ᠦᠴᠦᠸᠠᠨ ᠰᠢᠶᠠᠨ ᠤ ᠠᠢ ᠢ ᠴᠢ ᠡᠮᠡᠭᠲᠡᠶᠢᠴᠦᠳ ᠤᠨ ᠭᠡᠷ ᠪᠦᠯᠢ᠄ ᠵᠡᠮᠳᠡᠭ ᠡᠮᠡᠭᠲᠡᠶᠢᠴᠦᠳ ᠢ ᠳᠤᠯᠠᠭᠠᠴᠠᠭᠤᠯᠵᠤ ᠵᠣᠯ ᠵᠢᠷᠭᠠᠯ ᠤᠨ ᠴᠡᠴᠡᠭ ᠲᠠᠷᠢᠨ᠎ᠠ
ᠨᠡᠶᠢᠲᠡᠯᠡᠭᠰᠡᠨ ᠴᠠᠭ᠄
2024/4/12
     ︽ᠪᠢ ᠬᠡᠳᠦᠶᠢᠪᠡᠷ ᠵᠡᠮᠳᠡᠭ ᠪᠣᠯᠤᠭᠰᠠᠨ ᠪᠣᠯᠪᠠᠴᠤ ᠭᠠᠷ ᠤᠷᠠᠯᠠᠯ ᠤᠨ ᠠᠵᠢᠯ ᠬᠢᠬᠦ ᠳᠤ ᠠᠰᠠᠭᠤᠳᠠᠯ ᠦᠭᠡᠢ᠂ ᠲᠡᠷᠡ ᠮᠥᠷᠲᠡᠭᠡᠨ ᠨᠡᠬᠡᠮᠡᠯ ᠤᠨ ᠮᠡᠷᠭᠡᠵᠢᠯ ᠠᠮᠠᠷᠬᠠᠨ ᠪᠠᠶᠢᠵᠦ᠂ ᠪᠢ ᠴᠦ ᠥᠪᠡᠷ ᠤᠨ ᠬᠦᠴᠦ ᠪᠠᠷ ᠢᠶᠠᠨ ᠠᠮᠢᠳᠤᠷᠠᠵᠤ ᠴᠢᠳᠠᠬᠤ ᠪᠣᠯᠵᠠᠢ᠂ ᠣᠳᠣ ᠲᠥᠪ ᠲᠤ ᠡᠮᠡᠭᠲᠡᠶᠢᠴᠦᠳ ᠤᠨ ᠭᠡᠷ ᠪᠦᠯᠢ ᠶᠢ ᠪᠠᠶᠢᠭᠤᠯᠵᠤ᠂ ᠮᠠᠨ ᠤ ᠡᠳᠡᠭᠡᠷ ᠵᠡᠮᠳᠡᠭ ᠪᠣᠯᠤᠭᠰᠠᠨ ᠡᠮᠡᠭᠲᠡᠶᠢᠴᠦᠳ ᠲᠤ ᠨᠡᠩ ᠢᠯᠡᠭᠦᠦ ᠬᠠᠷᠢᠶᠠᠯᠠᠭᠳᠠᠬᠤ ᠲᠥᠷᠥᠭᠳᠡᠯ ᠣᠯᠭᠤᠵᠤ᠂ ︿ᠲᠥᠷᠬᠦᠮ ᠤᠨ ᠭᠡᠷ﹀ ᠢ ᠣᠯᠵᠤ ᠥᠭᠭᠦᠭᠰᠡᠨ ᠪᠠᠶᠢᠨ᠎ᠠ︾ ᠭᠡᠵᠦ ᠨᠢᠭᠡᠨ ᠬᠤᠶᠠᠳᠤᠭᠠᠷ ᠳᠡᠰ ᠤᠨ ᠵᠡᠮᠳᠡᠭ ᠡᠮᠡᠭᠲᠡᠢ ᠵᠡᠮᠳᠡᠭᠴᠦᠳ ᠤᠨ ᠲᠤᠰᠠᠯᠠᠬᠤ ᠴᠢᠨᠠᠷᠲᠠᠢ ᠠᠳᠠᠯ ᠦᠢᠯᠡᠰ ᠴᠣᠭᠴᠠᠯᠠᠬᠤ ᠠᠵᠢᠯ ᠣᠯᠭᠤᠯᠲᠠ ᠶᠢᠨ ᠠᠵᠢᠯᠯᠠᠭ᠎ᠠ ᠳᠤ ᠣᠷᠣᠯᠴᠠᠬᠤ ᠳᠠᠭᠠᠨ ᠬᠡᠯᠡᠪᠡ᠃      ᠵᠡᠮᠳᠡᠭ ᠡᠮᠡᠭᠲᠡᠶᠢᠴᠦᠳ ᠶᠡᠷᠦᠨᠢ ᠠᠵᠢᠯ ᠣᠯᠭᠤᠯᠲᠠ ᠶᠢᠨ ᠳᠠᠷᠤᠯᠲᠠ ᠲᠤᠯᠭᠠᠷᠠᠭᠰᠠᠭᠠᠷ ᠢᠷᠡᠵᠠᠢ᠂ ᠡᠨᠡᠬᠦ ᠪᠠᠶᠢᠳᠠᠯ ᠢ ᠰᠠᠶᠢᠵᠢᠷᠠᠭᠤᠯᠬᠤ ᠶᠢᠨ ᠲᠥᠯᠥᠭᠡ᠂ ᠦᠴᠦᠸᠠᠨ ᠰᠢᠶᠠᠨ ᠤ ᠠᠩᠬᠠᠳᠠᠭᠴᠢ ᠵᠡᠮᠳᠡᠭ ᠡᠮᠡᠭᠲᠡᠶᠢᠴᠦᠳ ᠤᠨ ᠭᠡᠷ ︱ ᠠᠢ ᠢ ᠴᠢ ᠡᠮᠡᠭᠲᠡᠶᠢᠴᠦᠳ ᠤᠨ ᠭᠡᠷ ᠦᠴᠦᠸᠠᠨ ᠰᠢᠶᠠᠨ ᠤ ᠵᠡᠮᠳᠡᠭᠴᠦᠳ ᠤᠨ ᠲᠤᠰᠠᠯᠠᠬᠤ ᠴᠢᠨᠠᠷᠲᠠᠢ ᠦᠢᠯᠡᠰ ᠪᠣᠰᠬᠠᠬᠤ ᠠᠵᠢᠯ ᠣᠯᠭᠤᠯᠲᠠ ᠶᠢᠨ ᠲᠥᠪ ᠲᠤ ᠪᠠᠶᠢᠭᠤᠯᠤᠭᠳᠠᠪᠠ᠃
     ᠲᠤᠰ ᠲᠥᠪ ᠪᠣᠯ ᠦᠴᠦᠸᠠᠨ ᠰᠢᠶᠠᠨ ᠤ ᠵᠡᠮᠳᠡᠭᠴᠦᠳ ᠤᠨ ᠬᠤᠯᠪᠣᠭ᠎ᠠ ᠶᠢᠨ ᠭᠤᠣᠯᠯᠠᠨ ᠬᠠᠮᠢᠶᠠᠷᠴᠤ ᠪᠠᠶᠢᠭ᠎ᠠ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠪᠠᠶᠢᠭᠤᠯᠤᠮᠵᠢ ᠪᠣᠯᠣᠨ᠎ᠠ᠂ ᠪᠠᠷᠢᠯᠭ᠎ᠠ ᠶᠢᠨ ᠲᠠᠯᠠᠪᠠᠢ ᠨᠢ 600 ᠲᠡᠭᠰᠢ ᠳᠥᠷᠪᠡᠯᠵᠢᠨ ᠮᠧᠲᠷ ᠪᠠᠶᠢᠵᠤ᠂ ᠠᠵᠢᠯ ᠤᠨ ᠦᠷᠦᠭᠡ᠂ ᠠᠮᠠᠷᠠᠬᠤ ᠦᠷᠦᠭᠡ᠂ ᠬᠥᠳᠡᠯᠭᠡᠭᠡᠨ ᠤ ᠦᠷᠦᠭᠡ᠂ ᠬᠤᠭᠤᠯᠠᠨ ᠭᠡᠷ ᠲᠠᠢ ᠪᠠᠶᠢᠵᠤ᠂ ᠵᠡᠮᠳᠡᠭᠴᠦᠳ ᠤᠨ ᠦᠢᠯᠡᠰ ᠪᠣᠰᠬᠠᠵᠤ ᠠᠵᠢᠯ ᠣᠯᠭᠤᠬᠤ ᠪᠠ ᠠᠵᠤ ᠦᠢᠯᠡᠳᠪᠦᠷᠢ ᠶᠢᠨ ᠡᠮᠴᠢᠯᠡᠭᠡᠨ ᠤ ᠦᠢᠯᠡᠴᠢᠯᠡᠭᠡ ᠬᠠᠩᠭᠠᠬᠤ ᠪᠠᠷ ᠭᠤᠣᠯ ᠪᠣᠯᠭᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠵᠡᠮᠳᠡᠭᠴᠦᠳ ᠲᠤ ᠰᠡᠳᠬᠢᠴᠡ ᠶᠢᠨ ᠵᠢᠯᠣᠭᠤᠳᠤᠯᠭ᠎ᠠ᠂ ᠡᠷᠡᠭᠦᠯᠵᠢᠯ ᠤᠨ ᠪᠣᠯᠪᠠᠰᠤᠷᠠᠯ᠂ ᠠᠮᠢᠳᠤᠷᠠᠯ ᠤᠨ ᠲᠣᠬᠤᠨᠢᠭᠤᠯᠤᠯ ᠪᠠ ᠬᠠᠮᠲᠤ ᠶᠢᠨ ᠠᠵᠢᠯᠯᠠᠭ᠎ᠠ ᠥᠷᠨᠢᠭᠦᠯᠬᠦ ᠵᠡᠷᠭᠡ ᠶᠢ ᠬᠠᠩᠭᠠᠨ᠎ᠠ᠃
     ︽ᠭᠠᠷ ᠢᠶᠠᠷ ᠰᠦᠯᠵᠢᠬᠦ ᠠᠴᠠ ᠭᠠᠳᠠᠨ᠎ᠠ᠂ ᠪᠢᠳᠡ ᠪᠠᠰᠠ ᠪᠥᠰ ᠵᠢᠷᠤᠭ᠂ ᠤᠯᠠᠮᠵᠢᠯᠠᠯᠲᠤ ᠴᠠᠭᠠᠰᠤᠨ ᠬᠠᠶᠢᠴᠢᠯᠠᠮᠠᠯ᠂ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠢ ᠣᠶᠣᠬᠤ ᠵᠡᠷᠭᠡ ᠠᠵᠢᠯ ᠣᠯᠭᠤᠯᠲᠠ ᠶᠢᠨ ᠵᠦᠢᠯᠡᠰ ᠲᠣᠬᠢᠷᠠᠭᠤᠯᠵᠤ᠂ ᠨᠢᠭᠡ ᠲᠠᠯ᠎ᠠ ᠪᠠᠷ ᠵᠡᠮᠳᠡᠭ ᠡᠮᠡᠭᠲᠡᠶᠢᠴᠦᠳ ᠲᠤ ᠲᠣᠰ ᠪᠡᠶ᠎ᠡ ᠶᠢᠨ ᠬᠥᠳᠡᠯᠮᠦᠷᠢ ᠪᠠᠷ ᠢᠶᠠᠨ ᠬᠥᠯᠥᠰᠦ ᠣᠯᠭᠤᠮᠵᠢ ᠣᠯᠭᠤᠵᠤ᠂ ᠨᠥᠭᠦᠭᠡ ᠲᠠᠯ᠎ᠠ ᠪᠠᠷ ᠲᠤᠬᠠᠶᠢᠯᠠᠭᠰᠠᠨ ᠠᠵᠢᠯ ᠤᠨ ᠡᠷᠡᠭᠦᠯᠵᠢᠯ ᠪᠠ ᠤᠷ᠎ᠠ ᠮᠡᠷᠭᠡᠵᠢᠯ ᠤᠨ ᠪᠣᠯᠪᠠᠰᠤᠷᠠᠭᠤᠯᠤᠯ ᠢ ᠤᠶᠠᠯᠳᠤᠭᠤᠯᠵᠤ᠂ ᠲᠡᠳᠡᠨ ᠤ ᠭᠠᠷ ᠲᠠᠷᠢᠬᠢᠨ ᠤ ᠠᠵᠢᠯᠯᠠᠭ᠎ᠠ ᠪᠠ ᠪᠡᠶ᠎ᠡ ᠰᠡᠳᠬᠢᠯ ᠤᠨ ᠡᠷᠡᠭᠦᠯ ᠮᠡᠨᠳᠦ ᠳᠤ ᠠᠰᠢᠭᠲᠠᠢ ᠶᠤᠮ︾ ᠭᠡᠵᠦ ᠠᠢ ᠢ ᠴᠢ ᠡᠮᠡᠭᠲᠡᠶᠢᠴᠦᠳ ᠤᠨ ᠭᠡᠷ ᠤᠨ ᠬᠠᠷᠢᠭᠤᠴᠠᠯᠭᠠᠲᠠᠨ ᠵᠤᠤ ᡁᠢ ᠹᠠᠩ ᠬᠡᠯᠡᠪᠡ᠃
     ︽ᠠᠢ ᠢ ᠴᠢ ᠡᠮᠡᠭᠲᠡᠶᠢᠴᠦᠳ ᠤᠨ ᠭᠡᠷ ᠪᠦᠯᠢ ᠶᠢ ᠪᠠᠶᠢᠭᠤᠯᠤᠭᠰᠠᠨ ᠨᠢ ᠵᠡᠮᠳᠡᠭ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠨ ᠠᠵᠢᠯ ᠣᠯᠬᠤ ᠶᠠᠪᠤᠳᠠᠯ ᠢ ᠠᠬᠢᠭᠤᠯᠵᠤ᠂ ᠲᠡᠳᠡᠨ ᠤ ᠰᠠᠶᠢᠨ ᠰᠠᠶᠢᠬᠠᠨ ᠠᠮᠢᠳᠤᠷᠠᠯ ᠤᠨ ᠢᠳᠡᠪᠬᠢᠵᠢᠯ ᠢ ᠳᠠᠶᠢᠴᠢᠯᠠᠨ᠂ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠲᠤᠰᠠᠲᠠᠢ ᠶᠤᠮ︾ ᠭᠡᠵᠦ ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠲᠡᠷᠢᠭᠦᠯᠡᠭᠴᠢ ᠶᠠᠩ ᠰᠢᠤᠸᠠᠢ ᠵᠢᠶᠣᠣ ᠬᠡᠯᠡᠪᠡ᠃
     ᠵᠡᠮᠳᠡᠭᠴᠦᠳ ᠪᠣᠯ ᠨᠢᠭᠡᠨ ᠣᠨᠴᠠᠭᠠᠶ ᠬᠦᠴᠢᠷᠳᠡᠯᠲᠡᠢ ᠬᠠᠮᠲᠤᠯᠢᠭ ᠮᠥᠨ᠂ ᠵᠡᠮᠳᠡᠭ ᠡᠮᠡᠭᠲᠡᠶᠢᠴᠦᠳ ᠪᠣᠯ ᠪᠠᠰᠠ ᠴᠤ ᠡᠮᠡᠭᠲᠡᠶᠢᠴᠦᠳ ᠤᠨ ᠬᠤᠯᠪᠣᠭ᠎ᠠ ᠶᠢᠨ ᠭᠤᠣᠯᠳᠠᠯᠭ᠎ᠠ ᠲᠠᠢ ᠬᠠᠯᠠᠮᠵᠢᠯᠠᠨ ᠲᠡᠳᠬᠦᠬᠦ ᠡᠲᠡᠭᠡᠳ ᠮᠥᠨ᠃ ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠣᠯᠠᠨ ᠲᠠᠯ᠎ᠠ ᠶᠢᠨ ᠡᠬᠢ ᠪᠠᠶᠠᠯᠢᠭ ᠢ ᠬᠤᠯᠪᠣᠵᠤ᠂ ᠠᠢ ᠢ ᠴᠢ ᠡᠮᠡᠭᠲᠡᠶᠢᠴᠦᠳ ᠤᠨ ᠭᠡᠷ ᠪᠦᠯᠢ ᠲᠠᠢ ᠬᠤᠯᠪᠣᠭᠠᠯᠠᠵᠤ᠂ ᠰᠦᠢᠳᠬᠡᠯ ᠬᠤᠷᠢᠶᠠᠬᠤ ᠦᠭᠡᠢ ᠪᠠᠷ ᠵᠠᠬᠢᠶᠠᠯᠠᠭ᠎ᠠ ᠶᠢᠨ ᠪᠣᠯᠪᠠᠰᠤᠷᠠᠭᠤᠯᠤᠯ ᠬᠢᠬᠦ᠂ ᠡᠷᠬᠢᠨ ᠦᠵᠡᠵᠦ ᠲᠣᠬᠤᠨᠢᠭᠤᠯᠬᠤ᠂ ᠠᠯᠪᠠᠨ ᠵᠢᠷᠤᠮ ᠤᠨ ᠡᠮᠴᠢᠯᠡᠭᠡ ᠬᠢᠬᠦ ᠵᠡᠷᠭᠡ ᠵᠡᠮᠳᠡᠭ ᠡᠮᠡᠭᠲᠡᠶᠢᠴᠦᠳ ᠢ ᠲᠤᠰᠠᠯᠠᠬᠤ ᠠᠯᠢ ᠣᠯᠠᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠵᠡᠮᠳᠡᠭ ᠡᠮᠡᠭᠲᠡᠶᠢᠴᠦᠳ ᠲᠤ ᠨᠠᠩ ᠣᠯᠠᠨ ᠰᠤᠷᠤᠯᠴᠠᠬᠤ ᠪᠠ ᠠᠵᠢᠯᠯᠠᠬᠤ ᠲᠣᠬᠢᠶᠠᠯ ᠣᠯᠭᠤᠵᠤ᠂ ᠲᠡᠳᠡᠨ ᠳᠤ ᠬᠠᠶᠢᠷ᠎ᠠ ᠬᠠᠯᠠᠮᠵᠢ ᠶᠢ ᠬᠦᠷᠲᠡᠭᠡᠬᠦ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠠᠭᠤᠰᠤᠯᠴᠠᠬᠤ ᠢᠲᠡᠭᠡᠯ ᠵᠣᠷᠢᠭ ᠢ ᠨᠢ ᠨᠡᠮᠡᠭᠳᠡᠭᠦᠯᠵᠦ᠂ ᠰᠠᠶᠢᠨ ᠰᠠᠶᠢᠬᠠᠨ ᠠᠮᠢᠳᠤᠷᠠᠯ ᠢ ᠬᠥᠭᠡᠭᠡᠴᠡᠯᠳᠦᠬᠦ ᠵᠠᠮ ᠳᠡᠭᠡᠷ᠎ᠡ ᠨᠠᠩ ᠪᠠᠲᠤ ᠢᠲᠡᠭᠡᠯ ᠲᠠᠢ ᠪᠣᠯᠭᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号