ᠦᠴᠦᠸᠠᠨ ᠰᠢᠶᠠᠨ ᠠᠩᠭᠢ ᠶᠢᠨ ᠡᠷᠬᠢᠯᠡᠭᠴᠢ ᠶᠢᠨ ᠴᠢᠳᠠᠪᠤᠷᠢ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2024/4/15
     ᠦᠴᠦᠸᠠᠨ ᠰᠢᠶᠠᠨ ᠤ ᠠᠩᠭᠢ ᠶᠢᠨ ᠡᠷᠬᠢᠯᠡᠭᠴᠢ ᠶᠢᠨ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ᠂ ᠠᠵᠢᠯ ᠤᠨ ᠤᠷᠠᠯᠢᠭ ᠤᠨ ᠬᠢᠷᠢ ᠬᠡᠮᠵᠢᠶ᠎ᠡ ᠪᠠ ᠠᠵᠢᠯ ᠤᠨ ᠬᠤᠭᠤᠴᠠᠭᠠᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 4 ᠰᠠᠷ᠎ᠠ ᠶᠢᠨ 13 ᠤ ᠡᠳᠦᠷ᠂ ᠦᠴᠦᠸᠠᠨ ᠰᠢᠶᠠᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ ᠤᠨ ᠪᠣᠶ ᠪᠦᠬᠦᠢ ᠠᠩᠭᠢ ᠶᠢᠨ ᠡᠷᠬᠢᠯᠡᠭᠴᠢ ᠵᠢᠴᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠨᠠᠷ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ᠂ ᠦᠴᠦᠸᠠᠨ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠠᠴᠠ ᠳᠠᠭᠠᠭᠠᠴᠢᠯᠠᠨ ᠡᠷᠭᠢᠯᠡᠭᠰᠡᠨ ᠨᠢᠭᠡ ᠡᠳᠦᠷ ᠤᠨ ᠬᠤᠭᠤᠴᠠᠭ᠎ᠠ ᠲᠠᠢ ᠪᠥᠬᠦ ᠰᠢᠶᠠᠨ ᠤ ᠠᠩᠭᠢ ᠶᠢᠨ ᠡᠷᠬᠢᠯᠡᠭᠴᠢ ᠶᠢᠨ ᠴᠢᠳᠠᠪᠤᠷᠢ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠵᠤ᠂ ᠪᠥᠬᠦ ᠰᠢᠶᠠᠨ ᠤ ᠡᠯ᠎ᠡ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠵᠢᠴᠢ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠨᠡᠶᠢᠲᠡ 200 ᠭᠠᠷᠤᠢ ᠬᠥᠮᠥᠨ ᠪᠣᠯᠪᠠᠰᠤᠷᠠᠭᠤᠯᠤᠯ ᠳᠤ ᠣᠷᠣᠯᠴᠠᠵᠠᠢ᠃      ᠲᠣᠰ ᠤᠳᠠᠭᠠᠨ ᠤ ᠪᠣᠯᠪᠠᠰᠤᠷᠠᠭᠤᠯᠤᠯ ᠳᠤ ᠪᠥᠬᠦ ᠤᠯᠤᠰ ᠤᠨ ᠵᠠᠯᠠᠭᠤᠴᠤᠳ ᠤᠨ ᠠᠩᠭᠢ ᠶᠢᠨ ᠡᠷᠬᠢᠯᠡᠭᠴᠢ ᠶᠢᠨ ᠳᠠᠭᠠᠭᠤᠯᠤᠭᠴᠢ ᠯᠢ ᠳ᠋ᠢ ᠪᠣᠯᠣᠨ ᠳᠤᠮᠳᠠᠳᠤ ᠤᠯᠤᠰ ᠤᠨ ᠶᠠᠰᠤ ᠴᠢᠨᠠᠷ ᠤᠨ ᠨᠡᠶᠢᠭᠡᠮᠯᠢᠭ ᠤᠨ ᠰᠤᠷᠭᠠᠨ ᠬᠥᠮᠦᠵᠢᠯ ᠤᠨ ᠬᠤᠪᠢᠶᠠᠷᠢ ᠨᠡᠶᠢᠭᠡᠮᠯᠢᠭ ᠤᠨ ᠳᠡᠳ᠋ ᠳᠠᠷᠤᠭ᠎ᠠ ᠵᠠᠩ ᠭᠦᠸᠧ ᠬᠤᠩ ᠢ ᠤᠷᠢᠵᠤ ᠭᠤᠣᠯᠯᠠᠨ ᠶᠠᠷᠢᠭᠤᠯᠪᠠ᠃ ᠬᠤᠶᠠᠷ ᠲᠤᠰᠬᠠᠢ ᠮᠡᠷᠭᠡᠵᠢᠯᠲᠡᠨ ᠲᠣᠰᠪᠣᠷᠢ ︽ᠰᠤᠷᠤᠭᠴᠢᠳ ᠤᠨ ᠬᠦᠷᠢᠶᠡᠯᠡᠯ ᠢ ᠣᠯᠣᠭᠰᠠᠨ ᠤᠶᠤᠨ ᠪᠢᠯᠢᠭ ᠤᠨ ᠬᠡᠯᠪᠡᠷᠢ ᠶᠢᠨ ᠠᠩᠭᠢ ᠶᠢᠨ ᠡᠷᠬᠢᠯᠡᠭᠴᠢ ᠪᠣᠯᠬᠤ︾᠂ ︽ᠰᠤᠷᠭᠠᠨ ᠬᠦᠮᠦᠵᠢᠯᠲᠡᠨ ᠤ ᠵᠣᠷᠢᠭ ᠰᠠᠨᠠᠭ᠎ᠠ ᠶᠢ ᠰᠤᠷᠤᠯᠴᠠᠵᠤ᠂ ᠦᠴᠦᠸᠠᠨ ᠳᠤ ᠠᠩᠭᠢ ᠶᠢᠨ ᠡᠷᠬᠢᠯᠡᠭᠴᠢ ᠶᠢᠨ ᠠᠮᠢᠳᠤᠷᠠᠯ ᠢᠶᠠᠨ ᠰᠠᠶᠢᠲᠤᠷ ᠥᠩᠭᠡᠷᠡᠭᠦᠯᠬᠦ︾ ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠲᠠᠶᠢᠯᠤᠮᠵᠢ ᠶᠢᠨ ᠠᠭᠤᠯᠭ᠎ᠠ ᠪᠠᠶᠠᠯᠢᠭ᠂ ᠬᠡᠷᠡᠭ ᠤᠨ ᠵᠢᠱᠢᠶ᠎ᠡ ᠠᠮᠢᠳᠤᠯᠢᠭ᠂ ᠦᠭᠡ ᠬᠡᠯᠡ ᠠᠮᠢᠳᠤᠯᠢᠭ᠂ ᠣᠨᠣᠯᠴᠢ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢᠶᠠᠷ ᠮᠠᠰᠢ ᠴᠢᠩᠭ᠎ᠠ ᠪᠠᠶᠢᠳᠠᠭ᠃      ᠯᠢ ᠳ᠋ᠢ ᠬᠡᠷᠡᠭ ᠤᠨ ᠵᠢᠱᠢᠶ᠎ᠡ ᠶᠢᠨ ᠵᠠᠳᠠᠯᠤᠯᠲᠠ᠂ ᠬᠡᠷᠡᠭᠵᠢᠭᠦᠯᠬᠦ ᠠᠷᠭ᠎ᠠ ᠵᠠᠮ ᠤᠨ ᠵᠠᠳᠠᠯᠤᠯᠲᠠ᠂ ᠠᠷᠭ᠎ᠠ ᠪᠣᠳᠣᠯᠭ᠎ᠠ ᠶᠢᠨ ᠮᠡᠷᠭᠡᠵᠢᠯ ᠤᠨ ᠵᠠᠳᠠᠯᠤᠯᠲᠠ ᠵᠡᠷᠭᠡ ᠲᠠᠯ᠎ᠠ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠶᠢᠨ ᠠᠩᠭᠢ ᠶᠢᠨ ᠡᠷᠬᠢᠯᠡᠭᠴᠢ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠴᠢ ᠶᠠᠭᠤᠨ ᠳᠤ ᠲᠡᠶᠢᠮᠦ ᠳᠣᠭᠰᠢᠨ ᠪᠤᠶ︾ ᠭᠡᠳᠡᠭ ᠠᠴᠠ ᠭᠠᠷᠳᠠᠵᠤ᠂ ︽ᠠᠭᠤᠷ ᠬᠢᠯᠢᠩ ᠤᠨ ᠠᠩᠭᠢᠯᠠᠯ︾᠂ ︽ᠠᠭᠤᠷ ᠬᠢᠯᠢᠩ ᠪᠠ ᠡᠮᠭᠡᠨᠢᠯ ᠢ ᠨᠠᠮᠳᠠᠭᠤᠯᠬᠤ ᠳᠥᠷᠪᠡᠨ ᠠᠷᠭ᠎ᠠ︾᠂ ︽ᠰᠤᠷᠤᠭᠴᠢᠳ ᠢ ᠲᠣᠬᠤᠨᠢᠭᠤᠯᠬᠤ ᠦᠶ᠎ᠡ ᠳᠤ ᠠᠮᠠᠷᠬᠠᠨ ᠭᠠᠷᠭᠠᠳᠠᠭ ᠠᠯᠳᠠᠭ᠎ᠠ ᠪᠠ ᠠᠷᠭᠠᠴᠠᠬᠤ ᠠᠷᠭ᠎ᠠ︾᠂ ︽ᠰᠤᠷᠤᠭᠴᠢᠳ ᠢ ᠬᠡᠷᠬᠢᠨ ᠬᠠᠪᠰᠤᠷᠴᠤ ᠤᠷᠮ᠎ᠠ ᠰᠡᠳᠬᠢᠯᠭᠡ ᠶᠢᠨ ᠡᠵᠡᠨ ᠪᠣᠯᠭᠠᠬᠤ ᠪᠤᠶ︾ ᠵᠡᠷᠭᠡ ᠲᠠᠯ᠎ᠠ  ᠶᠢ ᠲᠣᠳᠣᠷᠬᠠᠶᠢᠯᠠᠨ ᠬᠤᠪᠢᠶᠠᠯᠴᠠᠭᠰᠠᠨ ᠪᠥᠭᠡᠳ ᠰᠡᠳᠬᠢᠴᠡ ᠶᠢᠨ ᠵᠦᠢ ᠶᠢᠨ ᠰᠢᠯᠲᠠᠭᠠᠨ ᠬᠤᠷᠢᠶᠠᠩᠭᠤᠶᠢᠯᠠᠬᠤᠢ ᠶᠢᠨ ᠤᠨᠤᠯ ᠪᠠ ᠰᠡᠳᠬᠢᠴᠡ ᠶᠢᠨ ᠵᠦᠢ ᠶᠢᠨ ᠦᠢᠯᠡᠳᠦᠯ ᠢ ᠬᠡᠷᠬᠢᠨ ᠬᠡᠷᠡᠭᠯᠡᠬᠦ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠣᠳᠣᠷᠬᠠᠶᠢᠯᠠᠨ ᠲᠠᠶᠢᠯᠪᠤᠷᠢᠯᠠᠪᠠ᠂ ᠡᠨᠡ ᠨᠢ ᠠᠩᠭᠢ ᠶᠢᠨ ᠡᠷᠬᠢᠯᠡᠭᠴᠢ ᠰᠤᠷᠤᠭᠴᠢᠳ ᠤᠨ ᠠᠮᠢᠳᠤᠷᠠᠯ ᠤᠨ ᠵᠢᠯᠣᠭᠤᠳᠤᠭᠴᠢ ᠪᠠᠭᠰᠢ ᠶᠢ ᠬᠡᠷᠬᠢᠨ ᠰᠠᠶᠢᠲᠤᠷ ᠬᠢᠬᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ᠂ ᠰᠤᠷᠤᠭᠴᠢᠳ ᠤᠨ ᠰᠤᠷᠤᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠠᠩᠭᠢ ᠶᠢᠨ ᠬᠠᠮᠢᠶᠠᠷᠤᠯᠲᠠ ᠶᠢ ᠬᠡᠷᠬᠢᠨ ᠰᠠᠶᠢᠲᠤᠷ ᠬᠢᠬᠦ ᠳᠤ ᠴᠢᠬᠤᠯᠠ ᠦᠢᠯᠡᠳᠦᠯ ᠦᠵᠡᠭᠦᠯᠦᠭᠰᠡᠨ ᠪᠠᠶᠢᠨ᠎ᠠ᠃ ᠪᠦᠬᠦ᠋ᠢᠯᠡ ᠲᠠᠩᠬᠢᠮ ᠤᠨ ᠲᠠᠶᠢᠯᠤᠮᠵᠢ ᠳᠤ ᠰᠣᠨᠣᠰᠪᠤᠷᠢᠲᠠᠢ᠂ ᠭᠦᠨᠵᠡᠭᠡᠢ ᠪᠥᠭᠡᠳ ᠣᠶᠢᠯᠠᠭᠠᠮᠵᠢᠲᠠᠢ᠂ ᠪᠣᠷᠣᠭᠵᠢᠭᠤᠨ ᠪᠥᠭᠡᠳ ᠰᠣᠨᠢᠷᠬᠠᠯᠲᠠᠢ ᠦᠭᠡ ᠬᠡᠯᠡ᠂ ᠠᠮᠢᠳᠤᠯᠢᠭ ᠰᠠᠶᠢᠬᠠᠨ ᠬᠠᠵᠠᠭᠤ ᠶᠢᠨ ᠪᠣᠳᠠᠲᠤ ᠵᠢᠱᠢᠶ᠎ᠡ ᠪᠠᠷ᠂ ᠬᠥᠮᠥᠰ ᠲᠤ ᠭᠦᠨ ᠰᠡᠩᠬᠡᠷᠡᠭᠦᠯᠦᠯ ᠣᠯᠭᠤᠪᠠ᠂ ᠲᠡᠭᠦᠨ ᠤ ᠱᠤᠭ ᠶᠦᠮᠦᠷᠯᠢᠭ᠂ ᠡᠷᠳᠡᠮ ᠮᠡᠳᠡᠯᠭᠡ ᠤᠢ ᠪᠢᠯᠢᠭ ᠢᠶᠠᠷ ᠢᠶᠠᠨ ᠪᠠᠭᠰᠢ ᠨᠠᠷ ᠤᠨ ᠬᠠᠯᠠᠭᠤᠨ ᠠᠯᠠᠭ᠎ᠠ ᠲᠡᠰᠢᠯᠲᠡ ᠶᠢ ᠣᠯᠣᠭᠰᠠᠨ ᠪᠠᠶᠢᠨ᠎ᠠ᠃      ᠵᠠᠩ ᠭᠦᠸᠧ ᠬᠤᠩ ᠤᠯᠤᠰ᠂ ᠨᠡᠶᠢᠭᠡᠮ ᠤᠨ ᠳᠠᠪᠬᠤᠷᠭ᠎ᠠ ᠶᠢᠨ ᠥᠨᠳᠥᠷ ᠪᠠᠶᠢᠷᠢᠨ ᠳᠤ ᠵᠣᠭᠰᠣᠵᠤ᠂ ︽ᠰᠤᠷᠭᠠᠨ ᠬᠦᠮᠦᠵᠢᠯᠲᠡᠨ ᠤ ᠵᠣᠷᠢᠭ ᠰᠠᠨᠠᠭ᠎ᠠ︾ ᠶᠢᠨ ᠭᠦᠨᠵᠡᠭᠡᠢ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠨᠠᠷᠢᠨ ᠲᠠᠶᠢᠯᠪᠤᠷᠢᠯᠠᠪᠠ᠃ ᠰᠤᠷᠭᠠᠨ ᠬᠦᠮᠦᠵᠢᠯᠲᠡᠨ ᠤ ᠵᠣᠷᠢᠭ ᠰᠠᠨᠠᠭ᠎ᠠ ᠶᠢ ᠬᠡᠷᠬᠢᠨ ᠪᠠᠳᠠᠷᠠᠭᠤᠯᠵᠤ ᠦᠢᠯᠡᠳᠦᠯᠭᠡᠵᠢᠭᠦᠯᠬᠦ ᠶᠢ ᠶᠠᠷᠢᠬᠤ ᠪᠠᠷ ᠳᠠᠮᠵᠢᠭᠤᠯᠤᠨ᠂ ᠬᠤᠷᠠᠯ ᠳᠤ ᠣᠷᠣᠯᠴᠠᠭᠰᠠᠨ ᠠᠩᠭᠢ ᠶᠢᠨ ᠡᠷᠬᠢᠯᠡᠭᠴᠢ ᠶᠢᠨ ᠰᠤᠷᠭᠠᠨ ᠬᠥᠮᠦᠵᠢᠯ ᠤᠨ ᠬᠠᠷᠠᠭ᠎ᠠ ᠶᠢ ᠥᠷᠭᠡᠳᠬᠡᠵᠦ᠂ ᠤᠷᠤᠭᠰᠢᠯᠠᠯᠲᠠ ᠶᠢᠨ ᠴᠢᠭᠯᠡᠯ ᠢ ᠵᠢᠭᠠᠨ ᠥᠭᠪᠡ᠃ ᠵᠠᠩ ᠪᠠᠭᠰᠢ ᠥᠪᠡᠷ ᠤᠨ ᠬᠥᠯ ᠢᠶᠠᠷ ᠢᠶᠠᠨ ᠳᠡᠯᠡᠬᠡᠢ ᠶᠢ ᠬᠡᠮᠵᠢᠵᠦ᠂ ᠪᠠᠭᠰᠢ ᠨᠠᠷ ᠲᠤ ᠤᠯᠤᠰ ᠤᠨ ᠳᠣᠲᠣᠭᠠᠳᠤ ᠭᠠᠳᠠᠭᠠᠳᠤ ᠶᠢᠨ ᠬᠡᠳᠦᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠵᠢᠴᠢ ᠰᠤᠷᠭᠠᠭᠤᠯᠢ ᠡᠷᠬᠢᠯᠡᠬᠦ ᠰᠣᠶᠣᠯ ᠢ ᠳᠡᠯᠭᠡᠨ ᠦᠵᠡᠭᠦᠯᠵᠦ᠂ ᠥᠪᠡᠷ ᠤᠨ ᠠᠩᠭᠢ ᠶᠢᠨ ᠡᠷᠬᠢᠯᠡᠭᠴᠢ ᠪᠠᠶᠢᠭᠰᠠᠨ ᠦᠶ᠎ᠡ ᠶᠢᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠠᠩᠭᠢ ᠶᠢᠨ ᠡᠷᠬᠢᠯᠡᠭᠴᠢ ᠪᠣᠯᠣᠨ ᠰᠤᠷᠤᠭᠴᠢᠳ ᠤᠨ ᠬᠤᠭᠤᠷᠣᠨᠳᠣᠬᠢ ᠰᠠᠶᠢᠨ ᠰᠠᠶᠢᠬᠠᠨ ᠬᠠᠷᠢᠴᠠᠭ᠎ᠠ ᠶᠢ ᠪᠠᠲᠤᠯᠠᠬᠤ ᠪᠣᠳᠠᠲᠠᠢ ᠠᠷᠭ᠎ᠠ ᠨᠤᠭᠤᠳ ᠢ ᠨᠠᠷᠢᠨ ᠲᠠᠨᠢᠯᠴᠠᠭᠤᠯᠵᠤ᠂ ᠪᠠᠭᠰᠢ ᠨᠠᠷ ᠲᠤ ᠶᠡᠭᠡ ᠠᠰᠢᠭ ᠬᠦᠷᠲᠡᠭᠡᠭᠰᠡᠨ ᠪᠠᠶᠢᠨ᠎ᠠ᠃      ᠪᠣᠯᠪᠠᠰᠤᠷᠠᠭᠤᠯᠤᠯ ᠢᠶᠠᠷ ᠳᠡᠮᠵᠢᠨ᠂ ᠠᠩᠭᠢ ᠶᠢᠨ ᠡᠷᠬᠢᠯᠡᠭᠴᠢ ᠨᠠᠷ ᠠᠵᠢᠯ ᠤᠨ ᠴᠢᠭᠯᠡᠯ ᠪᠠ ᠬᠠᠷᠠᠯᠲᠠ ᠪᠠᠨ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤᠲᠠᠢ ᠲᠣᠭᠲᠠᠭᠠᠨ᠂ ᠠᠵᠢᠯ ᠮᠡᠷᠭᠡᠵᠢᠯ ᠤᠨ ᠮᠡᠳᠡᠷᠡᠮᠵᠢ ᠶᠢᠨ ᠰᠡᠳᠬᠢᠯᠭᠡ᠂ ᠢᠷᠠᠭᠤ ᠠᠯᠳᠠᠷ ᠤᠨ ᠰᠡᠳᠬᠢᠯᠭᠡ᠂ ᠵᠣᠯ ᠵᠢᠷᠭᠠᠯ ᠤᠨ ᠲᠥᠷᠥᠭᠳᠡᠯ ᠢᠶᠠᠨ ᠨᠡᠮᠡᠭᠳᠡᠭᠦᠯᠵᠡᠢ᠃ ᠲᠡᠳᠡ ᠲᠤᠰᠬᠠᠢ ᠮᠡᠷᠭᠡᠵᠢᠯᠲᠡᠳ ᠤᠨ ᠣᠯᠠᠨ ᠳᠤ ᠥᠭᠭᠦᠭᠰᠡᠨ ᠰᠡᠩᠬᠡᠷᠡᠭᠦᠯᠦᠯ᠂ ᠰᠣᠷᠣᠭᠰᠠᠨ ᠰᠤᠷᠭᠠᠨ ᠬᠥᠮᠦᠵᠢᠯ ᠤᠨ ᠣᠶᠢᠯᠠᠭᠠᠭᠳᠠᠬᠤᠨ ᠪᠠ ᠬᠠᠮᠢᠶᠠᠷᠤᠯᠲᠠ ᠶᠢᠨ ᠠᠷᠭ᠎ᠠ ᠪᠠᠨ ᠡᠳᠦᠷ ᠲᠤᠲᠤᠮ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠠᠭᠤᠰᠬᠠᠨ ᠣᠷᠣᠭᠤᠯᠵᠤ᠂ ᠬᠤᠶᠢᠰᠢᠳᠠ ᠶᠢᠨ ᠠᠵᠢᠯ ᠢᠶᠠᠨ ᠨᠡᠩ ᠦᠷ᠎ᠡ ᠪᠦᠲᠦᠮᠵᠢ ᠲᠠᠢ ᠨᠡᠩ ᠤᠳᠬ᠎ᠠ ᠠᠭᠤᠯᠭ᠎ᠠ ᠲᠠᠢ ᠪᠣᠯᠭᠠᠨ᠎ᠠ ᠭᠡᠵᠦ ᠢᠯᠡᠷᠬᠡᠶᠢᠯᠡᠵᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号