ᠪᠡᠯᠴᠢᠭᠡᠷ ᠤᠨ ᠮᠠᠯ ᠠᠵᠤ ᠠᠬᠤᠢ ᠶᠢᠨ ᠬᠥᠭᠵᠢᠯᠲᠡ ᠶᠢᠨ 10 ᠰᠢᠨ᠎ᠡ ᠵᠠᠭᠪᠤᠷ ② ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ ᠵᠠᠭᠪᠤᠷ
ᠨᠡᠶᠢᠲᠡᠯᠡᠭᠰᠡᠨ ᠴᠠᠭ᠄
2024/4/12
     ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ ᠵᠠᠭᠪᠤᠷ ᠪᠣᠯ ᠪᠡᠯᠴᠢᠭᠡᠷ ᠤᠨ ᠳᠠᠭᠠᠭᠠᠴᠠ ᠶᠢ ᠦᠨᠳᠦᠰᠦᠯᠡᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠳᠤ ᠡᠪᠡᠰᠦ ᠪᠡᠯᠴᠢᠭᠡᠷ ᠬᠥᠬᠡᠷᠡᠭᠰᠡᠨ ᠬᠤᠭᠤᠴᠠᠭᠠᠨ ᠳᠤ ᠪᠡᠯᠴᠢᠭᠡᠷᠯᠡᠭᠦᠯᠵᠦ᠂ ᠡᠪᠡᠰᠦ ᠪᠡᠯᠴᠢᠭᠡᠷ ᠨᠣᠭᠤᠭᠠᠷᠠᠬᠤ ᠪᠠ ᠬᠤᠪᠠᠭ᠋ᠠᠶᠢᠷᠠᠬᠤ ᠬᠤᠭᠤᠴᠠᠭᠠᠨ ᠳᠤ ᠬᠠᠰᠢᠶᠠᠯᠠᠨ ᠲᠡᠵᠢᠭᠡᠬᠦ‍ ᠨᠢᠭᠡ ᠵᠦᠢᠯ ᠤᠨ ᠲᠡᠵᠢᠭᠡᠪᠦᠷᠢ ᠶᠢᠨ ᠠᠷᠭ᠎ᠠ ᠭᠡᠯᠪᠡᠷᠢ ᠪᠣᠯᠣᠨ᠎ᠠ᠃      ︽ᠡᠨᠡ ᠬᠦ ᠵᠠᠭᠪᠤᠷ ᠨᠢ ᠪᠡᠯᠴᠢᠭᠡᠷ ᠪᠠᠭᠠᠲᠠᠢ ᠮᠠᠯᠵᠢᠬᠤ ᠣᠷᠣᠨ ᠪᠣᠯᠣᠨ ᠮᠠᠯ ᠠᠵᠤ ᠠᠬᠤᠢ ᠲᠠᠷᠢᠶᠠᠯᠠᠩ ᠰᠣᠯᠪᠢᠴᠠᠭᠰᠠᠨ ᠣᠷᠣᠨ ᠳᠤ ᠲᠣᠬᠢᠷᠠᠵᠤ᠂ ᠪᠠᠶᠢᠭᠠᠯᠢ ᠶᠢᠨ ᠪᠡᠯᠴᠢᠭᠡᠷ ᠢ ᠰᠠᠶᠢᠵᠢᠷᠠᠭᠤᠯᠬᠤ ᠪᠠ ᠡᠪᠡᠰᠦ ᠳᠠᠷᠢᠬᠤ ᠪᠠᠷ ᠳᠠᠮᠵᠢᠨ ᠲᠡᠵᠢᠭᠡᠯ ᠡᠪᠡᠰᠦᠨ ᠤ ᠤᠨᠠᠯᠲᠠ ᠶᠢ ᠨᠡᠮᠡᠭᠳᠡᠭᠦᠯᠵᠦ᠂ ᠤᠯᠠᠷᠢᠯ ᠤᠨ ᠴᠢᠨᠠᠷᠲᠠᠢ ᠪᠠᠷ ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ ᠶᠢ ᠪᠡᠶᠡᠯᠡᠭᠦᠯᠵᠦ ᠪᠣᠯᠣᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠤᠨ ᠮᠠᠯ ᠠᠵᠤ ᠠᠬᠤᠢ ᠶᠢᠨ ᠲᠣᠪᠴᠢᠶ᠎ᠠ  ᠶᠢᠨ ᠳᠡᠳ᠋ ᠳᠠᠷᠤᠭ᠎ᠠ ᠳ᠋ᠦ᠋ ᠵᠧ ᠲᠠᠨᠢᠯᠴᠠᠭᠤᠯᠪᠠ᠃      ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠱᠠᠩᠳᠤ ᠪᠠᠯᠭᠠᠰᠤ ᠶᠢᠨ ᠬᠤᠸᠠᠩ ᠴᠢ ᠭᠠᠴᠠᠭ᠎ᠠ ᠨᠡᠶᠢᠳᠡ 24 ᠲᠦᠮᠡᠨ ᠮᠦ ᠪᠡᠯᠴᠢᠭᠡᠷ ᠲᠠᠢ ᠪᠠᠶᠢᠵᠤ᠂ ᠬᠥᠮᠥᠨ ᠳᠤᠮᠳᠠᠴᠢ ᠳᠤ 420 ᠮᠦ ᠯᠡ ᠨᠣᠭᠳᠠᠵᠤ ᠪᠤᠢ᠂ ᠬᠡᠷᠪᠡ ᠲᠤᠬᠠᠢ ᠶᠢᠨ ᠭᠠᠵᠠᠷ ᠤᠨ ᠬᠢᠨᠠᠨ ᠲᠣᠭᠲᠠᠭᠠᠭᠰᠠᠨ︽ᠮᠦ ᠪᠦᠷᠢ ᠳᠤ 11.27 ᠬᠤᠨᠢᠨ ᠨᠢᠭᠡᠴᠢ︾ ᠪᠠᠷ ᠮᠠᠯ ᠤᠨ ᠲᠤᠭ᠎ᠠ ᠶᠢ ᠴᠢᠩᠭ᠎ᠠ ᠬᠢᠵᠠᠭᠠᠷᠯᠠᠬᠤ ᠶᠤᠮ ᠪᠣᠯ ᠮᠠᠯᠴᠢᠨ ᠲᠠᠷᠢᠶᠠᠴᠢᠳ ᠠᠵᠤ ᠲᠦᠷᠦᠵᠤ ᠠᠮᠢᠳᠤᠷᠠᠯ ᠢᠶᠠᠨ ᠠᠷᠭᠠᠴᠠᠭᠠᠬᠤ ᠳᠤ ᠪᠡᠷᠬᠡᠲᠡᠢ ᠶᠤᠮ᠃ ᠪᠠᠶᠢᠭᠠᠯᠢ ᠶᠢᠨ ᠪᠡᠯᠴᠢᠭᠡᠷ ᠲᠤ ᠲᠦᠰᠢᠭᠯᠡᠨ ᠮᠠᠯ ᠮᠠᠯᠵᠢᠭᠰᠠᠭᠠᠷ ᠢᠷᠡᠭᠰᠡᠨ ᠤᠯᠠᠮᠵᠢᠯᠠᠯᠲᠤ ᠪᠠᠶᠢᠳᠠᠯ ᠢ ᠬᠤᠪᠢᠷᠠᠭᠤᠯᠬᠤ ᠶᠢᠨ ᠲᠥᠯᠥᠭ᠂ ᠲᠤᠰ ᠭᠠᠴᠠᠭᠠᠨ ᠤ 4 ᠮᠠᠯᠵᠢᠬᠤ ᠲᠠᠷᠢᠶᠠᠯᠠᠬᠤ ᠡᠷᠦᠭᠡ ᠬᠠᠮᠲᠤ ᠪᠠᠷ 712 ᠲᠦᠮᠡᠨ ᠲᠥᠭᠦᠷᠢᠭ ᠤᠨ ᠪᠡᠯᠡ ᠮᠥᠩᠭᠦ ᠭᠠᠷᠭᠠᠨ ᠰᠢᠯᠤᠭᠤᠨ ᠬᠥᠬᠡ ᠬᠤᠰᠢᠭᠤᠨ ᠤ ᠰᠠᠶᠢᠨ ᠮᠠᠯᠴᠢᠨ ᠲᠠᠷᠢᠵᠤ ᠲᠡᠵᠢᠭᠡᠬᠦ ᠲᠤᠰᠬᠠᠢ ᠬᠤᠷᠰᠢᠶ᠎ᠠ ᠶᠢ ᠪᠠᠶᠢᠭᠤᠯᠵᠤ᠂ ᠮᠠᠯ ᠤᠨᠤᠭ᠎ᠠ ᠪᠠᠨ ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠵᠦ ᠡᠬᠢᠯᠡᠪᠡ᠃      ᠰᠠᠶᠢᠨ ᠮᠠᠯᠴᠢᠨ ᠲᠠᠷᠢᠵᠤ ᠲᠡᠵᠢᠭᠡᠬᠦ ᠲᠤᠰᠬᠠᠢ ᠬᠤᠷᠰᠢᠶ᠎ᠠ ᠨᠢ ᠡᠩ ᠲᠡᠷᠢᠭᠦᠨ ᠳᠤ 4 ᠭᠡᠰᠢᠭᠦᠨ ᠡᠷᠦᠭᠡ ᠶᠢᠨ 5 ᠲᠦᠮᠡ ᠭᠠᠷᠤᠢ ᠮᠦ ᠪᠠᠶᠢᠭᠠᠯᠢ ᠶᠢᠨ ᠪᠡᠯᠴᠢᠭᠡᠷ ᠢ ᠨᠡᠶᠢᠳᠬᠡᠨ ᠡᠪᠡᠰᠦ ᠪᠡᠯᠴᠢᠭᠡᠷ ᠬᠥᠬᠡᠷᠡᠭᠰᠡᠨ ᠬᠤᠭᠤᠴᠠᠭᠠᠨ ᠳᠤ ᠪᠡᠯᠴᠢᠭᠡᠷᠯᠡᠭᠦᠯᠦᠨ ᠮᠠᠯᠵᠢᠵᠤ᠂ ᠪᠠᠰᠠ 8500 ᠮᠦ ᠥᠨᠳᠥᠷ ᠤᠨᠠᠯᠲᠠ ᠲᠠᠢ ᠲᠡᠵᠢᠭᠡᠯ ᠡᠪᠡᠰᠦ ᠪᠣᠷᠳᠣᠭᠠᠨ ᠤ ᠰᠠᠭᠤᠷᠢᠨ ᠢ ᠠᠰᠢᠭᠯᠠᠨ ᠵᠢᠯ ᠪᠦᠷᠢ ᠬᠥᠬᠡ ᠳᠠᠷᠤᠰᠢ ᠶᠢᠨ ᠡᠷᠳᠡᠨᠢ ᠰᠢᠰᠢ᠂ ᠬᠢᠶᠠᠭ ᠡᠪᠡᠰᠦ᠂ ᠶᠤᠤᠮᠠᠢ ᠵᠡᠷᠭᠡ ᠥᠨᠳᠥᠷ ᠤᠨᠠᠯᠲᠠ ᠲᠠᠢ ᠰᠥᠯ ᠰᠠᠶᠢᠲᠠᠢ ᠲᠡᠵᠢᠭᠡᠯ ᠡᠪᠡᠰᠦ ᠪᠣᠷᠳᠤᠭ᠎ᠠ ᠲᠠᠷᠢᠵᠤ᠂ ᠵᠢᠯ ᠤᠨ ᠲᠡᠵᠢᠭᠡᠯ ᠡᠪᠡᠰᠦᠨ ᠤ ᠨᠥᠭᠡᠴᠡ  ᠶᠢ 1.3 ᠲᠦᠮᠡᠨ ᠲᠤᠨ ᠳᠤ ᠬᠦᠷᠭᠡᠨ᠂ ᠡᠪᠡᠰᠦ ᠪᠡᠯᠴᠢᠭᠡᠷ ᠨᠣᠭᠤᠭᠠᠷᠠᠬᠤ ᠪᠠ ᠬᠤᠪᠬᠠᠶᠢᠷᠠᠬᠤ ᠬᠤᠭᠤᠴᠠᠭᠠᠨ ᠳᠤ ᠮᠠᠯ ᠤᠨᠤᠭ᠎ᠠ ᠪᠠᠨ ᠬᠠᠰᠢᠶᠠᠯᠠᠨ ᠲᠡᠵᠢᠭᠡᠬᠦ ᠬᠡᠷᠡᠭᠴᠡᠭᠡ ᠶᠢ ᠪᠠᠲᠤᠯᠠᠪᠠ᠃ ᠲᠠᠷᠠᠭ᠎ᠠ ᠨᠢ ᠬᠥᠮᠥᠨ ᠤ ᠬᠦᠴᠦᠨ ᠤ ᠥᠪᠡᠷ  ᠤᠨ ᠥᠷᠲᠡᠭ ᠢ ᠠᠷᠪᠢᠯᠠᠨ᠂ ᠮᠠᠯ ᠰᠦᠷᠦᠭ ᠤᠨ ᠪᠡᠯᠴᠢᠭᠡᠷ ᠲᠤ ᠦᠵᠡᠭᠦᠯᠭᠦ ᠳᠠᠷᠤᠯᠲᠠ ᠶᠢ ᠬᠥᠩᠭᠡᠷᠡᠭᠦᠯᠬᠦ ᠶᠢᠨ ᠲᠥᠯᠥᠭᠡ᠂ ︽ᠪᠤᠭ ᠮᠠᠯ ᠢ ᠴᠥᠭᠡᠳᠬᠡᠨ ᠦᠬᠡᠷ ᠤᠨ ᠲᠤᠭ᠎ᠠ ᠶᠢ ᠨᠡᠮᠡᠭᠳᠡᠭᠦᠯᠬᠦ︾ ᠠᠷᠭ᠎ᠠ ᠶᠢ ᠬᠡᠷᠡᠭᠵᠢᠭᠦᠯᠵᠦ᠂ ᠲᠤᠰᠬᠠᠶᠢᠵᠢᠭᠰᠠᠨ ᠮᠢᠬᠠᠨ ᠤ ᠦᠬᠡᠷ ᠤᠨ ᠡᠭᠦᠯᠳᠡᠷ ᠢ ᠬᠥᠭᠵᠢᠭᠦᠯᠦᠨ 3 ᠲᠡᠵᠢᠭᠡᠪᠦᠷᠢ ᠶᠢᠨ ᠲᠠᠯᠠᠪᠠᠢ ᠪᠠᠶᠢᠭᠤᠯᠵᠤ᠂ 1700 ᠭᠠᠷᠤᠢ ᠦᠬᠡᠷ ᠲᠡᠵᠢᠭᠡᠨ᠂ ᠵᠢᠯ ᠪᠦᠷᠢ 800 ᠭᠠᠷᠤᠢ ᠦᠬᠡᠷ ᠢ ᠪᠣᠷᠳᠣᠵᠤ ᠲᠠᠷᠭᠤᠯᠠᠭᠤᠯᠤᠭᠰᠠᠨ ᠬᠤᠶᠢᠨ᠎ᠠ ᠬᠤᠳᠠᠯᠳᠤᠵᠤ ᠪᠤᠢ᠃ ᠲᠤᠰ ᠬᠤᠷᠰᠢᠶ᠎ᠠ ᠨᠢ ᠪᠠᠰᠠ ᠡᠷᠲᠡ ᠲᠡᠵᠢᠭᠡᠯ ᠨᠥᠬᠦᠪᠦᠷᠢᠯᠡᠬᠦ᠂ ᠡᠷᠲᠡ ᠬᠤᠳᠠᠯᠳᠤᠬᠤ᠂ ᠡᠷᠲᠡ ᠭᠠᠷ ᠬᠡᠭᠡᠯᠲᠦᠭᠦᠯᠭᠡ ᠬᠢᠬᠦ᠂ ᠡᠷᠲᠡ ᠲᠤᠭᠤᠯ ᠲᠤᠰᠬᠤ︽ᠳᠥᠷᠪᠡᠨ ᠡᠷᠲᠡ︾ ᠶᠢᠨ ᠵᠠᠭᠪᠤᠷ ᠢ ᠬᠡᠷᠡᠭᠵᠢᠭᠦᠯᠵᠦ᠂ ᠬᠡᠪᠴᠢᠶᠡᠵᠢᠭᠦᠯᠦᠨ ᠲᠡᠵᠢᠭᠡᠬᠦ ᠶᠢ ᠪᠡᠶᠡᠯᠡᠭᠦᠯᠦᠨ᠂ ᠪᠣᠷᠳᠣᠵᠤ ᠲᠠᠷᠭᠤᠯᠠᠭᠤᠯᠬᠤ ᠦᠭᠡᠢ ᠪᠣᠯ ᠪᠣᠷᠣᠯᠠᠭᠤᠯᠬᠤ ᠦᠭᠡᠢ ᠪᠠᠶᠢᠵᠤ᠂ ᠮᠢᠬᠠᠨ ᠤ ᠦᠬᠡᠷ ᠨᠢ 1300 ᠵᠢᠩ ᠳᠤ ᠭᠦᠷᠦᠭᠰᠡᠨ ᠬᠤᠶᠢᠨ᠎ᠠ ᠰᠠᠶ᠋ᠢ ᠨᠢᠲᠤᠯᠤᠨ ᠬᠤᠳᠠᠯᠳᠤᠬᠤ ᠠᠵᠤ ᠠᠬᠤᠶᠢᠯᠠᠯ ᠳᠤ ᠬᠤᠳᠠᠯᠳᠤᠨ ᠥᠭᠴᠦ ᠪᠠᠶᠢᠨ᠎ᠠ᠃ ᠤᠷᠵᠢᠨᠤᠨ ᠳᠤᠰ ᠬᠤᠷᠰᠢᠶ᠎ᠠ ᠶᠢᠨ ᠠᠰᠢᠭ ᠣᠯᠵᠠᠪᠤᠷᠢ 200 ᠲᠦᠮᠡᠨ ᠲᠥᠭᠦᠷᠢᠭ ᠲᠤ ᠬᠦᠷᠴᠦ᠂ ᠬᠥᠮᠥᠨ ᠳᠤᠮᠳᠠᠴᠢ ᠶᠢᠨ ᠣᠷᠣᠯᠭ᠎ᠠ ᠨᠢ 9.5 ᠲᠦᠮᠡᠨ ᠲᠥᠭᠦᠷᠢᠭ ᠲᠤ ᠬᠦᠷᠴᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号