ᠬᠥᠬᠡ ᠡᠷᠭᠢ ᠪᠠᠯᠭᠠᠰᠤᠨ ᠤ ᠵᠠᠰᠠᠭ ᠤᠨ ᠣᠷᠳᠣᠨ᠂ ᠶᠢᠩ ᠪᠢᠨ ᠨᠡᠶᠢᠭᠡᠮ ᠲᠣᠭᠤᠷᠢᠭ ᠤᠨ ᠲᠣᠮᠢᠯᠠᠭᠰᠠᠨ ᠰᠠᠯᠪᠤᠷᠢ ᠬᠠᠮᠲᠤᠷᠠᠨ ︽1+9+N︾ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠦᠭᠰᠡᠨ ᠪᠥᠭᠡᠳ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/15
     ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠢᠶᠠᠨ ᠤ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠦᠨᠳᠦᠰᠦᠨ ᠪᠠᠶᠢᠳᠠᠯ ᠳᠤ ᠰᠠᠭᠤᠷᠢᠯᠠᠨ᠂ ︽1+9+N︾ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠰᠢᠨ᠎ᠡ ᠵᠠᠭᠪᠤᠷ ᠢ ᠢᠳᠡᠪᠬᠢᠲᠡᠢ ᠡᠭᠦᠳᠦᠨ ᠪᠠᠶᠢᠭᠤᠯᠪᠠ᠂ ᠲᠤᠬᠠᠶᠢᠯᠠᠪᠠᠯ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ︽3 ᠪᠠᠯᠭᠠᠰᠤ 6 ᠰᠢᠶᠠᠩ︾ ᠤᠨ ᠭᠤᠣᠯ ᠤᠳᠤᠷᠢᠳᠤᠯᠭ᠎ᠠ ᠠᠴᠠ ᠡᠩᠨᠡᠭᠡᠨ ᠤ ᠪᠠᠶᠢᠭᠤᠯᠤᠯᠲᠠ ᠵᠢᠴᠢ ᠡᠳᠦᠷ ᠲᠤᠲᠤᠮ ᠤᠨ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠵᠤ᠂ ᠡᠯ᠎ᠡ ᠲᠣᠮᠢᠯᠠᠭᠰᠠᠨ ᠰᠠᠯᠪᠤᠷᠢ ᠶᠢᠨ ᠭᠤᠣᠯ ᠬᠠᠷᠢᠭᠤᠴᠠᠯᠭᠠᠲᠠᠨ ᠪᠣᠳᠠᠲᠠᠢ ᠬᠡᠷᠡᠭᠵᠢᠭᠦᠯᠦᠨ᠎ᠡ︔ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠲᠣᠬᠢᠷᠠᠭᠤᠯᠭ᠎ᠠ ᠶᠢᠨ ᠵᠢᠯᠤᠭᠤᠳᠬᠤ ᠲᠥᠪ ᠵᠢᠴᠢ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠢᠮᠡᠭᠡ ᠮᠡᠳᠡᠭᠡᠨ ᠤ ᠵᠢᠯᠤᠭᠤᠳᠬᠤ ᠲᠥᠪ ᠠᠴᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠵᠢᠯᠣᠭᠤᠳᠤᠨ᠎ᠠ︔ 123 ᠰᠠᠯᠠᠭ᠎ᠠ ᠬᠥᠳᠡᠭᠡ ᠲᠣᠰᠬᠤᠨ ᠤ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠪᠣᠯᠣᠨ ᠨᠡᠶᠢᠭᠡᠮ ᠤᠨ ᠲᠤᠰᠬᠠᠢ ᠮᠡᠷᠭᠡᠵᠢᠯ ᠤᠨ ᠬᠦᠴᠦᠨ ᠤ ᠬᠠᠮᠲᠤ ᠪᠠᠷ ᠣᠷᠣᠯᠴᠠᠭᠰᠠᠨ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠰᠢᠨ᠎ᠡ ᠵᠠᠭᠪᠤᠷ ᠪᠣᠯᠥᠨ᠎ᠠ᠃ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ 4 ᠰᠠᠷ᠎ᠠ ᠶᠢᠨ 12 ᠤᠨ ᠡᠳᠦᠷ᠂ ᠬᠥᠬᠡ ᠡᠷᠭᠢ ᠪᠠᠯᠭᠠᠰᠤᠨ ᠤ ᠵᠠᠰᠠᠭ ᠤᠨ ᠣᠷᠳᠣᠨ᠂ ᠶᠢᠩ ᠪᠢᠨ ᠨᠡᠶᠢᠭᠡᠮ ᠲᠣᠭᠤᠷᠢᠭ ᠤᠨ ᠲᠣᠮᠢᠯᠠᠭᠰᠠᠨ ᠰᠠᠯᠪᠤᠷᠢ ᠬᠠᠮᠲᠤᠷᠠᠨ ︽1+9+N︾ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠬᠦ ᠶᠢᠨ ᠬᠠᠮᠲᠤ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ᠃
     ︽ᠰᠠᠢᠨ ᠪᠠᠢᠨ᠎ᠠ ᠤᠤ︖ ᠰᠢᠩ ᠶᠧ KTV ᠳᠤ ᠬᠥᠮᠥᠨ ᠦᠢᠮᠡᠭᠡᠨ ᠭᠠᠷᠭᠠᠵᠤ ᠪᠠᠢᠨ᠎ᠠ᠂ ᠬᠥᠬᠡᠬᠤᠲᠠ ᠶᠢᠨ ᠵᠢᠷᠤᠮ ᠤᠨ ᠴᠠᠭᠳᠠᠭ᠎ᠠ ᠲᠦᠷᠭᠡᠨ ᠢᠷᠠᠵᠤ ᠲᠤᠰᠠᠯᠠᠭᠠᠷᠠᠢ︕︾      ᠲᠤᠰᠠᠯᠠᠮᠵᠢ ᠭᠤᠶᠤᠴᠢᠯᠠᠬᠤ ᠤᠲᠠᠰᠤ ᠶᠢ ᠳᠤᠰᠤᠭᠰᠠᠨ ᠤ ᠳᠠᠷᠠᠭ᠎ᠠ᠂ ᠶᠢᠩ ᠪᠢᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠡᠷᠭᠢᠨ ᠲᠣᠭᠤᠷᠢᠨ ᠤ ᠬᠤᠳᠠᠯᠳᠤᠭᠠᠨ ᠤ ᠡᠷᠦᠬᠡ ᠪᠠᠷ ᠪᠦᠷᠢᠯᠳᠦᠭᠰᠡᠨ ᠬᠥᠬᠡᠬᠤᠲᠠ ᠶᠢᠨ ᠵᠢᠷᠤᠮ ᠤᠨ ᠴᠠᠭᠳᠠᠭ᠎ᠠ ᠶᠢ ᠳᠠᠭᠠᠭᠤᠯᠤᠨ KTV ᠳᠤ ᠬᠦᠷᠴᠦ ᠬᠡᠷᠡᠭ ᠡᠳᠦᠭᠰᠡᠳ ᠢ ᠢᠳᠬᠠᠵᠤ᠂ ᠬᠦᠴᠦᠷᠬᠡᠭᠯᠡᠯ ᠤᠨ ᠦᠶᠯᠡ ᠠᠵᠢᠯᠯᠠᠭ᠎ᠠ ᠶᠢ ᠬᠤᠷᠢᠭᠯᠠᠨ ᠵᠣᠭᠰᠤᠭᠠᠬᠤ ᠶᠢᠨ ᠬᠠᠮᠲᠤ ᠠᠷᠭ᠎ᠠ ᠰᠦᠪᠡᠭᠴᠢᠯᠡᠨ ᠲᠡᠭᠦᠨ ᠢ ᠬᠡᠷᠡᠭ ᠭᠠᠷᠤᠭᠰᠠᠨ ᠲᠤᠬᠠᠢ ᠶᠢᠨ ᠲᠠᠯᠠᠪᠤᠷ ᠠᠴᠠ ᠵᠠᠶᠢᠯᠠᠭᠤᠯᠬᠤ ᠶᠢᠨ ᠵᠡᠷᠭᠡ ᠳᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠴᠤ ᠬᠡᠷᠡᠭ ᠭᠠᠷᠤᠭᠰᠠᠨ ᠲᠤᠬᠠᠢ ᠶᠢᠨ ᠲᠠᠯᠠᠪᠤᠷ ᠲᠤ ᠳᠠᠷᠤᠢ ᠲᠦᠷᠭᠡᠨ ᠬᠦᠷᠴᠦ᠂ ᠬᠥᠬᠡᠬᠤᠲᠠ ᠶᠢᠨ ᠵᠢᠷᠤᠮ ᠤᠨ ᠴᠠᠭᠳᠠᠭ᠎ᠠ ᠶᠢᠨ ᠬᠠᠪᠰᠤᠷᠤᠯᠭ᠎ᠠ ᠳᠣᠣᠷ᠎ᠠ᠂ ᠬᠡᠷᠡᠭ ᠡᠳᠦᠭᠰᠡᠳ ᠲᠤ ᠭᠤᠷᠪᠠ ᠤᠳᠠᠭ᠎ᠠ ᠰᠡᠷᠡᠮᠵᠢ ᠥᠭᠭᠦᠭᠰᠡᠨ ᠤ ᠳᠠᠷᠠᠭ᠎ᠠ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠤ ᠪᠠᠶᠢᠭᠠᠳ ᠲᠡᠭᠦᠨ ᠢ ᠨᠣᠮᠣᠬᠠᠳᠬᠠᠵᠤ ᠠᠪᠠᠴᠢᠨ ᠰᠢᠢᠳᠪᠦᠷᠢᠯᠡᠵᠡᠢ᠃      ᠪᠦᠬᠦ᠋ᠢᠯᠡ ᠰᠣᠷᠢᠯᠲᠠ ᠶᠢᠨ ᠶᠠᠪᠤᠴᠠ ᠳᠤ ᠥᠨᠳᠥᠷ ᠪᠦᠲᠦᠮᠵᠢᠲᠡᠶ ᠵᠢᠯᠤᠭᠤᠳᠬᠤ᠂ ᠬᠠᠷᠢᠯᠴᠠᠨ ᠬᠠᠮᠵᠢᠯᠴᠠᠬᠤ᠂ ᠴᠠᠭᠳᠠᠭ᠎ᠠ ᠪᠣᠯᠣᠨ ᠠᠷᠠᠳ ᠬᠠᠮᠲᠤᠷᠠᠨ ᠬᠥᠳᠡᠯᠦᠯᠴᠡᠬᠦ᠂ ᠲᠦᠷᠭᠡᠨ ᠲᠤᠰᠬᠠᠬᠤ᠂ ᠪᠣᠳᠠᠲᠤ ᠪᠠᠶᠢᠯᠳᠤᠭᠠᠨ ᠲᠠᠢ ᠨᠢᠭᠲᠠ ᠤᠶᠠᠯᠳᠤᠭᠤᠯᠬᠤ ᠣᠨᠴᠠᠯᠢᠭ ᠢ ᠳᠣᠪᠤᠶᠢᠯᠭᠠᠵᠤ᠂ ᠨᠡᠶᠢᠭᠡᠮ ᠲᠣᠭᠤᠷᠢᠭ᠂ ᠲᠣᠮᠢᠯᠠᠭᠰᠠᠨ ᠰᠠᠯᠪᠤᠷᠢ ᠵᠢᠴᠢ ᠵᠤᠭ᠎ᠠ ᠴᠡᠩᠭᠡᠯ ᠤᠨ ᠲᠠᠯᠠᠪᠤᠷ ᠤᠨ ᠡᠶᠢᠮᠦᠷᠬᠦ ᠭᠡᠨᠡᠳᠲᠡ ᠶᠢᠨ ᠬᠡᠷᠡᠭ ᠢ ᠠᠷᠭᠠᠴᠠᠨ ᠰᠢᠢᠳᠪᠦᠷᠢᠯᠡᠬᠦ ᠲᠠᠯ᠎ᠠ ᠪᠠᠷ ᠬᠢ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠴᠢᠳᠠᠪᠤᠷᠢ ᠶᠢ ᠦᠨᠡᠨ ᠪᠣᠳᠠᠲᠠᠢ ᠪᠠᠷ ᠰᠢᠯᠭᠠᠨ ᠪᠠᠶᠢᠴᠠᠭᠠᠵᠠᠢ᠃      ᠰᠣᠷᠢᠯᠲᠠ ᠠᠴᠠ ᠡᠮᠦᠨ᠎ᠡ᠂ ᠰᠣᠷᠢᠯᠲᠠ ᠳᠤ ᠣᠷᠣᠯᠴᠠᠭᠰᠠᠨ ᠠᠷᠠᠳ ᠤᠨ ᠴᠠᠭᠳᠠᠭ᠎ᠠ ᠵᠤᠭ᠎ᠠ ᠴᠡᠩᠭᠡᠯ ᠤᠨ ᠦᠢᠯᠡᠴᠢᠯᠡᠭᠡᠨ ᠤ ᠲᠠᠯᠠᠪᠤᠷ ᠲᠤ ᠲᠤᠯᠭᠠᠷᠠᠵᠤ ᠪᠠᠶᠢᠭ᠎ᠠ ᠪᠣᠳᠠᠲᠠᠢ ᠪᠠᠶᠢᠳᠠᠯ ᠢ ᠦᠨᠳᠦᠰᠦᠯᠡᠨ᠂ ᠲᠠᠯᠠᠪᠤᠷ ᠤᠨ ᠬᠥᠮᠥᠰ ᠵᠢᠴᠢ ᠬᠥᠬᠡᠬᠤᠲᠠ ᠶᠢᠨ ᠵᠢᠷᠤᠮ ᠤᠨ ᠴᠠᠭᠳᠠᠭ᠎ᠠ ᠨᠠᠷ ᠬᠠᠤᠯᠢ ᠪᠤᠰᠤ ᠡᠲᠡᠭᠡᠳ ᠤᠨ ᠬᠦᠴᠦᠷᠬᠡᠭᠯᠡᠯ ᠤᠨ ᠳᠠᠭᠠᠷᠢᠯᠲᠠ ᠳᠤ ᠬᠡᠷᠬᠢᠨ ᠬᠠᠨᠳᠤᠬᠤ᠂ ᠰᠡᠷᠭᠡᠶᠢᠯᠡᠨ ᠬᠠᠮᠠᠭᠠᠯᠠᠬᠤ ᠪᠠᠭᠠᠵᠢ ᠬᠡᠷᠡᠭᠰᠡᠯ ᠢ ᠬᠡᠷᠬᠢᠨ ᠬᠡᠷᠡᠭᠯᠡᠨ ᠥᠪᠡᠷ   ᠢ ᠪᠠᠨ ᠬᠠᠮᠠᠭᠠᠯᠠᠬᠤ ᠲᠤᠬᠠᠢ ᠲᠤᠬᠠᠢ ᠶᠢᠨ ᠲᠠᠯᠠᠪᠤᠷ ᠤᠨ ᠦᠵᠡᠭᠦᠯᠦᠯᠭᠡ ᠪᠠ ᠣᠨᠣᠯ ᠤᠨ ᠪᠣᠯᠪᠠᠰᠤᠷᠠᠭᠤᠯᠤᠯ ᠬᠢᠭᠰᠡᠨ ᠪᠠᠶᠢᠨ᠎ᠠ᠃ ᠬᠥᠬᠡ ᠡᠷᠭᠢ ᠪᠠᠯᠭᠠᠰᠤᠨ ᠤ ᠡᠯ᠎ᠡ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠤ ᠲᠥᠯᠥᠭᠡᠯᠡᠭᠴᠢ᠂ ᠡᠯ᠎ᠡ ᠵᠤᠭ᠎ᠠ ᠴᠡᠩᠭᠡᠯ ᠤᠨ ᠲᠠᠯᠠᠪᠤᠷ ᠤᠨ ᠬᠠᠷᠢᠭᠤᠴᠠᠯᠭᠠᠲᠠᠨ ᠲᠣᠰ ᠤᠳᠠᠭᠠᠨ ᠤ ᠰᠣᠷᠢᠯᠲᠠ ᠶᠢᠨ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠵᠠᠢ᠃ ᠪᠣᠯᠪᠠᠰᠤᠷᠠᠭᠤᠯᠤᠯ ᠤᠨ ᠬᠤᠷᠠᠯ ᠠᠴᠠ ︽1+9+N︾ ᠠᠵᠢᠯ ᠤᠨ ᠲᠥᠰᠥᠯ ᠵᠢᠴᠢ ᠬᠥᠬᠡ ᠡᠷᠭᠢ ᠪᠠᠯᠭᠠᠰᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠩᠭᠢ ᠳᠤ ᠦᠨᠳᠦᠰᠦᠨ ᠲᠠᠨᠢᠯᠴᠠᠭᠤᠯᠭ᠎ᠠ ᠬᠢᠵᠦ᠂ ᠣᠶᠢᠷ᠎ᠠ ᠶᠢᠨ ᠬᠤᠭᠤᠴᠠᠭᠠᠨ ᠤ ︽1+9+N︾ ︽ᠬᠥᠬᠡᠬᠤᠲᠠ  ᠶᠢᠨ ᠵᠢᠷᠤᠮ ᠤᠨ ᠴᠠᠭᠳᠠᠭ᠎ᠠ︾ ︽ᠵᠠᠭᠤᠨ ᠲᠦᠮᠡᠨ ᠴᠠᠭᠳᠠᠭ᠎ᠠ ᠮᠢᠩᠭᠠᠨ ᠲᠦᠮᠡᠨ ᠡᠷᠦᠬᠡ ᠳᠤ ᠣᠷᠣᠬᠤ︾ ᠠᠵᠢᠯ ᠤᠨ ᠲᠣᠬᠢᠷᠠᠭᠤᠯᠤᠯᠲᠠ ᠬᠢᠵᠡᠢ᠃
     ︽1+9+N︾ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠡᠩᠨᠡᠭᠡ ᠨᠢ ᠤᠯᠠᠨ ᠲᠦᠮᠡᠨ᠂ ᠲᠣᠮᠢᠯᠠᠭᠰᠠᠨ ᠰᠠᠯᠪᠤᠷᠢ ᠪᠣᠯᠣᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠦᠲᠦᠮᠵᠢᠲᠡᠢ ᠬᠤᠯᠪᠣᠬᠤ ᠪᠠᠲᠤ ᠪᠠᠬᠢ ᠬᠥᠭᠦᠷᠭᠡ ᠪᠣᠯᠬᠤ ᠪᠣᠯᠣᠨ᠎ᠠ᠃ ᠦᠴᠦᠸᠠᠨ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠰᠢᠨ᠎ᠡ ᠴᠠᠭ ᠦᠶ᠎ᠡ ᠶᠢᠨ ︽ᠹᠥ᠋ᠩᠴᠢᠶᠤᠤ ᠶᠢᠨ ᠲᠤᠷᠰᠢᠯᠭ᠎ᠠ︾ ᠶᠢ ᠭᠦᠨᠵᠡᠭᠡᠢ ᠦᠢᠯᠡᠳᠦᠯᠭᠡᠵᠢᠭᠦᠯᠵᠦ᠂ ᠪᠣᠳᠠᠲᠠᠢ ᠳᠤ ᠰᠠᠭᠤᠷᠢᠯᠠᠨ ᠤᠯᠠᠨ ᠲᠦᠮᠡᠨ ᠢ ᠲᠠᠶᠢᠴᠢᠯᠠᠵᠤ᠂ ᠤᠯᠠᠨ ᠲᠦᠮᠡᠨ ᠢ ᠵᠣᠬᠢᠶᠠᠨ ᠪᠠᠶᠢᠭᠤᠯᠵᠤ᠂ ᠤᠯᠠᠨ ᠲᠦᠮᠡᠨ ᠳᠤ ᠲᠦᠰᠢᠭᠯᠡᠨ᠂ ︽1+9+N︾ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠰᠢᠨ᠎ᠡ ᠵᠠᠭᠪᠤᠷ ᠢ ᠪᠣᠳᠠᠲᠠᠢ ᠠᠵᠢᠯ ᠲᠠᠢ ᠤᠶᠠᠯᠳᠤᠭᠤᠯᠵᠤ᠂ ᠠᠪᠤᠷᠠᠨ ᠲᠤᠰᠠᠯᠠᠬᠤ᠂ ᠭᠡᠨᠡᠳᠲᠡ ᠶᠢᠨ ᠪᠠᠶᠢᠳᠠᠯ᠂ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠶᠢᠨ ᠴᠤᠤᠷᠢᠶᠠᠲᠤᠨ ᠳᠠᠭᠠᠬᠤ ᠴᠠᠭ ᠢ ᠪᠣᠭᠤᠨᠢᠰᠬᠠᠵᠤ᠂ ᠠᠪᠤᠷᠠᠨ ᠲᠤᠰᠠᠯᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠲᠣᠭᠲᠠᠭᠤᠨ ᠢ ᠬᠠᠮᠠᠭᠠᠯᠠᠨ᠎ᠠ᠃
             ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号