ᠦᠴᠦᠸᠠᠨ ᠰᠢᠶᠠᠨ 2024 ᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/12
     4 ᠰᠠᠷ᠎ᠠ ᠶᠢᠨ 11 ᠤ ᠡᠳᠦᠷ᠂ ᠦᠴᠦᠸᠠᠨ ᠰᠢᠶᠠᠨ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠭᠤᠯᠵᠤ᠂ ᠪᠦᠬᠦ ᠤᠯᠤᠰ ᠪᠦᠬᠦ ᠣᠷᠣᠨ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2023 ᠣᠨ ᠤ ᠪᠦᠬᠦ ᠰᠢᠶᠠᠨ ᠤ ᠵᠣᠬᠢᠶᠠᠨ ᠪᠠᠶᠢᠭᠤᠯᠬᠤ ᠠᠵᠢᠯ ᠢ ᠳ᠋ᠦᠩᠨᠡᠵᠦ᠂ 2024 ᠣᠨ ᠤ ᠵᠣᠬᠢᠶᠠᠨ ᠪᠠᠶᠢᠭᠤᠯᠬᠤ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠤᠤ ᠸᠧᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠪᠦᠬᠦ ᠰᠢᠶᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠣᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠠᠵᠢᠯ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠤᠨᠤᠯ ᠢᠶᠠᠷ ᠵᠡᠪᠰᠡᠭᠯᠡᠬᠦ᠂ ᠮᠡᠷᠭᠡᠳ ᠢ ᠰᠣᠩᠭᠤᠵᠤ ᠴᠢᠳᠠᠪᠤᠷᠢᠲᠠᠨ ᠢ ᠬᠡᠷᠡᠭᠯᠡᠬᠦ᠂ ᠰᠠᠭᠤᠷᠢ ᠶᠢ ᠪᠠᠲᠤᠳᠬᠠᠨ ᠦᠨᠳᠦᠰᠦ ᠶᠢ ᠪᠠᠬᠢᠵᠢᠭᠦᠯᠬᠦ᠂ ᠴᠢᠳᠠᠪᠤᠷᠢᠲᠠᠨ ᠢ ᠬᠥᠮᠥᠵᠢᠭᠦᠯᠵᠦ ᠴᠢᠳᠠᠪᠤᠷᠢᠲᠠᠨ ᠢ ᠴᠤᠭᠯᠠᠭᠤᠯᠬᠤ ᠵᠡᠷᠭᠡ ᠡᠯ᠎ᠡ ᠵᠦᠢᠯ ᠤᠨ ᠠᠵᠢᠯ ᠳᠤ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠣᠶ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠵᠢᠯ ᠪᠣᠯᠬᠤᠷ ᠵᠣᠬᠢᠶᠠᠨ ᠪᠠᠶᠢᠭᠤᠯᠬᠤ ᠠᠵᠢᠯ ᠤᠨ ᠡᠭᠦᠷᠭᠡ ᠬᠠᠷᠢᠭᠤᠴᠠᠯᠭ᠎ᠠ ᠬᠦᠨᠳᠦ ᠶᠡᠭᠡ ᠶᠤᠮ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠢᠯᠡᠴᠢᠯᠡᠭᠡᠨ ᠤ ᠲᠣᠭᠤᠷᠢᠨ ᠳᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠭᠤᠷᠪᠠᠨ ᠠᠵᠢᠯ︾ ᠢ ᠰᠠᠶᠢᠲᠤᠷ ᠬᠢᠬᠦ᠂ ︽ᠳᠥᠷᠪᠡᠨ ᠠᠵᠤ ᠦᠢᠯᠡᠰ ᠤᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠬᠤ ᠬᠥᠭᠵᠢᠯᠲᠡ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠵᠤ ᠰᠦᠭ ᠰᠦᠨᠡᠰᠦ ᠪᠠᠨ ᠴᠣᠭᠴᠠᠯᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠳᠥᠷᠪᠡᠨ ᠣᠨᠴᠠᠭᠠᠶ︾ ᠺᠠᠳ᠋ᠷ ᠤᠨ ᠡᠩᠨᠡᠭᠡ ᠶᠢ ᠪᠠᠶᠢᠭᠤᠯᠵᠤ᠂ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ ᠬᠥᠭᠵᠢᠯᠲᠡ ᠳᠤ ᠬᠦᠴᠦᠨ ᠨᠡᠮᠡᠷᠢᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠲᠤᠳᠬᠠᠵᠤ᠂ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠵᠢᠱᠢᠶᠡᠴᠢ ᠰᠠᠯᠠᠭ᠎ᠠ ᠮᠥᠴᠢᠷ ᠪᠠ ᠰᠢᠯᠭᠠᠷᠠᠭᠰᠠᠨ ᠡᠩᠨᠡᠭᠡᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ︽ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠲᠥᠪ ᠭᠤᠣᠯᠴᠢ ᠶᠢ ᠴᠢᠬᠤᠯᠠᠴᠢᠯᠠᠬᠤ᠂ ᠡᠭᠦᠷᠭᠡᠯᠡᠵᠦ ᠳᠡᠶᠢᠯᠬᠦ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠂ ᠰᠠᠬᠢᠯᠭ᠎ᠠ ᠪᠠᠲᠤ ᠶᠢ ᠰᠠᠬᠢᠬᠤ︾ ᠪᠠᠷᠢᠮᠵᠢᠶ᠎ᠠ ᠪᠠᠷ ᠨᠠᠮ ᠤᠨ ᠪᠠᠶᠢᠭᠤᠯᠤᠯᠲᠠ ᠪᠠ ᠵᠣᠬᠢᠶᠠᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠦᠴᠦᠸᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃      ᠬᠤᠷᠠᠯ ᠳᠡᠭᠡᠷ᠎ᠡ᠂ 5 ᠨᠢᠭᠡᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ ︵ᠰᠤᠷᠪᠤᠯᠵᠢᠯᠠᠭᠴᠢ᠄ ᠯᠢᠦᠢ ᠫᠢᠩ ᠫᠢᠩ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号