ ᠨᠢ ︽ᠭᠤᠣᠯ ᠤᠳᠤᠷᠢᠳᠤᠯᠭ᠎ᠠ ᠳᠤ ᠲᠤᠭ᠎ᠠ ᠪᠠᠷᠢᠮᠲᠠ ᠶᠢ ᠪᠦᠷᠢᠳᠬᠡᠭᠰᠡᠨ ᠪᠠᠶᠢᠳᠠᠯ ᠢᠶᠠᠨ ᠬᠠᠷᠢᠭᠤ | ᠮᠡᠳᠡᠭᠦᠯᠬᠦ︾ ᠶᠢ ᠱᠠᠭᠠᠷᠳᠠᠵᠤ᠂ ᠵᠠᠷᠢᠮ ᠰᠢᠶᠠᠨ ᠲᠣᠭᠤᠷᠢᠭ ᠨᠢ ᠨᠡᠶᠢᠭᠡᠮ ᠲᠣᠭᠤᠷᠢᠭ ᠨᠢᠭᠡ ᠪᠦᠷᠢ ᠡᠳᠦᠷ ᠪᠦᠷᠢ 500 | ᠰᠠᠶᠢᠰᠢᠶᠠᠯ ᠤᠨ ᠡᠭᠦᠷᠭᠡ ᠶᠢ ᠪᠡᠶᠡᠯᠡᠭᠦᠯᠬᠦ ᠬᠡᠷᠡᠭᠲᠡᠢ ᠭᠡᠵᠦ ᠳᠤᠷᠠᠳᠴᠠᠢ᠃ ᠵᠠᠷᠢᠮ ᠰᠤᠷᠭᠠᠭᠤᠯᠢ ᠪᠠ ᠡᠮᠨᠡᠯᠭᠡ ᠶᠢᠨ | ᠬᠤᠷᠢᠶ᠎ᠠ ᠲᠣᠰ ᠲᠣᠰ ᠪᠠᠭᠰᠢ᠂ ᠰᠣᠷᠣᠬᠴᠢ᠂ ᠭᠡᠷ ᠤᠨ ᠠᠬᠠᠮᠠᠳ ᠪᠠ ᠡᠮᠴᠢ᠂ ᠰᠤᠪᠢᠯᠠᠭᠴᠢ ᠪᠦᠭᠦᠨ ᠢ | ᠣᠷᠣᠯᠴᠠᠭᠤᠯᠬᠤ ᠪᠠᠷ ᠱᠠᠭᠠᠷᠳᠠᠵᠤ᠂ ᠠᠩᠭᠢ ᠶᠢᠨ ᠡᠷᠭᠢᠯᠡᠭᠴᠢ ᠠᠴᠠ ᠪᠦᠭᠦ ᠠᠩᠭᠢ ᠶᠢᠨ︽ᠰᠠᠶᠢᠰᠢᠶᠠᠯ︾ ᠤᠨ | ᠦᠨᠡᠮᠯᠡᠯ ᠤᠨ ᠭᠡᠷᠡᠯ ᠵᠢᠷᠤᠭ ᠢ ᠨᠡᠶᠢᠯᠡᠭᠦᠯᠦᠨ ᠪᠠᠭᠴᠠᠯᠠᠵᠤ ᠳᠠᠮᠵᠢᠭᠤᠯᠪᠠ᠃ ᠡᠨᠡ ᠬᠦ ᠡᠭᠦᠷᠭᠡ ᠶᠢ ᠲᠡᠰᠬᠡᠨ | ᠳᠠᠭᠠᠭᠠᠯᠭᠠᠬᠤ ᠠᠷᠭ᠎ᠠ ᠨᠢ ᠦᠨᠳᠦᠰᠦᠨ ᠱᠠᠲᠤᠨ ᠤ ᠺᠠᠳ᠋ᠷ ᠤᠯᠠᠨ ᠲᠦᠮᠡᠨ ᠤ ᠳᠤᠷ᠎ᠠ ᠦᠭᠡᠶᠢᠴᠡᠯ ᠢ ᠬᠦᠷᠭᠡᠵᠡᠢ᠃ | ᠳᠡᠭᠡᠷᠡᠬᠢ ᠨᠡᠶᠢᠲᠡᠯᠢᠭ ᠠᠰᠠᠭᠤᠳᠠᠯ ᠨᠢ ᠵᠠᠷᠢᠮ ᠭᠠᠵᠠᠷ ᠣᠷᠣᠨ ᠳᠤ ᠮᠥᠨ ᠯᠡ ᠪᠣᠳᠠᠲᠤ ᠪᠠᠶᠢᠳᠠᠯ ᠲᠠᠢ | ᠨᠡᠶᠢᠴᠡᠬᠦ ᠦᠭᠡᠢ ᠰᠣᠬᠤᠷ ᠪᠠᠯᠠᠢ ᠪᠠᠷ ᠵᠢᠭᠠᠯᠲᠠ ᠲᠤᠭ᠎ᠠ ᠪᠠᠭᠤᠯᠭᠠᠵᠤ᠂ ᠡᠭᠦᠷᠭᠡ ᠲᠣᠭᠲᠠᠭᠠᠨ᠂ ᠱᠠᠲᠤ ᠱᠠᠲᠤ ᠪᠠᠷ | ᠡᠭᠦᠷᠭᠡ ᠨᠡᠮᠡᠵᠦ ᠦᠨᠳᠦᠰᠦᠨ ᠱᠠᠲᠤᠨ ᠤ ᠲᠤᠭ᠎ᠠ ᠪᠠᠷᠢᠮᠲᠠ ᠶᠢ ᠬᠠᠭᠤᠷᠮᠠᠭ ᠢᠶᠠᠷ ᠵᠣᠬᠢᠶᠠᠬᠤ ᠶᠢ ᠭᠡᠳᠡᠷᠭᠦ | ᠰᠢᠬᠠᠮᠳᠠᠭᠤᠯᠵᠤ ᠪᠠᠶᠢᠬᠤ;ᠠᠵᠢᠯ ᠳᠠᠭᠠᠨ︽ᠨᠢᠭᠤᠷ ᠲᠠᠯ᠎ᠠ︾ ᠪᠠᠨ ᠪᠤᠳᠣᠵᠤ ᠪᠣᠳᠠᠲᠤ ᠪᠠᠶᠢᠳᠠᠯ ᠢᠶᠠᠨ ᠬᠠᠮᠢᠶᠠᠷᠬᠤ | ᠦᠭᠡᠢ᠂ ᠭᠡᠯᠪᠡᠷᠢ ᠶᠢ ᠴᠢᠬᠤᠯᠠᠴᠢᠯᠠᠵᠤ ᠪᠣᠳᠠᠲᠤ ᠦᠷ᠎ᠡ ᠪᠦᠲᠦᠮᠵᠢ ᠶᠢ ᠭᠦᠩᠭᠡᠪᠴᠢᠯᠡᠭᠦ; ᠳᠥᠭᠦᠮᠬᠡᠨ ᠢᠶᠠᠷ ᠵᠠᠰᠠᠭ | ᠵᠠᠬᠢᠷᠭᠠᠨ ᠤ ᠵᠠᠷᠯᠢᠭ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠢᠯ ᠤᠨ ᠡᠭᠦᠷᠭᠡ ᠶᠢ ᠠᠯᠪᠠᠲᠠᠨ ᠠᠬᠢᠭᠤᠯᠬᠤ ᠵᠡᠷᠭᠡ | ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠵᠦ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠬᠢᠨ ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ ᠲᠤᠬᠠᠢ | ᠴᠢᠬᠤᠯᠠ ᠶᠠᠷᠢᠶ᠎ᠠ ᠪᠣᠯᠣᠨ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠦᠵᠡᠯ | ᠰᠠᠨᠠᠭ᠎ᠠ ᠲᠠᠨᠢᠯᠲᠠ ᠪᠠᠨ ᠴᠢᠨᠠᠭᠰᠢᠳᠠ ᠴᠢᠩᠭᠠᠳᠬᠠᠵᠤ᠂ ᠵᠠᠷᠯᠠᠨ ᠮᠡᠳᠡᠭᠳᠡᠭᠰᠡᠨ ᠨᠡᠶᠢᠲᠡᠯᠢᠭ ᠠᠰᠠᠭᠤᠳᠠᠯ ᠲᠠᠢ | ᠬᠠᠷᠭᠤᠭᠤᠯᠤᠨ᠂ ᠥᠪᠡᠷ ᠤᠨ ᠪᠠᠶᠢᠳᠠᠯ ᠲᠠᠢ ᠪᠠᠨ ᠲᠣᠬᠢᠷᠠᠭᠤᠯᠤᠨ᠂ ᠥᠪᠡᠷ ᠤᠨ ᠪᠡᠶ᠎ᠡ ᠪᠠᠨ ᠡᠷᠭᠢᠴᠡᠭᠦᠯᠦᠨ ᠲᠤᠩᠭᠠᠵᠤ᠂ | ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠠᠴᠠ ᠪᠤᠢ ᠪᠣᠯᠤᠭᠰᠠᠨ ᠦᠵᠡᠯ ᠰᠠᠨᠠᠭᠠᠨ ᠤ ᠦᠨᠳᠦᠰᠦ | ᠰᠤᠷᠪᠤᠯᠵᠢ ᠶᠢ ᠭᠦᠨᠵᠡᠭᠡᠢ ᠵᠠᠳᠠᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠷᠬᠠᠭ ᠭᠡᠮ ᠢ ᠦᠷᠭᠦᠯᠵᠢᠯᠡᠨ | ᠬᠦᠴᠦᠯᠡᠨ ᠵᠠᠯᠠᠷᠠᠭᠤᠯᠵᠤ᠂ ᠺᠠᠳ᠋ᠷ ᠢ ᠬᠥᠲᠥᠯᠥᠨ ᠵᠢᠯᠤᠭᠤᠳᠴᠤ ᠵᠥᠪ ᠠᠵᠢᠯ ᠤᠨ ᠠᠮᠵᠢᠯᠲᠠ ᠪᠦᠲᠦᠮᠵᠢ ᠶᠢᠨ | ᠦᠵᠡᠯᠲᠡ ᠶᠢ ᠪᠤᠢ ᠪᠤᠯᠭᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠨᠡᠩ ᠰᠠᠶᠢᠲᠤᠷ | ᠵᠣᠷᠢᠭᠵᠢᠭᠤᠯᠬᠤ ᠬᠡᠷᠡᠭᠲᠡᠢ᠃ | | | |