ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ᠂ ᠪᠠᠶᠢᠭᠤᠯᠭ᠎ᠠ ᠵᠢᠴᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠤᠨ ᠢᠳᠡᠭᠡᠨ ᠢ ᠲᠦᠷᠭᠡᠨ ᠪᠠᠶᠢᠴᠠᠭᠠᠬᠤ ᠪᠠ ᠲᠠᠷᠢᠶᠠᠯᠠᠩ ᠤᠨ ᠬᠡᠷᠡᠭᠰᠡᠯ ᠤᠨ ᠪᠦᠲᠦᠭᠡᠭᠳᠡᠬᠦᠨ ᠢ ᠰᠤᠭᠤᠴᠢᠨ ᠪᠠᠶᠢᠴᠠᠭᠠᠬᠤ ᠲᠤᠰᠬᠠᠢ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/12
     ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 10 ᠤ ᠡᠳᠦᠷ᠂ ᠮᠠᠨ ᠤ ᠲᠣᠪᠴᠢᠶ᠎ᠠ ᠰᠢᠶᠠᠨ ᠤ ᠳᠣᠲᠣᠷᠠᠬᠢ ᠣᠯᠠᠨ ᠰᠤᠷᠭᠠᠭᠤᠯᠢ᠂ ᠪᠠᠶᠢᠭᠤᠯᠭ᠎ᠠ ᠵᠢᠴᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠤᠭᠤᠯᠠᠨ ᠭᠡᠷ ᠲᠤ ᠢᠳᠡᠭᠡᠨ ᠤ ᠲᠦᠷᠭᠡᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠦᠭᠰᠡᠨ ᠪᠥᠭᠡᠳ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠲᠠᠢ ᠬᠠᠮᠵᠢᠯᠴᠠᠨ ᠰᠢᠶᠠᠨ ᠤ ᠳᠣᠲᠣᠷᠠᠬᠢ ᠡᠵᠡᠩᠨᠡᠵᠦ ᠪᠠᠶᠢᠭ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠳᠤ ᠰᠤᠭᠤᠴᠢᠨ ᠪᠠᠶᠢᠴᠠᠭᠠᠯᠲᠠ ᠬᠢᠵᠡᠢ᠃ ᠲᠣᠰ ᠤᠳᠠᠭᠠᠨ ᠤ ᠠᠵᠢᠯᠯᠠᠭ᠎ᠠ ᠳᠤ᠂ ᠦᠴᠦᠸᠠᠨ ᠰᠢᠶᠠᠨ ᠤ ᠠᠷᠠᠳ ᠤᠨ ᠰᠢᠭᠦᠬᠦ ᠬᠤᠷᠢᠶᠠᠨ ᠤ ᠪᠠᠶᠢᠭᠤᠯᠭ᠎ᠠ ᠶᠢᠨ ᠬᠤᠭᠤᠯᠠᠨ ᠭᠡᠷ᠂ ᠦᠴᠦᠸᠠᠨ ᠰᠢᠶᠠᠨ ᠤ ᠭᠤᠸᠠᠩ ᠷᠦᠩ ᠶᠤᠸᠠᠨ ᠬᠤᠭᠤᠯᠠᠨ ᠭᠡᠷ᠂ ᠦᠴᠦᠸᠠᠨ ᠰᠢᠶᠠᠨ ᠤ ᠳᠥᠷᠪᠡᠳᠦᠭᠡᠷ ᠬᠡᠦᠬᠡᠳ ᠤᠨ ᠴᠡᠴᠡᠷᠯᠢᠭ ᠤᠨ ᠬᠤᠭᠤᠯᠠᠨ ᠭᠡᠷ ᠲᠤ ᠢᠳᠡᠭᠡᠨ ᠤ ᠲᠦᠷᠭᠡᠨ ᠪᠠᠶᠢᠴᠠᠭᠠᠯᠲᠠ ᠬᠢᠵᠦ᠂ ᠦᠴᠦᠸᠠᠨ ᠰᠢᠶᠠᠨ ᠤ ᠷᠦᠨ ᠾᠧ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠪᠧᠢ ᠢᠦᠢ ᠳᠠᠬᠢᠯᠲᠠ ᠡᠬᠢ ᠪᠠᠶᠠᠯᠢᠭ ᠤᠨ ᠬᠢᠵᠠᠭᠠᠷᠲᠤ ᠺᠣᠮᠫᠠᠨᠢ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠳᠤ ᠰᠢᠯᠭᠠᠨ ᠪᠠᠶᠢᠴᠠᠭᠠᠯᠲᠠ ᠬᠢᠵᠡᠢ᠃
     ᠲᠣᠰ ᠤᠳᠠᠭᠠᠨ ᠤ ᠢᠳᠡᠭᠡᠨ ᠤ ᠵᠦᠢᠯ ᠤᠨ ᠲᠦᠷᠭᠡᠨ ᠪᠠᠶᠢᠴᠠᠭᠠᠯᠲᠠ ᠳᠤ ᠲᠤᠬᠠᠢ ᠶᠢᠨ ᠲᠠᠯᠠᠪᠤᠷ ᠲᠤ ᠥᠯᠢᠭᠡᠷ ᠠᠪᠬᠤ᠂ ᠲᠤᠬᠠᠢ ᠶᠢᠨ ᠲᠠᠯᠠᠪᠤᠷ ᠲᠤ ᠪᠠᠶᠢᠴᠠᠭᠠᠨ ᠰᠢᠯᠭᠠᠬᠤ ᠠᠷᠭ᠎ᠠ ᠮᠠᠶ᠋ᠢᠭ ᠢ ᠠᠪᠴᠤ᠂ ᠬᠤᠭᠤᠯᠠᠨ ᠭᠡᠷ ᠤᠨ ᠬᠡᠷᠡᠭᠯᠡᠵᠦ ᠪᠠᠶᠢᠭ᠎ᠠ ᠥᠷᠭᠡᠰᠦᠲᠦ ᠬᠡᠮᠬᠡ ᠵᠡᠷᠭᠡ ᠢᠳᠡᠰᠢᠨ ᠨᠣᠭᠤᠭ᠎ᠠ᠂ ᠠᠯᠮᠤᠷᠠᠳ ᠵᠡᠷᠭᠡ ᠵᠢᠮᠢᠰ ᠤᠨ ᠳᠣᠲᠣᠷ᠎ᠠ ᠬᠤᠣᠷᠲᠤ ᠱᠠᠯᠵᠠ᠂ ᠳ᠋ᠦᠥᠸ᠋ ᠮᠥᠭᠦ ᠶᠢᠨ ᠶᠡᠷᠦᠨᠳᠡᠭ᠂ ᠪᠠᠢ ᠮᠥᠭᠦ ᠶᠢᠨ ᠶᠡᠷᠦᠨᠳᠡᠭ ᠵᠡᠷᠭᠡ ᠲᠠᠷᠢᠶᠠᠨ ᠡᠮ ᠤᠨ ᠦᠯᠡᠳᠡᠭᠳᠡᠯ ᠪᠠᠶᠢᠬᠤ ᠡᠰᠡᠬᠦ ᠵᠡᠷᠭᠡ ᠠᠰᠠᠭᠤᠳᠠᠯ ᠳᠤ ᠴᠢᠭᠯᠡᠭᠦᠯᠦᠨ ᠪᠠᠶᠢᠴᠠᠭᠠᠨ ᠰᠢᠯᠭᠠᠵᠤ᠂ ᠢᠳᠡᠭᠡᠨ ᠤ ᠵᠦᠢᠯ ᠤᠨ ᠲᠦᠷᠭᠡᠨ ᠪᠠᠶᠢᠴᠠᠭᠠᠯᠲᠠ ᠶᠢ ᠨᠡᠶᠢᠲᠡ 23 ᠪᠦᠯᠦᠭ ᠤᠳᠠᠭ᠎ᠠ ᠪᠡᠶᠡᠯᠡᠭᠦᠯᠵᠦ᠂ ᠬᠢᠷᠢ ᠲᠡᠩᠴᠡᠭᠰᠡᠨ ᠨᠣᠷᠮ᠎ᠠ ᠨᠢ 100% ᠪᠣᠯᠣᠨ᠎ᠠ᠃ ᠡᠭᠦᠨ ᠤ ᠬᠠᠮᠲᠤ᠂ ᠮᠠᠨ ᠤ ᠲᠣᠪᠴᠢᠶ᠎ᠠ ᠶᠢᠨ ᠬᠢᠨᠠᠨ ᠬᠠᠮᠢᠶᠠᠷᠬᠤ ᠠᠵᠢᠯᠲᠠᠨ ᠬᠤᠭᠤᠯᠠᠨ ᠭᠡᠷ ᠤᠨ ᠠᠵᠢᠯᠯᠠᠵᠤ ᠪᠠᠶᠢᠭ᠎ᠠ ᠬᠥᠮᠥᠰ ᠤᠨ ᠡᠷᠡᠭᠦᠯ ᠮᠡᠨᠳᠦ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ᠂ ᠬᠤᠭᠤᠯᠠᠨ ᠤ ᠰᠠᠪᠠ ᠬᠡᠷᠡᠭᠰᠡᠯ ᠢ ᠠᠷᠢᠭᠤᠳᠬᠠᠬᠤ ᠵᠡᠷᠭᠡ ᠢᠳᠡᠭᠡᠨ ᠤ ᠠᠮᠤᠷ ᠲᠦᠪᠰᠢᠨ ᠤ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠯᠲᠠ ᠬᠢᠵᠦ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠣᠷᠣᠰᠢᠵᠤ ᠮᠡᠳᠡᠬᠦ ᠭᠤᠣᠯᠳᠠᠯᠭ᠎ᠠ ᠲᠠᠢ ᠲᠠᠯ᠎ᠠ ᠶᠢ ᠰᠢᠪᠠᠳᠠᠨ ᠰᠠᠨᠠᠭᠤᠯᠪᠠ᠃
     ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠢ ᠰᠣᠩᠭᠤᠨ ᠪᠠᠶᠢᠴᠠᠭᠠᠬᠤ ᠠᠵᠢᠯᠯᠠᠭ᠎ᠠ ᠳᠤᠮᠳᠠ᠂ ᠮᠠᠨ ᠤ ᠲᠣᠪᠴᠢᠶ᠎ᠠ ︽ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠢᠴᠢ ᠦᠢᠯᠡᠳᠬᠦᠨ ᠢ ᠰᠤᠭᠤᠴᠢᠨ ᠪᠠᠶᠢᠴᠠᠭᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠷᠪᠠᠳᠠᠭᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠲᠠᠢ ᠬᠠᠮᠵᠢᠯᠴᠠᠨ ᠳᠤᠰᠤᠯᠭᠠᠨ ᠤᠰᠤᠯᠠᠬᠤ ᠪᠦᠰᠡ᠂ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ᠂ ᠬᠢᠮᠢ ᠶᠢᠨ ᠪᠣᠷᠳᠣᠭᠤᠷ ᠵᠡᠷᠭᠡ ᠳᠤ ᠬᠢᠨᠠᠯᠲᠠ ᠲᠠᠯᠪᠢᠨ ᠰᠤᠭᠤᠴᠢᠨ ᠪᠠᠶᠢᠴᠠᠭᠠᠯᠲᠠ ᠬᠢᠵᠦ᠂ ᠡᠭᠦᠨ ᠤ ᠬᠠᠮᠲᠤ ᠡᠵᠡᠩᠨᠡᠭᠴᠢᠳ ᠲᠤ ᠪᠠᠶᠢᠴᠠᠭᠠᠯᠲᠠ ᠬᠢᠵᠡᠢ᠂ ᠨᠢᠭᠡ ᠳᠤ ᠡᠵᠡᠩᠨᠡᠭᠴᠢᠳ ᠢ ᠰᠢᠪᠠᠳᠠᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠠᠷᠠᠭ᠎ᠠ ᠣᠷᠣᠭᠤᠯᠬᠤ ᠡᠬᠡ ᠳᠠᠩᠰᠠ ᠪᠣᠯᠣᠨ ᠪᠣᠷᠤᠯᠠᠭᠤᠯᠭ᠎ᠠ ᠶᠢᠨ ᠡᠬᠡ ᠳᠠᠩᠰᠠ ᠶᠢ ᠵᠢᠷᠤᠮᠵᠢᠭᠤᠯᠤᠨ ᠪᠠᠶᠢᠭᠤᠯᠪᠠ᠂ ᠬᠤᠶᠠᠷ ᠲᠤ ᠤᠯᠤᠰ ᠤᠨ ᠪᠠᠷᠢᠮᠵᠢᠶ᠎ᠠ ᠳᠤ ᠨᠡᠶᠢᠴᠡᠬᠦ ᠦᠭᠡᠢ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠶᠢ ᠪᠣᠷᠣᠯᠠᠭᠤᠯᠤᠭᠰᠠᠨ ᠡᠰᠡᠬᠦ  ᠶᠢ ᠪᠠᠶᠢᠴᠠᠭᠠᠪᠠ᠂ ᠭᠤᠷᠪᠠ ᠳᠤ ᠪᠣᠷᠳᠣᠭᠤᠷ ᠤᠨ ᠦᠢᠯᠡᠳᠬᠦᠨ ᠤ ᠱᠣᠰᠢᠭ᠎ᠠ ᠲᠡᠮᠳᠡᠭ ᠨᠢ ᠵᠢᠷᠤᠮᠵᠢᠭᠤᠨ ᠪᠠᠶᠢᠬᠤ ᠡᠰᠡᠬᠦ᠂ ᠦᠢᠯᠡᠳᠬᠦᠨ ᠤ ᠬᠢᠷᠢ ᠲᠡᠩᠴᠡᠭᠰᠡᠨ ᠢ ᠰᠢᠯᠭᠠᠨ ᠪᠠᠶᠢᠴᠠᠭᠠᠭᠰᠠᠨ ᠮᠡᠳᠡᠭᠦᠯᠦᠯᠲᠡ ᠪᠠᠶᠢᠬᠤ ᠡᠰᠡᠬᠦ ᠶᠢ  ᠪᠠᠶᠢᠴᠠᠭᠠᠪᠠ᠃ ᠲᠣᠰ ᠤᠳᠠᠭᠠᠨ ᠤ ᠠᠵᠢᠯᠯᠠᠭ᠎ᠠ ᠳᠤ ᠬᠢᠮᠢ ᠶᠢᠨ ᠪᠣᠷᠳᠣᠭᠤᠷ 9 ᠪᠦᠯᠦᠭ ᠤᠳᠠᠭ᠎ᠠ᠂ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ 3 ᠪᠦᠯᠦᠭ ᠤᠳᠠᠭ᠎ᠠ᠂ ᠳᠤᠰᠤᠯᠭᠠᠨ ᠤᠰᠤᠯᠠᠬᠤ ᠪᠦᠰᠡ 1 ᠪᠦᠯᠦᠭ ᠤᠳᠠᠭ᠎ᠠ ᠨᠡᠶᠢᠲᠡ 13 ᠪᠦᠯᠦᠭ ᠤᠳᠠᠭ᠎ᠠ ᠶᠢᠨ ᠪᠦᠲᠦᠭᠡᠭᠳᠡᠬᠦᠨ ᠢ ᠰᠤᠭᠤᠴᠢᠨ ᠪᠠᠶᠢᠴᠠᠭᠠᠪᠠ᠃
     ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠢᠳᠡᠭᠡᠨ ᠤ ᠲᠦᠷᠭᠡᠨ ᠪᠠᠶᠢᠴᠠᠭᠠᠯᠲᠠ ᠶᠢᠨ ᠮᠡᠷᠭᠡᠵᠢᠯ ᠤᠨ ᠲᠤᠯᠭᠠᠭᠤᠷᠢᠯᠠᠯ ᠤᠨ ᠦᠢᠯᠡᠳᠦᠯ ᠢ ᠦᠨᠡᠨᠬᠦ ᠪᠠᠳᠠᠷᠠᠭᠤᠯᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠴᠠᠭ ᠲᠤᠬᠠᠢ ᠳᠤᠨᠢ ᠵᠢᠭᠰᠠᠭᠠᠨ ᠪᠠᠶᠢᠴᠠᠭᠠᠵᠤ ᠠᠷᠢᠯᠭᠠᠬᠤ ᠶᠢᠨ ᠬᠠᠮᠲᠤ ᠰᠦᠯᠢᠶᠥᠦ ᠪᠦᠷᠬᠦᠪᠴᠢ᠂ ᠳᠤᠰᠤᠯᠭᠠᠨ ᠤᠰᠤᠯᠠᠬᠤ ᠪᠦᠰᠡ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠢ ᠲᠤᠰᠬᠠᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠳᠠᠮᠵᠢᠭᠤᠯᠤᠨ ᠪᠣᠷᠣᠯᠠᠭᠤᠯᠤᠭᠰᠠᠨ ᠪᠠᠷᠢᠮᠵᠢᠶ᠎ᠠ ᠳᠤ ᠨᠡᠶᠢᠴᠡᠬᠦ ᠦᠭᠡᠢ᠂ ᠬᠤᠳᠠᠯ ᠬᠠᠭᠤᠷᠮᠠᠭ ᠲᠡᠮᠳᠡᠭ ᠵᠢᠴᠢ ᠦᠨᠡᠮᠯᠡᠯ ᠦᠭᠡᠢ ᠪᠠᠷ ᠦᠢᠯᠡᠳᠪᠦᠷᠢᠯᠡᠭᠰᠡᠨ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ᠂ ᠲᠠᠷᠢᠶᠠᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠵᠤ᠂ ᠮᠠᠨ ᠤ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号