ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ︽ᠦᠨᠡᠨᠴᠢ ᠢᠲᠡᠭᠡᠮᠵᠢ + ᠬᠠᠤᠯᠢ ᠴᠠᠭᠠᠵᠠ ᠶᠢᠨ ᠦᠢᠯᠡᠴᠢᠯᠡᠭᠡ︾ ᠶᠢ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/12
     ᠦᠴᠦᠸᠠᠨ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠠᠶᠢᠳᠠᠪᠤᠷᠢᠵᠢᠭᠤᠯᠬᠤ ᠶᠢ ᠤᠯᠠᠮ ᠨᠢᠭᠡ ᠠᠯᠬᠤᠮ ᠠᠬᠢᠭᠤᠯᠵᠤ᠂ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠳᠡᠰ ᠳᠡᠪᠰᠢᠬᠦ ᠶᠢ ᠬᠦᠴᠦᠲᠡᠢ ᠳᠠᠮᠵᠢᠵᠤ᠂ ᠪᠦᠬᠦ ᠨᠡᠶᠢᠭᠡᠮ ᠤᠨ ᠦᠨᠡᠨᠴᠢ ᠢᠲᠡᠭᠡᠮᠵᠢ ᠶᠢᠨ ᠤᠬᠠᠮᠰᠠᠷ ᠢ ᠴᠢᠩᠭᠠᠳᠬᠠᠵᠤ᠂ ᠠᠷᠠᠳ ᠤᠯᠠᠨ ᠳᠤ ᠨᠡᠩ ᠳᠥᠭᠦᠮ ᠳᠥᠲᠡ ᠥᠨᠳᠥᠷ ᠪᠦᠲᠦᠮᠵᠢᠲᠡᠢ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠦᠨᠡᠨᠴᠢ ᠢᠲᠡᠭᠡᠮᠵᠢᠲᠡᠢ᠂ ᠡᠶ᠎ᠡ ᠵᠣᠬᠢᠴᠠᠩᠭᠤᠢ᠂ ᠪᠣᠯᠪᠠᠰᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ 4 ᠰᠠᠷ᠎ᠠ ᠶᠢᠨ 9 ᠤ ᠡᠳᠦᠷ᠂ ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠶᠠᠮᠤᠨ ᠤ ︽1+1︾ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢᠴᠢ ᠰᠢᠦᠢ ᠵᠤᠸᠠᠩ ᠸᠧᠢ ᠨᠠᠷ ᠦᠴᠦᠸᠠᠨ ᠰᠢᠶᠠᠨ ᠤ ᠾᠦᠢ ᠽᠧ ᠶᠤᠸᠠᠨ ᠢᠳᠡᠭᠡᠨ ᠤ ᠬᠢᠵᠠᠭᠠᠷᠲᠤ ᠺᠣᠮᠫᠠᠨᠢ ᠳᠤ ᠬᠦᠷᠴᠦ᠂ ︽ᠦᠨᠡᠨᠴᠢ ᠢᠲᠡᠭᠡᠮᠵᠢ + ᠬᠠᠤᠯᠢ ᠴᠠᠭᠠᠵᠠ ᠶᠢᠨ ᠦᠢᠯᠡᠴᠢᠯᠡᠭᠡ︾ ᠶᠢᠨ ᠠᠵᠢᠯᠯᠠᠭ᠎ᠠ ᠥᠷᠨᠢᠭᠦᠯᠪᠡ᠃      ᠰᠤᠷᠪᠤᠯᠵᠢᠯᠠᠬᠤ ᠶᠠᠪᠤᠴᠠ ᠳᠤ᠂ ᠰᠢᠦᠢ ᠵᠤᠸᠠᠩ ᠸᠧᠢ ᠬᠠᠤᠯᠢᠴᠢ ᠨᠠᠷ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠤᠨ ᠲᠤᠬᠠᠢ ᠬᠠᠤᠯᠢ ᠴᠠᠭᠠᠵᠠ ᠶᠢᠨ ᠪᠡᠶ᠎ᠡ ᠶᠢᠨ ᠪᠠᠶᠢᠴᠠᠭᠠᠯᠲᠠ ᠬᠢᠭᠰᠡᠨ ᠪᠥᠭᠡᠳ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢ ᠪᠠᠶᠢᠴᠠᠭᠠᠪᠠ᠃ ᠭᠤᠣᠯᠳᠠᠯᠭ᠎ᠠ ᠲᠠᠢ ᠪᠠᠷ ᠠᠵᠤ ᠠᠬᠤᠶᠢᠯᠠᠯ ᠤᠨ ᠭᠡᠷ᠎ᠡ ᠶᠢᠨ ᠵᠢᠭᠤᠷᠠᠯᠳᠤᠭᠠᠨ᠂ ᠬᠥᠳᠡᠯᠮᠦᠷᠢ ᠶᠢᠨ ᠮᠠᠷᠭᠤᠯᠳᠤᠭᠠᠨ ᠤ ᠵᠢᠭᠤᠷᠠᠯᠳᠤᠭᠠᠨ ᠵᠢᠴᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ ᠶᠢᠨ ᠲᠤᠬᠠᠢ ᠵᠢᠭᠠᠨ ᠵᠢᠯᠤᠭᠤᠳᠴᠤ ᠰᠣᠯᠢᠯᠴᠠᠭᠰᠠᠨ ᠪᠥᠭᠡᠳ ᠬᠠᠤᠯᠢ ᠴᠠᠭᠠᠵᠠ ᠶᠢᠨ ᠰᠠᠨᠠᠭᠤᠯᠭ᠎ᠠ ᠪᠠ ᠰᠢᠢᠳᠪᠦᠷᠢᠯᠡᠬᠦ ᠰᠡᠳᠬᠢᠮᠵᠢ ᠣᠯᠭᠤᠪᠠ᠃ ᠡᠭᠦᠨ ᠤ ᠬᠠᠮᠲᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠦᠨᠡᠨᠴᠢ ᠢᠲᠡᠭᠡᠮᠵᠢᠲᠡᠢ ᠪᠠᠷ ᠬᠤᠳᠠᠯᠳᠤᠭᠠᠨ ᠤ ᠦᠢᠯᠡᠰ ᠢ ᠬᠥᠭᠵᠢᠭᠦᠯᠬᠦ ᠣᠨᠣᠯᠵᠢᠬᠤᠨ ᠢ ᠪᠣᠶ ᠪᠣᠯᠭᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠷᠭ᠎ᠠ ᠵᠠᠮ ᠢᠶᠠᠷ ᠳᠠᠮᠵᠢᠭᠤᠯᠤᠨ ᠬᠠᠤᠯᠢ ᠶᠣᠰᠣᠭᠠᠷ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠶᠢ ᠵᠣᠷᠢᠭᠵᠢᠭᠤᠯᠤᠨ᠂ ᠲᠡᠳᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠠᠵᠢᠯ ᠲᠥᠷᠥᠯ ᠤᠨ ᠵᠢᠷᠤᠮᠵᠢᠯ ᠢ ᠬᠢᠴᠢᠶᠡᠩᠭᠦᠶᠢᠯᠡᠨ ᠰᠠᠬᠢᠵᠤ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ ᠵᠢᠱᠢᠶ᠎ᠡ ᠦᠵᠡᠭᠦᠯᠬᠦ ᠠᠵᠤ ᠠᠬᠤᠶᠢᠯᠠᠯ ᠪᠣᠯᠬᠤ ᠪᠠᠷ ᠴᠢᠷᠮᠠᠶᠢᠬᠤ ᠶᠢ ᠰᠠᠨᠠᠭᠠᠴᠢᠯᠠᠪᠠ᠃      ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ︽ᠦᠨᠡᠨᠴᠢ ᠢᠲᠡᠭᠡᠮᠵᠢ + ᠬᠠᠤᠯᠢ ᠴᠠᠭᠠᠵᠠ ᠶᠢᠨ ᠦᠢᠯᠡᠴᠢᠯᠡᠭᠡ︾ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠳᠤ ᠣᠷᠣᠬᠤ᠂ ᠪᠠᠶᠢᠭᠤᠯᠤᠯᠭ᠎ᠠ ᠳᠤ ᠣᠷᠣᠬᠤ᠂ ᠠᠵᠤ ᠠᠬᠤᠶᠢᠯᠠᠯ ᠳᠤ ᠣᠷᠣᠬᠤ᠂ ᠨᠡᠶᠢᠭᠡᠮ ᠲᠣᠭᠤᠷᠢᠭ ᠲᠤ ᠣᠷᠣᠬᠤ᠂ ᠬᠥᠳᠡᠭᠡ ᠲᠣᠰᠬᠤᠨ ᠳᠤ ᠣᠷᠣᠬᠤ ᠵᠡᠷᠭᠡ ᠠᠵᠢᠯᠯᠠᠭ᠎ᠠ ᠪᠠᠷ ᠳᠠᠮᠵᠢᠭᠤᠯᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠨ᠂ ᠤᠬᠠᠭᠤᠯᠭ᠎ᠠ ᠶᠢᠨ ᠬᠡᠯᠪᠡᠷᠢ ᠶᠢ ᠪᠠᠶᠠᠯᠢᠭᠵᠢᠭᠤᠯᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ ᠭᠦᠢᠴᠡᠳ ᠠᠰᠢᠭᠯᠠᠨ᠂ ᠦᠨᠡᠨᠴᠢ ᠢᠲᠡᠭᠡᠮᠵᠢ ᠶᠢᠨ ᠣᠨᠣᠯᠵᠢᠬᠤᠨ ᠢ ᠶᠡᠬᠡᠪᠡᠷ ᠪᠠᠳᠠᠷᠠᠭᠤᠯᠵᠤ᠂ ᠡᠯ᠎ᠡ ᠠᠵᠢᠯ ᠲᠥᠷᠥᠯ ᠤᠨ ᠬᠢᠨ ᠤ ᠬᠠᠤᠯᠢ ᠶᠢ ᠰᠤᠷᠤᠯᠴᠠᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠶᠢ ᠠᠬᠢᠭᠤᠯᠤᠨ᠂ ᠪᠥᠬᠦ ᠨᠡᠶᠢᠭᠡᠮ ᠢᠶᠠᠷ ᠢᠶᠠᠨ ᠬᠠᠮᠲᠤᠪᠠᠷ ᠠᠩᠬᠠᠷᠬᠤ ᠳᠡᠮᠵᠢᠬᠦ ᠣᠷᠣᠯᠴᠠᠬᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ᠂ ᠡᠭᠦᠨ ᠤ ᠤᠯᠠᠮ ᠢᠶᠠᠷ ᠦᠨᠡᠨᠴᠢ ᠢᠲᠡᠭᠡᠮᠵᠢ ᠶᠢᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号