ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/4/12
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ︾ ᠢ ᠶᠡᠬᠡᠪᠡᠷ ᠬᠡᠷᠡᠭᠵᠢᠭᠦᠯᠬᠦ ᠶᠢᠨ ᠲᠥᠯᠥᠭᠡ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠣᠩᠬᠤᠪᠴᠢ ᠨᠡᠪᠲᠡᠷᠡᠬᠦ ᠵᠠᠮ ᠢ ᠭᠠᠷᠭᠠᠵᠤ᠂ ᠦᠢᠯᠡᠴᠢᠯᠡᠭᠡᠨ ᠤ ᠵᠠᠭᠪᠤᠷ ᠢ ᠤᠯᠠᠮ ᠨᠢᠭᠡ ᠠᠯᠬᠤᠮ ᠲᠠᠰ ᠳᠡᠪᠰᠢᠭᠦᠯᠵᠦ᠂ ᠬᠢᠨᠠᠨ ᠵᠥᠪᠰᠢᠶᠡᠷᠡᠬᠦ ᠪᠠᠷ ᠬᠠᠮᠤᠭ ᠤᠨ ᠴᠥᠭᠡᠨ᠂ ᠴᠤᠪᠤᠷᠠᠯ ᠢᠶᠠᠷ ᠬᠠᠮᠤᠭ ᠤᠨ ᠲᠥᠬᠦᠮ᠂ ᠦᠷ᠎ᠡ ᠪᠦᠲᠦᠮᠵᠢ ᠪᠠᠷ ᠬᠠᠮᠤᠭ ᠤᠨ ᠰᠢᠯᠢᠳᠡᠭ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠪᠠ᠃      ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠰᠢᠯᠢᠳᠡᠭᠵᠢᠭᠦᠯᠬᠦ ᠶᠠᠪᠤᠴᠠ ᠳᠠᠬᠢ ᠡᠯ᠎ᠡ ᠲᠥᠷᠥᠯ ᠤᠨ ︽ᠡᠪᠡᠷᠰᠢᠶᠡᠯ ᠲᠠᠢ︾ ︽ᠲᠦᠭᠵᠢᠷᠡᠯ ᠲᠠᠢ︾ ︽ᠬᠦᠴᠢᠷᠳᠡᠯᠲᠡᠢ︾ ᠠᠰᠠᠭᠤᠳᠠᠯ ᠢ ᠦᠨᠡᠨᠬᠦ ᠰᠢᠢᠳᠪᠦᠷᠢᠯᠡᠵᠦ᠂ ︽ᠵᠠᠰᠠᠭ ᠤᠨ ᠣᠷᠳᠣᠨ ᠤ ᠦᠨᠡᠨᠴᠢ ᠢᠲᠡᠭᠡᠮᠵᠢ︾ ᠶᠢᠨ ᠪᠠᠶᠢᠭᠤᠯᠤᠯᠲᠠ ᠶᠢ ᠴᠢᠩᠭᠠᠳᠬᠠᠨ᠂ ᠵᠠᠰᠠᠭ ᠤᠨ ᠣᠷᠳᠣᠨ ᠤ ᠦᠨᠡᠨᠴᠢ ᠢᠲᠡᠭᠡᠮᠵᠢᠲᠡᠢ ᠪᠠᠷ ᠭᠡᠷ᠎ᠡ ᠭᠦᠢᠴᠡᠳᠬᠡᠬᠦ ᠲᠣᠭᠲᠠᠴᠠ ᠶᠢ ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢᠲᠡᠢ ᠪᠠᠷ ᠡᠵᠡᠩᠨᠡᠨ ᠬᠤᠳᠠᠯᠳᠤᠭᠠᠯᠠᠬᠤ ᠣᠷᠴᠢᠨ ᠨᠥᠭᠦᠴᠡᠯ ᠢ ᠬᠦᠴᠦᠯᠡᠨ ᠪᠣᠶ ᠪᠣᠯᠭᠠᠬᠤ ᠶᠢᠨ ᠲᠤᠰᠠᠳᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠨᠢᠭᠡᠳᠦᠭᠡᠷ ᠳᠠᠪᠬᠤᠷᠯᠢᠭ ᠤᠨ ᠭᠥᠯᠢᠶᠡᠨ ᠠᠪᠴᠤ ᠰᠢᠢᠳᠪᠦᠷᠢᠯᠡᠬᠦ ᠲᠠᠪᠴᠠᠩ ᠳᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠴᠤᠩᠬᠤᠪᠴᠢ ᠭᠠᠷᠭᠠᠵᠤ᠂ ᠠᠵᠤ ᠠᠬᠤᠶᠢᠯᠠᠯ ᠤᠨ ᠭᠤᠮᠣᠳᠠᠯ ᠱᠠᠭᠠᠷᠳᠠᠯᠭ᠎ᠠ ᠳᠤ ᠰᠢᠭᠤᠳ ᠬᠦᠷᠬᠦ ᠠᠷᠭ᠎ᠠ ᠵᠠᠮ ᠢ ᠰᠢᠯᠤᠭᠤᠳᠬᠠᠪᠠ᠃ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠵᠠᠭᠠᠯᠳᠤᠯᠭ᠎ᠠ︾ ᠶᠢᠨ ᠠᠵᠢᠯ ᠤᠨ ᠡᠬᠡ ᠲᠠᠩᠰᠠ ᠶᠢ ᠪᠠᠶᠢᠭᠤᠯᠵᠤ᠂ ᠵᠠᠭᠠᠯᠳᠤᠯᠭ᠎ᠠ ᠶᠢᠨ ᠠᠰᠠᠭᠤᠳᠠᠯ ᠢ ᠲᠥᠷᠥᠯ ᠬᠤᠪᠢᠶᠠᠨ ᠰᠢᠯᠵᠢᠭᠦᠯᠦᠨ ᠭᠦᠢᠴᠡᠳᠬᠡᠬᠦ ᠪᠠ ᠴᠡᠭᠴᠡᠯᠡᠨ ᠰᠠᠶᠢᠵᠢᠷᠠᠭᠤᠯᠵᠤ ᠬᠠᠷᠢᠭᠤ ᠲᠤᠰᠬᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠵᠠᠭᠠᠯᠳᠤᠯᠭ᠎ᠠ ᠶᠢᠨ ᠠᠰᠠᠭᠤᠳᠠᠯ ᠳᠤ ᠴᠢᠭᠯᠡᠭᠦᠯᠬᠦ ᠴᠢᠨᠠᠷᠲᠠᠢ ᠪᠠᠷ ᠰᠤᠳᠤᠯᠤᠨ ᠮᠠᠭᠠᠳᠯᠠᠵᠤ ᠵᠠᠳᠠᠯᠤᠯᠲᠠ ᠬᠢᠵᠦ᠂ ᠨᠠᠷᠢᠯᠢᠭ ᠣᠨᠣᠴᠠᠲᠠᠢ ᠪᠠᠷ ᠰᠢᠯᠵᠢᠭᠦᠯᠦᠨ ᠭᠦᠢᠴᠡᠳᠬᠡᠬᠦ ᠬᠡᠷᠡᠭᠲᠡᠢ᠃ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ᠂ ᠦᠢᠯᠡᠴᠢᠯᠡᠬᠦ ᠣᠪᠣᠷ ᠢᠶᠠᠷ ᠰᠠᠶᠢᠨ᠂ ᠨᠡᠪᠲᠡᠷᠡᠯᠴᠡᠨ ᠵᠣᠬᠢᠴᠠᠭᠤᠯᠬᠤ ᠴᠢᠳᠠᠪᠤᠷᠢ ᠪᠠᠷ ᠴᠢᠩᠭ᠎ᠠ ᠴᠣᠩᠬᠤᠪᠴᠢ ᠠᠵᠢᠯᠲᠠᠨ ᠢ ᠲᠣᠬᠢᠷᠠᠭᠤᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ᠂ ᠠᠵᠤ ᠠᠬᠤᠶᠢᠯᠠᠯ ᠵᠢᠴᠢ ᠣᠯᠠᠨ ᠲᠦᠮᠡᠨ ᠤ ᠳᠤᠷᠠᠳᠤᠭᠰᠠᠨ ᠱᠠᠭᠠᠷᠳᠠᠯᠭ᠎ᠠ ᠳᠤ ᠴᠥᠮ ᠬᠠᠷᠢᠭᠤᠯᠲᠠ ᠥᠭᠬᠦ ᠶᠢ ᠦᠨᠡᠨᠬᠦ ᠪᠠᠲᠤᠯᠠᠬᠤ ᠬᠡᠷᠡᠭᠲᠡᠢ᠃      ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠰᠢᠰᠲ᠋ᠧᠮ ᠲᠠᠢ ᠠᠬᠢᠭᠤᠯᠬᠤ᠂ ᠪᠦᠬᠦ ᠲᠠᠯ᠎ᠠ ᠪᠠᠷ ᠣᠷᠣᠯᠴᠠᠬᠤ᠂ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠲᠦᠷᠭᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠦᠬᠦ ᠰᠢᠶᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号