ᠣᠶᠢᠷ᠎ᠠ ᠳᠤ᠂ ᠤᠯᠤᠰ ᠤᠨ ᠤᠯᠠᠨ ᠨᠡᠶᠢᠳᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠲᠥᠪ ᠠᠴᠠ | 2024 ᠣᠨ ᠤ 1 - 2 ᠰᠠᠷ᠎ᠠ ᠶᠢᠨ ᠪᠦᠭᠦ ᠤᠯᠤᠰ ᠤᠨ ᠡᠯ᠎ᠡ ᠬᠤᠳᠠ ᠶᠢᠨ ᠢᠲᠡᠭᠡᠮᠵᠢ ᠶᠢᠨ ᠬᠢᠨᠠᠨ ᠬᠡᠮᠵᠢᠯᠲᠡ | ᠶᠢᠨ ᠵᠢᠭᠰᠠᠭᠠᠯᠲᠠ ᠶᠢ ᠨᠡᠶᠢᠲᠡᠯᠡᠵᠦ᠂ ᠭᠦᠭᠡᠬᠤᠳᠠ 85.73 ᠬᠤᠪᠢ ᠶᠢᠨ ᠢᠲᠡᠭᠡᠮᠵᠢ ᠶᠢᠨ ᠶᠡᠷᠦᠩᠬᠡᠶᠢᠯᠡᠭᠰᠡᠨ | ᠵᠢᠭᠠᠯᠲᠠ ᠲᠤᠭ᠎ᠠ ᠪᠠᠷ ᠪᠦᠭᠦ ᠤᠯᠤᠰ ᠤᠨ 22 ᠳ᠋ᠤᠭᠠᠷ ᠲᠤ ᠵᠢᠭᠰᠠᠨ᠂ ᠨᠢᠳᠤᠨᠤᠨ ᠠᠴᠠ 3 ᠣᠷᠣ ᠳᠠᠪᠰᠢᠵᠤ᠂ | ᠣᠶᠢᠷ᠎ᠠ ᠶᠢᠨ ᠲᠠᠪᠤᠨ ᠵᠢᠯ ᠤᠨ ᠲᠤᠷᠰᠢᠬᠢ ᠬᠠᠮᠤᠭ ᠤᠨ ᠰᠠᠶᠢᠨ ᠬᠢᠷᠢ ᠪᠦᠲᠦᠮᠵᠢ ᠶᠢ ᠣᠯᠣᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ ᠭᠦᠭᠡᠬᠤᠳᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠳᠠ ᠦᠭᠡᠢ ᠠᠬᠢᠭᠤᠯᠵᠤ᠂ ︽ᠭᠦᠭᠡᠬᠤᠳᠠ ᠶᠢᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠬᠡᠷᠡᠭᠵᠢᠭᠦᠯᠬᠦ ᠲᠥᠰᠥᠯ︾ ᠢ | ᠲᠣᠭᠲᠠᠭᠠᠨ ᠨᠡᠶᠢᠲᠡᠯᠡᠵᠦ᠂ ᠵᠠᠰᠠᠭ ᠤᠨ ᠶᠠᠪᠤᠳᠠᠯ᠂ ᠬᠤᠳᠠᠯᠳᠤᠭᠠᠨ ᠤ ᠶᠠᠪᠤᠳᠠᠯ᠂ ᠨᠡᠶᠢᠭᠡᠮ ᠪᠠ ᠬᠠᠤᠯᠢ ᠴᠠᠭᠠᠵᠠ ᠵᠡᠷᠭᠡ | ᠳᠦᠷᠪᠡᠨ ᠶᠡᠭᠡ ᠬᠦᠷᠢᠶᠡᠨ ᠤ ᠬᠠᠷᠢᠯᠴᠠᠨ ᠬᠠᠮᠵᠢᠯᠴᠠᠭᠰᠠᠨ ᠪᠦᠭᠦ ᠬᠦᠷᠢᠶ᠎ᠡ ᠶᠢ ᠬᠠᠮᠤᠷᠤᠭᠰᠠᠨ ᠦᠨᠡᠨᠴᠢ ᠢᠲᠡᠭᠡᠮᠵᠢ | ᠶᠢᠨ ᠪᠠᠶᠢᠭᠤᠯᠤᠯᠲᠠ ᠶᠢ ᠠᠳᠬᠤᠬᠤ ᠶᠡᠷᠦᠩᠬᠡᠶᠢᠯᠡᠭᠰᠡᠨ ᠵᠠᠰᠠᠯᠲᠠ ᠶᠢᠨ ᠰᠢᠰᠲ᠋ᠧᠮ ᠪᠠ ᠠᠵᠢᠯ ᠤᠨ ᠪᠠᠶᠢᠷᠢᠰᠢᠯ ᠢ | ᠪᠦᠷᠢᠯᠳᠦᠭᠦᠯᠪᠡ᠃ | ᠭᠦᠭᠡᠬᠤᠳᠠ ᠢᠲᠡᠭᠡᠮᠵᠢ ᠶᠢᠨ ᠦᠢᠯᠡᠴᠢᠯᠡᠭᠡ ᠶᠢᠨ ᠰᠢᠨ᠎ᠡ ᠶᠢ ᠡᠭᠦᠳᠬᠦ ᠪᠠᠷ ᠳᠠᠮᠵᠢᠨ᠂ ᠢᠲᠡᠭᠡᠮᠵᠢ ᠶᠢᠨ | ᠮᠡᠳᠡᠭᠡ ᠵᠠᠩᠭᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠤᠯᠠᠨ | ᠨᠡᠶᠢᠳᠡ ᠶᠢᠨ ᠦᠢᠯᠡᠴᠢᠯᠡᠭᠡ ᠵᠡᠷᠭᠡ ᠬᠦᠷᠢᠶᠡᠨ ᠳᠠᠬᠢ ᠬᠡᠷᠡᠭᠯᠡᠭᠡ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ | ᠪᠠᠶᠢᠨ᠎ᠠ᠃ ᠡᠭᠦᠨ ᠳᠤ ᠥᠪᠡᠷ ᠤᠨ ᠦᠷᠳᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠦᠨ︽ᠢᠲᠡᠭᠡᠮᠵᠢ + ᠡᠯᠧᠺᠲᠷᠣᠨ ᠪᠠᠲᠤᠯᠠᠭ᠎ᠠ ᠶᠢᠨ ᠵᠠᠬᠢᠶ᠎ᠠ︾ ᠶᠢᠨ ᠭᠡᠯᠪᠡᠷᠢ ᠪᠠᠷ ᠲᠦᠷᠦᠭᠦᠦ ᠤᠯᠠᠷᠢᠯ | ᠳᠤ ᠠᠵᠤ ᠠᠬᠤᠶᠢᠯᠠᠯ ᠤᠨ ᠳᠠᠭᠠᠭᠠᠴᠢᠯᠠᠯᠲᠠ ᠬᠦᠯᠢᠶᠡᠬᠦ ᠥᠪᠡᠷ ᠤᠨ ᠦᠷᠳᠡᠭ ᠢ 1.46 ᠳ᠋ᠦᠩᠰᠢᠭᠤᠷ ᠲᠥᠭᠦᠷᠢᠭ | ᠪᠠᠭᠤᠷᠠᠭᠤᠯᠵᠤ᠂ ᠡᠨᠡ ᠨᠢ ᠠᠵᠤ ᠠᠬᠤᠶᠢᠯᠠᠯ ᠤᠨ ᠪᠠᠲᠤᠯᠠᠭ᠎ᠠ ᠶᠢᠨ ᠮᠥᠩᠭᠦ ᠶᠢᠨ ᠶᠡᠷᠦᠩᠬᠡᠢ ᠬᠡᠮᠵᠢᠶᠡᠨ ᠤ 34% ᠶᠢ | ᠡᠵᠡᠯᠡᠪᠡ᠃ ︽ᠢᠲᠡᠭᠡᠮᠵᠢ ᠶᠢᠨ ᠠᠮᠠᠯᠠᠯᠲᠠ + ᠸᠢᠳᠢᠤ᠋ ᠪᠠᠷ ᠰᠢᠯᠭᠠᠬᠤ︾ ᠭᠡᠯᠪᠡᠷᠢ ᠪᠠᠷ ᠬᠢᠨᠠᠨ ᠵᠥᠪᠰᠢᠶᠡᠷᠡᠬᠦ ᠠᠬᠢᠴᠠ | ᠶᠢ ᠲᠦᠷᠭᠡᠳᠬᠡᠨ᠂ ᠬᠢᠨᠠᠨ ᠰᠢᠯᠭᠠᠬᠤ ᠳᠤ ᠬᠡᠷᠡᠭᠰᠡᠬᠦ ᠴᠠᠭ ᠢ 90% ᠭᠠᠷᠤᠢ ᠪᠠᠷ ᠪᠣᠭᠤᠨᠢᠰᠬᠠᠪᠠ᠃ ᠡᠨᠡ ᠬᠤᠶᠠᠷ | ᠵᠦᠢᠯ ᠤᠨ ᠰᠢᠨ᠎ᠡ ᠶᠢ ᠡᠭᠦᠳᠦᠭᠰᠡᠨ ᠠᠷᠭ᠎ᠠ ᠪᠠᠷᠢᠯ ᠨᠢ ᠴᠥᠮ ᠢᠲᠡᠭᠡᠮᠵᠢᠲᠦ ᠳᠤᠮᠳᠠᠳᠤ ᠤᠯᠤᠰ ᠤᠨ ᠰᠦᠯᠵᠢᠶᠡᠨ | ᠲᠠᠪᠴᠠᠩ ᠪᠠ ᠤᠯᠤᠰ ᠤᠨ ᠰᠣᠨᠢᠨ ᠮᠡᠳᠡᠭᠡ ᠵᠠᠭᠤᠴᠢᠯᠠᠭᠤᠷ ᠲᠤ ᠨᠡᠶᠢᠲᠡᠯᠡᠭᠳᠡᠵᠡᠢ᠃ | | | |